2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠥᠳᠥᠨ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 12᠎ ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠥᠳᠥᠨ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ᠃ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠤᠰ ᠡᠳᠦᠷ ᠠᠴᠠ ᠤᠷᠤᠯᠳᠤᠭᠠᠨ ᠡᠬᠢᠯᠡᠵᠦ 4 ᠰᠠᠷ᠎ᠠ ᠶᠢᠨ 17᠎ ᠤ ᠡᠳᠦᠷ ᠪᠣᠯᠲᠠᠯ᠎ᠠ 6 ᠡᠳᠦᠷ ᠶᠠᠪᠤᠭᠳᠠᠨ᠎ᠠ᠃ 

1.webp.jpg

2.webp.jpg

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠥᠳᠥᠨ

ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠣᠷᠣᠨ ᠤ 37 ᠶᠡᠭᠡ ᠳᠡᠭᠡᠳᠦ ᠰᠤᠷᠭᠠᠭᠤᠯᠢ ᠶᠢᠨ

ᠲᠥᠯᠥᠭᠡᠯᠡᠭᠴᠢᠳ ᠤᠨ ᠠᠩᠭᠢ ᠴᠤᠭᠯᠠᠷᠠᠨ᠂ ᠡᠭᠦᠨ ᠳᠤ ᠵᠢᠩᠬᠢᠨᠢ ᠠᠩᠭᠢ ᠶᠢᠨ ᠳᠤᠭᠤᠶᠢᠯᠠᠩ 16᠂ ᠳᠡᠭᠡᠳᠦ

ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠳᠤᠭᠤᠶᠢᠯᠠᠩ 21᠂ 477

ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠮᠠᠨ ᠤ ᠣᠷᠣᠨ ᠤ ᠤᠶᠤᠲᠠᠳ ᠤᠨ ᠥᠳᠥᠨ ᠪᠥᠮᠪᠦᠭᠡᠨ ᠤ ᠲᠤᠰᠬᠠᠢ

ᠤᠷᠤᠯᠳᠤᠭᠠᠨ ᠤ ᠤᠷᠤᠯᠳᠤᠭᠠᠨ ᠳᠤ ᠣᠷᠣᠯᠴᠠᠭᠰᠠᠨ ᠲᠣᠭᠤᠶᠢᠯᠠᠩ ᠬᠠᠮᠤᠭ ᠤᠨ ᠣᠯᠠᠨ ᠨᠢᠭᠡ ᠤᠳᠠᠭᠠᠨ ᠤ

ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠪᠣᠯᠤᠨ᠎ᠠ᠃ ᠡᠨᠡ ᠤᠳᠠᠭᠠᠨ ᠤ ᠤᠷᠤᠯᠳᠤᠭᠠᠨ ᠢ ᠵᠢᠩᠬᠢᠨᠢ

ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ᠂ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ

ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ

ᠰᠤᠷᠭᠠᠭᠤᠯᠢ ᠶᠢᠨ ᠳᠡᠰ ᠠᠴᠠ ᠳᠠᠪᠠᠭᠰᠠᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ

ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠭᠡᠵᠦ ᠳᠥᠷᠪᠡᠨ ᠳᠤᠭᠤᠶᠢᠯᠠᠩ

ᠬᠤᠪᠢᠶᠠᠨ ᠶᠠᠪᠤᠭᠳᠠᠭᠤᠯᠪᠠ᠃ ᠥᠳᠥᠨ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠥᠷᠥᠯ ᠵᠦᠢᠯ ᠎ ᠳᠤ

ᠡᠷᠡᠭᠲᠡᠢ ᠶᠢᠨ ᠪᠦᠯᠬᠦᠮ ᠤᠨ ᠤᠷᠤᠯᠳᠤᠭᠠᠨ᠂ ᠡᠮᠡᠭᠲᠡᠢ ᠶᠢᠨ ᠪᠦᠯᠬᠦᠮ ᠤᠨ ᠤᠷᠤᠯᠳᠤᠭᠠᠨ᠂ ᠡᠷᠡᠭᠲᠡᠢ ᠶᠢᠨ ᠳᠠᠩ ᠢᠶᠠᠷ

ᠴᠣᠬᠢᠬᠤ ᠤᠷᠤᠯᠳᠤᠭᠠᠨ᠂ ᠡᠮᠡᠭᠲᠡᠢ ᠶᠢᠨ ᠳᠠᠩ ᠢᠶᠠᠷ ᠴᠣᠬᠢᠬᠤ ᠤᠷᠤᠯᠳᠤᠭᠠᠨ᠂ ᠡᠷᠡᠭᠲᠡᠢ ᠶᠢᠨ ᠬᠤᠣᠰᠯᠠᠨ ᠴᠣᠬᠢᠬᠤ

ᠤᠷᠤᠯᠳᠤᠭᠠᠨ᠂ ᠡᠮᠡᠭᠲᠡᠢ ᠶᠢᠨ ᠬᠤᠣᠰᠯᠠᠨ ᠴᠣᠬᠢᠬᠤ ᠤᠷᠤᠯᠳᠤᠭᠠᠨ᠂ ᠬᠤᠯᠢᠮᠠᠭ ᠬᠤᠣᠰᠯᠠᠨ ᠴᠣᠬᠢᠬᠤ ᠤᠷᠤᠯᠳᠤᠭᠠᠨ

ᠵᠡᠷᠭᠡ ᠳᠣᠯᠣᠭᠠᠨ ᠲᠥᠷᠥᠯ ᠤᠨ ᠤᠷᠤᠯᠳᠤᠭᠠᠨ ᠢ ᠲᠣᠬᠢᠷᠠᠭᠤᠯᠪᠠ᠃

   

3.webp.jpg

4.webp.jpg

5.webp.jpg

      ᠡᠨᠡ ᠤᠳᠠᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ ᠡᠨᠡ ᠵᠢᠯ ᠤᠨ ᠠᠩᠬᠠᠳᠠᠭᠴᠢ ᠪᠦᠬᠦ

ᠣᠷᠣᠨ ᠤ ᠤᠶᠤᠲᠠᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠤᠨ᠎ᠠ᠂ ᠨᠡᠷ᠎ᠡ ᠮᠡᠳᠡᠭᠦᠯᠦᠭᠰᠡᠨ ᠠᠩᠭᠢ ᠣᠯᠠᠨ᠂

ᠬᠡᠪᠴᠢᠶ᠎ᠡ ᠶᠡᠭᠡ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠪᠡᠶ᠎ᠡ ᠶᠢᠨ ᠲᠠᠮᠢᠷ ᠤᠨ ︽ᠵᠢᠭᠠᠵᠤ ᠰᠤᠷᠭᠠᠬᠤ᠂ ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ︾ ᠲᠣᠭᠲᠠᠴᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠲᠤ  ᠪᠠᠬᠢ ᠦᠷ᠎ᠡ ᠪᠦᠲᠦᠭᠡᠯ ᠪᠣᠯᠤᠨ᠎ᠠ᠃ ᠡᠭᠦᠨ ᠤ ᠬᠠᠮᠲᠤ᠂ ᠮᠠᠨ ᠤ

ᠣᠷᠣᠨ ᠤ ᠥᠳᠥᠨ ᠪᠥᠮᠪᠦᠭᠡ ᠳᠤ ᠪᠠᠭ᠋ᠠᠲᠠᠢ ᠤᠶᠤᠲᠠᠳ ᠤᠨ ᠰᠣᠯᠢᠯᠴᠠᠵᠤ᠂ ᠠᠳᠠᠯᠢᠳᠬᠠᠵᠤ ᠶᠠᠷᠢᠯᠴᠠᠬᠤ ᠲᠠᠪᠴᠠᠩ ᠢ

ᠪᠠᠶᠢᠭᠤᠯᠵᠤ ᠥᠭᠴᠡᠢ᠃

      ᠤᠷᠤᠯᠳᠤᠭᠠᠨ ᠢ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ

ᠡᠷᠬᠢᠯᠡᠵᠦ᠂ ᠥᠪᠥᠷ ᠮᠣᠩᠭᠤᠯ ᠤᠨ ᠰᠢᠨᠵᠢᠯᠡᠭᠡ  ᠮᠡᠷᠭᠡᠵᠢᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号