ᠪᠦᠷᠢᠨᠳᠦᠶᠠᠭᠠ | | | | | | ᠪᠢ ᠪᠣᠯ ᠨᠢᠭᠡᠨ ᠪᠠᠭ᠎ᠠ ᠰᠤᠷᠭᠠᠭᠤᠯᠢ ᠶᠢᠨ ᠮᠣᠩᠭᠤᠯ ᠬᠡᠯᠡᠨ ᠤ ᠪᠠᠭᠰᠢ ᠶᠤᠮ᠃᠂ ᠯᠢ ᠰᠢ ᠬᠦᠢ ᠪᠠᠭᠰᠢ ᠶᠢᠨ | ︽ᠴᠢᠯᠦᠭᠡᠳᠤ ᠠᠮᠢᠰᠬᠤᠯᠳᠤ ᠰᠤᠷᠭᠠᠨ ᠬᠥᠮᠦᠵᠢᠯ︾ ᠭᠡᠬᠦ ᠨᠣᠮ ᠢ ᠤᠩᠰᠢᠭᠠᠳ ᠶᠡᠭᠡ ᠰᠡᠩᠬᠡᠷᠡᠭᠦᠯᠦᠯ ᠭᠦᠷᠳᠡᠵᠦ᠂ | ᠶᠡᠭᠡ ᠣᠯᠤᠯᠲᠠ ᠲᠠᠢ ᠪᠣᠯᠤᠭᠰᠠᠨ ᠶᠤᠮ᠃ ᠲᠡᠷᠡ ᠨᠤᠮ ᠳᠤ ᠮᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠨᠠᠷ ᠤᠨ ᠳᠡᠷᠭᠡᠳᠡ ᠭᠠᠷᠴᠤ ᠥᠩᠭᠡᠷᠡᠭᠰᠡᠨ ᠶᠠᠪᠤᠳᠠᠯ ᠤᠳ ᠢ ᠶᠠᠷᠢᠵᠤ᠂ ᠬᠡᠯᠡ ᠪᠢᠴᠢᠭ ᠢ ᠵᠢᠭᠠᠬᠤ ᠠᠷᠭ᠎ᠠ᠂ | ᠰᠤᠷᠤᠭᠴᠢᠳ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠪᠠᠭᠰᠢ ᠶᠢ ᠬᠥᠮᠦᠵᠢᠭᠦᠯᠬᠦ ᠠᠷᠭ᠎ᠠ ᠵᠡᠷᠭᠡ | ᠲᠠᠯ᠎ᠠ ᠪᠠᠷ ᠨᠠᠷᠢᠨ ᠨᠢᠮᠪᠠᠢ ᠶᠠᠷᠢᠭᠰᠠᠨ ᠪᠠᠶᠢᠳᠠᠭ᠃ | ᠨᠢᠭᠡ᠂ ᠮᠢᠨᠦ ᠨᠢᠳᠤᠨ ᠳᠠᠬᠢ ᠰᠤᠷᠭᠠᠨ ᠬᠥᠮᠦᠵᠢᠯ | ᠯᠢ ᠰᠢ ᠬᠦᠶ ᠪᠠᠭᠰᠢ᠄ ︽ᠰᠤᠷᠭᠠᠨ ᠬᠥᠮᠦᠵᠢᠯ ᠪᠣᠯ ᠶᠡᠷᠦ ᠠᠴᠠ ᠪᠠᠨ ᠳᠥᠭᠦᠮᠬᠡᠨ ᠪᠠᠶᠢᠳᠠᠭ᠂ | ᠰᠤᠷᠭᠠᠭᠤᠯᠢ ᠶᠢᠨ ᠬᠦᠷᠢᠶᠡᠨ ᠳᠤ ᠠᠷᠠᠳᠴᠢᠯᠠᠯ ᠲᠠᠢ᠂ ᠡᠷᠬᠡ ᠲᠡᠭᠰᠢ ᠠᠭᠤᠷ ᠠᠮᠢᠰᠬᠤᠯ ᠢ ᠪᠢᠯᠬᠠᠭᠤᠯᠵᠤ᠂ ᠪᠠᠭᠰᠢ᠂ | ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠳᠤ ᠴᠢᠯᠥᠭᠡᠲᠡᠶ ᠠᠮᠢᠰᠬᠤᠭᠤᠯᠤᠨ᠎ᠠ︾ ᠬᠡᠵᠦ ᠪᠢᠴᠢᠭᠰᠡᠨ ᠪᠠᠶᠢᠳᠠᠭ᠃ | ᠤᠯᠠᠨ ᠤ ᠮᠡᠳᠡᠭᠡᠵᠢ ᠪᠠᠷ᠂ ᠰᠤᠷᠭᠠᠨ ᠬᠥᠮᠦᠵᠢᠯ ᠨᠢ ᠦᠨᠡᠨ ᠳᠤ ᠪᠠᠨ ᠭᠡᠷ ᠤᠨ ᠬᠥᠮᠦᠵᠢᠯ᠂ ᠰᠤᠷᠭᠠᠭᠤᠯᠢ ᠶᠢᠨ | ᠬᠥᠮᠦᠵᠢᠯ᠂ ᠨᠡᠶᠢᠭᠡᠮ ᠤᠨ ᠬᠥᠮᠦᠵᠢᠯ᠂ ᠥᠪᠡᠷ ᠤᠨ ᠬᠥᠮᠦᠵᠢᠯ ᠵᠡᠷᠭᠡ ᠳᠦᠷᠪᠡᠨ ᠬᠡᠰᠡᠭ ᠢᠶᠠᠷ ᠪᠦᠷᠢᠯᠳᠦᠳᠡᠭ᠂ ᠡᠨᠡ ᠭᠦ | ᠳᠦᠷᠪᠡᠨ ᠬᠡᠰᠡᠭ ᠤᠨ ᠭᠡᠰᠡᠭ ᠪᠦᠷᠢ ᠨᠢ ᠬᠡᠦᠬᠡᠳ ᠤᠨ ᠡᠷᠡᠭᠦᠯ ᠰᠠᠷᠠᠭᠤᠯ ᠦᠰᠦᠨ ᠪᠦᠢᠵᠢᠯᠳᠠ ᠳᠤ ᠭᠦᠨ ᠭᠦᠨᠵᠡᠭᠡᠶ | ᠨᠥᠯᠥᠭᠡ ᠦᠵᠡᠭᠦᠯᠳᠡᠭ᠃ ᠲᠠᠷᠠ ᠨᠢ ᠬᠠᠷᠢᠯᠴᠠᠨ ᠤᠶᠠᠯᠳᠤᠵᠦ᠂ ᠬᠠᠷᠢᠯᠴᠠᠨ ᠤᠶᠢᠯᠡᠴᠢᠯᠡᠪᠡᠯ ᠰᠠᠶ᠋ᠢ ᠢᠷᠡᠭᠡᠳᠦᠶ ᠶᠢᠨ | ᠬᠡᠷᠡᠭᠴᠡᠭᠡᠨ ᠳᠤ ᠳᠣᠭᠢᠷᠬᠠᠰᠠᠨ ᠴᠢᠳᠠᠪᠤᠷᠢᠲᠠᠨ ᠢ ᠬᠥᠮᠦᠵᠢᠭᠦᠯᠵᠦ ᠴᠢᠳᠠᠳᠠᠭ᠃ | 1. ᠭᠡᠷ ᠤᠨ ᠬᠥᠮᠦᠵᠢᠯ | ᠭᠡᠷ ᠤᠨ ᠬᠥᠮᠦᠵᠢᠯ ᠪᠣᠯ ᠬᠡᠦᠬᠡᠳ ᠤᠨ ᠬᠠᠶᠢᠷ᠎ᠠ ᠰᠡᠳᠬᠢᠯᠭᠡ ᠂ ᠵᠠᠩ ᠠᠭᠠᠰᠢ ᠶᠢ ᠬᠥᠮᠦᠵᠢᠭᠦᠯᠬᠦ ᠵᠠᠩᠭᠢᠯᠠᠭ᠎ᠠ | ᠮᠥᠨ᠃ ᠯᠢ ᠰᠢ ᠬᠦᠶ ᠪᠠᠭᠰᠢ᠄ ︽ᠰᠠᠶᠢᠨ ᠰᠠᠶᠢᠬᠠᠨ ᠬᠥᠮᠦᠨᠴᠢ ᠴᠢᠨᠠᠷ ᠢ ᠪᠣᠶ ᠪᠣᠯᠭᠠᠬᠤ ᠳᠤ ᠤᠨᠴᠠᠭᠠᠢ ᠰᠤᠷᠭᠠᠨ | ᠬᠥᠮᠦᠵᠢᠯ ᠤᠨ ᠠᠷᠭ᠎ᠠ ᠪᠠᠷᠢᠯ ᠬᠡᠷᠡᠭ ᠥᠬᠡᠶ᠂ ᠡᠶ᠎ᠡ ᠨᠠᠶᠢᠷᠲᠠᠶ ᠠᠭᠤᠷ ᠠᠮᠢᠰᠬᠤᠯ᠂ ᠡᠶ᠎ᠡ ᠵᠣᠬᠢᠴᠠᠯ ᠲᠠᠢ ᠬᠥᠮᠦᠨ ᠤ | ᠬᠤᠭᠤᠷᠣᠨᠳᠣᠬᠢ ᠬᠠᠷᠢᠴᠠᠭ᠎ᠠ᠂ ᠲᠤᠮᠤ ᠭᠦᠮᠤᠰ ᠤᠨ ᠴᠠᠶᠢᠯᠭᠠᠨ ᠰᠡᠳᠬᠢᠯ᠂ ᠠᠷᠠᠳᠴᠢᠯᠠᠯ᠂ ᠠᠭᠤᠳᠠᠮᠴᠢ ᠰᠡᠳᠬᠢᠯ᠂ | ᠥᠷᠥᠰᠢᠶᠡᠯ ᠬᠠᠶᠢᠷ᠎ᠠ ᠵᠡᠷᠭᠡ ᠨᠢ ᠰᠠᠶᠢᠨ ᠰᠠᠶᠢᠬᠠᠨ ᠬᠥᠮᠦᠨᠴᠢ ᠴᠢᠨᠠᠷ ᠤᠨ ᠦᠰᠦᠨ ᠪᠤᠶᠢᠵᠢᠯᠲᠠ ᠶᠢᠨ ᠬᠠᠮᠤᠭ ᠤᠨ | ᠲᠣᠬᠢᠷᠠᠮᠵᠢᠲᠠᠶ ᠬᠥᠷᠥᠰᠥ ᠰᠢᠷᠣᠶ ᠮᠥᠨ᠃ ᠲᠡᠳᠡᠭᠡᠷ ᠢ ᠠᠯᠳᠠᠪᠠᠯ ᠶᠠᠮᠠᠷᠪᠠ ᠰᠤᠷᠭᠠᠨ ᠬᠥᠮᠦᠵᠢᠯ ᠴᠥᠮ ᠲᠠᠯᠠᠭᠠᠷ | ᠪᠣᠯᠤᠨ᠎ᠠ︾ ᠭᠡᠵᠦ ᠬᠡᠯᠡᠭᠰᠡᠨ ᠪᠠᠶᠢᠳᠠᠭ᠃ ᠵᠦᠢ ᠵᠣᠬᠢᠰᠲᠠᠶ ᠬᠡᠷ ᠤᠨ ᠬᠥᠮᠦᠵᠢᠯ ᠨᠢ ᠭᠡᠤᠬᠡᠳ ᠢ ᠢᠲᠡᠭᠡᠯ ᠲᠠᠢ᠂ | ᠪᠡᠶ᠎ᠡ ᠪᠠᠨ ᠳᠠᠭᠠᠭᠠᠬᠤ ᠥᠪᠡᠷᠮᠢᠴᠡ ᠵᠠᠩ ᠠᠷᠠᠨᠰᠢᠨ ᠲᠠᠢ ᠪᠣᠯᠭᠠᠵᠤ ᠴᠢᠳᠠᠨ᠎ᠠ᠃ ᠭᠡᠷ ᠤᠨ ᠬᠥᠮᠦᠵᠢᠯ ᠳᠤᠲᠠᠭᠳᠠᠪᠠᠯ | ᠬᠡᠦᠬᠡᠳ ᠤᠨ ᠵᠠᠩ ᠴᠢᠨᠠᠷ ᠢ ᠦᠬᠡᠨᠴᠡ ᠲᠤᠷᠤᠢ ᠪᠣᠯᠭᠠᠬᠤ ᠪᠤᠶᠤ ᠤᠮᠤᠷᠬᠠᠭ ᠪᠠᠷᠳᠠᠮ ᠪᠤᠯᠭᠠᠵᠦ ᠮᠡᠳᠡᠬᠦ | ᠶᠤᠮ᠃ ᠭᠡᠷ ᠤᠨ ᠠᠬᠠᠮᠠᠳ ᠬᠡᠤᠬᠡᠳ ᠢ ᠬᠡᠲᠦᠷᠬᠡᠶ ᠡᠩᠬᠦᠷᠡᠶᠢᠯᠡᠨ ᠬᠠᠶᠢᠷᠠᠯᠠᠪᠠᠯ ᠬᠡᠦᠬᠡᠳ ᠢᠶᠠᠨ ᠠᠮᠢᠨᠴᠢᠷ ᠪᠣᠯᠭᠠᠵᠤ᠂ | ᠶᠠᠮᠠᠷ ᠴᠤ ᠰᠠᠯᠬᠢ ᠪᠣᠷᠣᠭᠠᠨ ᠳᠤ ᠴᠣᠬᠢᠭᠳᠠᠬᠤ ᠶᠢ ᠲᠠᠭᠠᠭᠠᠵᠦ ᠴᠢᠳᠠᠬᠤ ᠦᠭᠡᠢ ᠪᠣᠯᠭᠠᠳᠠᠭ ᠮᠦᠷᠳᠡᠭᠡᠨ ᠬᠠᠷᠢᠨ | ᠪᠤᠰᠤᠳ ᠢᠶᠠᠷ ᠬᠠᠶᠢᠷᠠᠯᠠᠭᠤᠯᠬᠤ ᠶᠢ ᠮᠡᠳᠡᠬᠡᠳ᠂ ᠪᠤᠰᠤᠳ ᠢ ᠬᠠᠶᠢᠷᠠᠯᠠᠬᠤ ᠰᠡᠳᠬᠢᠯ ᠦᠬᠡᠢ ᠪᠤᠯᠳᠠᠭ᠃ ᠭᠡᠷ ᠤᠨ | ᠠᠬᠠᠮᠠᠳ ᠬᠡᠦᠬᠡᠳ ᠢᠶᠠᠨ ᠭᠡᠷ ᠤᠨ ᠠᠵᠢᠯ ᠬᠢᠯᠭᠡᠬᠦ ᠦᠭᠡᠢ᠂ ᠶᠠᠮᠠᠷ ᠴᠤ ᠬᠥᠳᠡᠯᠮᠦᠷᠢ ᠳᠤ ᠣᠷᠣᠯᠴᠠᠭᠤᠯᠬᠤ ᠦᠭᠡᠢ | ᠪᠣᠯ ᠬᠡᠦᠬᠡᠳ ᠪᠡᠶ᠎ᠡ ᠪᠠᠨ ᠳᠠᠭᠠᠭᠠᠬᠤ ᠴᠢᠳᠠᠪᠤᠷᠢ ᠦᠬᠡᠢ ᠪᠤᠯᠤᠨ᠎ᠠ᠃ ᠬᠡᠦᠬᠡᠳ ᠤᠨ ᠰᠤᠷᠤᠯᠭ᠎ᠠ ᠶᠢ ᠬᠡᠲᠦᠷᠬᠡᠶ | ᠴᠢᠬᠤᠯᠠᠴᠢᠯᠠᠪᠠᠯ ᠰᠤᠷᠤᠯᠭ᠎ᠠ ᠶᠢᠨ ᠳᠠᠷᠤᠭᠠᠰᠤ ᠨᠢ ᠲᠡᠭᠦᠨ ᠤ ᠳᠠᠭᠠᠭᠠᠵᠤ ᠳᠡᠶᠢᠯᠬᠦ ᠴᠢᠳᠠᠪᠤᠷᠢ ᠠᠴᠠ ᠬᠡᠲᠦᠷᠡᠭᠰᠡᠨ | ᠦᠶ᠎ᠡ ᠳᠤ ᠬᠡᠦᠬᠡᠳ ᠰᠤᠷᠤᠯᠭ᠎ᠠ ᠳᠤ ᠳᠤᠷ᠎ᠠ ᠦᠭᠡᠶᠢᠴᠡᠳᠡᠭ᠃ ᠭᠡᠷ ᠤᠨ ᠠᠬᠠᠮᠠᠳ ᠬᠡᠦᠬᠡᠳ ᠤᠨ ᠢᠶᠠᠨ ᠡᠳ᠋ | ᠪᠣᠳᠠᠰ ᠤᠨ ᠬᠦᠰᠡᠯ ᠢ ᠬᠡᠲᠦᠷᠬᠡᠶ ᠬᠠᠩᠭᠠᠪᠠᠯ ᠶᠡᠭᠡ ᠬᠡᠮᠵᠢᠶᠡᠨ ᠤ ᠵᠣᠭᠤᠰ ᠵᠠᠷᠤᠳᠠᠭ ᠬᠥᠮᠦᠨ ᠪᠣᠯᠳᠠᠭ᠃ ᠬᠡᠦᠬᠡᠳ | ᠬᠠᠷᠠᠬᠠᠨ ᠪᠠᠭ᠎ᠠ ᠠᠴᠠ ᠪᠠᠨ ᠠᠪᠤ ᠡᠵᠢ ᠶᠢᠨ ᠢᠶᠠᠨ ᠬᠠᠶᠢᠷ᠎ᠠ ᠬᠠᠯᠠᠮᠵᠢ ᠶᠢ ᠬᠦᠷᠲᠡᠵᠦ ᠴᠢᠳᠠᠭᠰᠠᠨ ᠦᠭᠡᠢ ᠪᠣᠯ | ᠬᠠᠶᠢᠷ᠎ᠠ ᠨᠠᠶᠢᠷ ᠦᠭᠡᠢ ᠬᠥᠮᠦᠨ ᠪᠣᠯᠤᠨ᠎ᠠ᠃ ᠬᠡᠦᠬᠡᠳ ᠢ ᠬᠡᠲᠦᠷᠬᠡᠶ ᠬᠠᠶᠢᠷᠠᠯᠠᠵᠤ ᠪᠣᠯᠬᠤ ᠦᠭᠡᠢ᠂ ᠨᠡᠩ ᠴᠤ | ᠬᠠᠶᠢᠷ᠎ᠠ ᠪᠠᠷ ᠲᠤᠳᠠᠭᠤᠯᠵᠦ ᠪᠣᠯᠬᠤ ᠦᠭᠡᠢ᠂ | 2. ᠰᠤᠷᠭᠠᠭᠤᠯᠢ ᠶᠢᠨ ᠬᠥᠮᠦᠵᠢᠯ | ᠮᠡᠳᠡᠯᠭᠡ ᠶᠢᠨ ᠬᠥᠮᠦᠵᠢᠯ ᠢ ᠭᠤᠣᠯᠳᠠᠭᠤ ᠰᠤᠷᠭᠠᠭᠤᠯᠢ ᠠᠴᠠ ᠪᠡᠶᠡᠯᠡᠭᠦᠯᠳᠡᠭ᠂ ᠰᠤᠷᠭᠠᠭᠤᠯᠢ ᠶᠢᠨ | ᠮᠡᠳᠡᠯᠭᠡ ᠶᠢᠨ ᠬᠥᠮᠦᠵᠢᠯ ᠪᠣᠯ ᠰᠢᠨᠵᠢᠯᠡᠭᠡᠨ ᠤ ᠰᠠᠯᠠᠭ᠎ᠠ ᠶᠢ ᠴᠢᠩᠭ᠎ᠠ ᠵᠢᠷᠤᠮᠯᠠᠨ ᠠᠩᠭᠢᠯᠠᠭᠰᠠᠨ ᠬᠡᠰᠡᠭᠴᠢᠯᠡᠭᠰᠡᠨ | ᠮᠡᠳᠡᠯᠭᠡ ᠪᠣᠯᠤᠨ᠎ᠠ᠃ ᠰᠣᠷᠣᠭᠰᠠᠨ ᠮᠡᠳᠡᠯᠭᠡ ᠪᠣᠯ ᠬᠠᠷᠢᠯᠴᠠᠨ ᠠᠭᠤᠰᠤᠯᠴᠠᠭᠰᠠᠨ ᠪᠦᠬᠦᠯᠢ ᠴᠣᠭᠴᠠ ᠶᠢᠨ ᠮᠡᠳᠡᠯᠭᠡ | ᠪᠢᠰᠢ᠃ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠡᠳᠦ᠋ᠢᠪᠡᠷ ᠬᠡᠪ ᠴᠢᠨᠠᠷ ᠤᠨ ᠰᠤᠷᠭᠠᠨ ᠬᠥᠮᠦᠵᠢᠯ ᠢ | ᠴᠢᠬᠤᠯᠠᠴᠢᠯᠠᠳᠠᠭ ᠪᠣᠯᠪᠠᠴᠤ ᠶᠡᠷᠦᠩᠬᠡᠶ ᠳᠤ ᠪᠠᠨ ᠪᠠᠭ᠎ᠠ ᠰᠤᠷᠭᠠᠭᠤᠯᠢ ᠠᠴᠠ ᠡᠬᠢᠯᠡᠨ ᠮᠡᠳᠡᠯᠭᠡ ᠤᠯᠠᠮᠵᠢᠯᠠᠬᠤ ᠪᠠᠷ | ᠭᠤᠣᠯ ᠪᠣᠯᠭᠠᠵᠤ᠂ ᠰᠢᠯᠭᠠᠯᠲᠠ ᠶᠢᠨ ᠰᠤᠷᠭᠠᠨ ᠬᠥᠮᠦᠵᠢᠯ ᠢ ᠴᠢᠬᠤᠯᠠᠴᠢᠯᠠᠳᠠᠭ᠃ ᠰᠤᠷᠭᠠᠭᠤᠯᠢ ᠶᠢᠨ ᠰᠤᠷᠭᠠᠨ | ᠬᠥᠮᠦᠵᠢᠯ ᠳᠤ ᠯᠢ ᠰᠢ ᠭᠦᠢ ᠪᠠᠭᠰᠢ᠄ ︽ᠰᠤᠷᠤᠭᠴᠢᠳ ᠢ ᠢᠯᠡᠭᠦᠦ ᠰᠠᠶᠢᠰᠢᠶᠡᠵᠦ᠂ ᠲᠤᠳᠠᠭᠤ ᠰᠢᠭᠦᠮᠵᠢᠯᠡᠭᠦ︾ ᠶᠢ | ᠪᠠᠷᠢᠮᠳᠠᠯᠠᠬᠤ ᠬᠡᠷᠡᠭᠲᠡᠶ᠃ ᠢᠯᠠᠩᠭᠤᠶ᠎ᠠ ᠦᠰᠦᠨ ᠪᠤᠶᠢᠵᠢᠵᠤ ᠪᠠᠶᠢᠭ᠎ᠠ ᠳᠤᠮᠳᠠᠳᠤ᠂ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠶᠠᠮᠠᠷ ᠨᠢᠭᠡᠨ ᠪᠠᠭᠰᠢ ᠠᠴᠠ ᠪᠠᠨ ᠤᠯᠤᠭᠰᠠᠨ ᠶᠠᠪ ᠴᠠᠪ ᠳᠣᠭᠢᠷᠬᠠᠰᠠᠨ ᠮᠠᠭᠲᠠᠭᠠᠯ ᠰᠠᠶᠢᠰᠢᠶᠠᠯ ᠨᠢ | ᠲᠡᠭᠦᠨ ᠤ ᠠᠮᠢᠳᠤᠷᠠᠯ ᠳᠤ ᠮᠠᠷᠲᠠᠭᠳᠠᠰᠢ ᠦᠭᠡᠢ ᠴᠢᠬᠤᠯᠠ ᠶᠡᠭᠡ ᠨᠥᠯᠥᠭᠡ ᠭᠠᠷᠭᠠᠵᠦ ᠮᠡᠳᠡᠨ᠎ᠡ᠃ ᠭᠡᠪᠡᠴᠦ ᠬᠡᠲᠦᠷᠬᠡᠶ | ᠮᠠᠭᠲᠠᠪᠠᠯ ᠪᠠᠰᠠ ᠡᠰᠡᠷᠭᠦ ᠦᠢᠯᠡᠳᠦᠯ ᠭᠠᠷᠭᠠᠨ᠎ᠠ᠃ ᠣᠳᠣᠬᠠᠨ ᠳᠤ ᠬᠡᠦᠬᠡᠳ ᠢ ᠶᠡᠭᠡ ᠪᠠᠷ ᠨᠦᠯᠦᠬᠡᠯᠡᠵᠦ ᠪᠠᠶᠢᠭ᠎ᠠ ᠨᠢ᠂ | ᠪᠠᠭᠰᠢ ᠨᠠᠷ ᠶᠠᠮᠠᠷ ᠴᠤ ᠳᠦᠷᠢᠮ ᠭᠤᠷᠢᠮ ᠦᠭᠡᠢ᠂ ᠶᠠᠮᠠᠷ ᠴᠤ ᠦᠨᠳᠦᠰᠦ ᠪᠠᠷᠢᠮᠲᠠ ᠦᠭᠡᠢ ᠪᠠᠷ ᠰᠤᠷᠤᠭᠴᠢᠳ ᠢ | ᠮᠠᠭᠲᠠᠵᠤ᠂ ᠰᠤᠷᠤᠭᠴᠢᠳ ᠢ ᠪᠠᠭᠰᠢ ᠶᠢᠨ ᠢᠶᠠᠨ ᠮᠠᠭᠲᠠᠬᠤ ᠶᠢ ᠢᠲᠡᠭᠡᠬᠦ ᠦᠭᠡᠢ ᠪᠣᠯᠭᠠᠵᠤ᠂ ᠪᠠᠭᠰᠢ ᠨᠢ ᠲᠡᠳᠡᠨ ᠢ | ︽ᠮᠡᠬᠡᠯᠡᠵᠦ ᠪᠠᠶᠢᠨ᠎ᠠ︾ ᠬᠡᠰᠡᠨ ᠪᠤᠳᠤᠯ ᠲᠦᠷᠦᠭᠳᠡᠭᠦᠯᠳᠡᠭ ᠪᠠᠶᠢᠨ᠎ᠠ᠃ ᠦᠨᠡᠨ ᠳᠤ ᠪᠠᠨ ᠰᠤᠷᠤᠭᠴᠢᠳ ᠤᠨ ᠡᠯ᠎ᠡ | ᠵᠦᠢᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢ ᠪᠦᠷᠢᠮᠦᠰᠦᠨ ᠨᠣᠮᠯᠠᠯ ᠢᠶᠠᠷ ᠬᠥᠮᠦᠵᠢᠭᠦᠯᠵᠦ ᠭᠠᠷᠭᠠᠭᠰᠠᠨ ᠪᠢᠰᠢ᠂ | ᠨᠡᠩ ᠴᠢᠬᠤᠯᠠ ᠨᠢ ᠪᠠᠭᠰᠢ ᠪᠠᠨ ᠳᠠᠭᠤᠷᠢᠶᠠᠬᠤ ᠪᠤᠶᠤ ᠲᠡᠭᠦᠨ ᠤ ᠰᠢᠳᠦᠨ ᠪᠢᠰᠢᠷᠡᠳᠡᠭ ᠬᠥᠮᠦᠨ ᠢ ᠳᠠᠭᠤᠷᠢᠶᠠᠵᠤ | ᠠᠭᠠᠵᠢᠮ ᠢᠶᠠᠷ ᠪᠦᠷᠢᠯᠳᠦᠭᠦᠯᠦᠭᠰᠡᠨ ᠶᠤᠮ᠃ ᠡᠶᠢᠮᠦ ᠠᠴᠠ ᠰᠤᠷᠭᠠᠭᠤᠯᠢ ᠳᠤ ᠰᠤᠷᠤᠭᠴᠢᠳ ᠢ ᠬᠥᠮᠦᠵᠢᠭᠦᠯᠬᠦ ᠰᠠᠶᠢᠨ | ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠶ ᠪᠣᠯᠭᠠᠬᠤ ᠨᠢ ᠲᠦᠢᠯ ᠤᠨ ᠴᠢᠬᠤᠯᠠ ᠶᠤᠮ᠃ ᠣᠷᠴᠢᠨ | ᠲᠣᠭᠤᠷᠢᠨ ᠪᠣᠯ ᠰᠠᠶ᠋ᠢ ᠵᠢᠩᠬᠢᠨᠢ ᠬᠥᠮᠦᠨ ᠢ ᠬᠥᠮᠦᠵᠢᠭᠦᠯᠬᠦ ᠪᠤᠳᠤᠭ ᠤᠨ ᠰᠠᠪᠠ ᠮᠥᠨ᠃ ᠬᠥᠮᠦᠨ ᠢ | ᠬᠥᠮᠦᠵᠢᠭᠦᠯᠬᠦ ᠳᠤ ᠠᠪᠴᠤ ᠬᠡᠯᠡᠪᠡᠯ ᠭᠡᠷ ᠪᠦᠯᠢ ᠶᠢᠨ ᠣᠷᠴᠢᠨ ᠲᠣᠭᠤᠷᠢᠨ᠂ ᠰᠤᠷᠭᠠᠭᠤᠯᠢ ᠶᠢᠨ ᠣᠷᠴᠢᠨ ᠲᠣᠭᠤᠷᠢᠨ᠂ | ᠨᠡᠶᠢᠭᠡᠮ ᠤᠨ ᠣᠷᠴᠢᠨ ᠲᠣᠭᠤᠷᠢᠨ ᠪᠦᠷ ᠮᠠᠰᠢ ᠴᠢᠬᠤᠯᠠ ᠪᠠᠶᠢᠳᠠᠭ᠂ ᠬᠡᠷᠪᠡ ᠶᠠᠮᠠᠷ ᠨᠢᠭᠡᠨ ᠬᠡᠰᠡᠭ ᠲᠤ ᠠᠰᠠᠭᠤᠳᠠᠯ | ᠭᠠᠷᠪᠠᠯ ᠬᠥᠮᠦᠨ ᠤ ᠦᠵᠡᠯ ᠰᠠᠨᠠᠭ᠎ᠠ᠂ ᠦᠢᠯᠡ ᠠᠵᠢᠯᠯᠠᠭ᠎ᠠ ᠳᠤ ᠭᠦᠨ ᠭᠦᠨᠵᠡᠭᠡᠶ ᠨᠥᠯᠥᠭᠡ ᠦᠵᠡᠭᠦᠯᠬᠦ ᠪᠣᠯᠤᠨ᠎ᠠ᠃ | 3. ᠨᠡᠶᠢᠭᠡᠮ ᠤᠨ ᠬᠥᠮᠦᠵᠢᠯ | ᠨᠢᠭᠡ ᠨᠡᠶᠢᠭᠡᠮ ᠤᠨ ᠪᠦᠬᠦᠯᠢ ᠴᠣᠭᠴᠠ ᠨᠢ ᠰᠠᠶᠢᠨ ᠪᠣᠯ ᠲᠡᠭᠦᠨ ᠤ ᠪᠦᠭᠦᠢ ᠯᠡ ᠠᠷᠠᠳ ᠢᠷᠭᠡᠳ ᠤᠨ ᠬᠡᠪ | ᠴᠢᠨᠠᠷ ᠨᠢ ᠳᠠᠷᠤᠶ ᠨᠡᠯᠢᠶᠡᠳ ᠰᠠᠶᠢᠨ ᠭᠡᠳᠡᠭ ᠢ ᠪᠢᠳᠡ ᠪᠦᠷ ᠮᠡᠳᠡᠨ᠎ᠡ᠃ ᠢᠤᠢ ᠮᠢᠨ ᠬᠤᠩ ᠬᠡᠯᠡᠬᠦ ᠳᠤ | ᠪᠠᠨ᠄ ︽ᠪᠦᠭᠦᠢ ᠯᠡ ᠨᠡᠶᠢᠭᠡᠮ ᠤᠨ ᠰᠢᠰᠲ᠋ᠧᠮ ᠪᠣᠯ ᠬᠥᠮᠦᠰ ᠢ ᠰᠤᠷᠭᠠᠨ ᠬᠥᠮᠦᠵᠢᠭᠦᠯᠬᠦ ᠨᠢᠭᠡᠨ ᠶᠡᠭᠡ ᠪᠤᠳᠤᠭ ᠤᠨ | ᠭᠠᠩ ᠮᠥᠨ᠃ ᠡᠨᠡ ᠪᠤᠳᠤᠭ ᠤᠨ ᠭᠠᠩ ᠳᠤ ᠲᠠᠯᠪᠢᠭᠰᠠᠨ ᠤ ᠳᠠᠷᠠᠭ᠎ᠠ᠂ ᠬᠡᠷᠪᠡ ᠲᠡᠭᠦᠨ ᠤ ᠪᠦᠭᠦᠢ ᠯᠡ ᠪᠤᠳᠤᠭ ᠤᠨ | ᠭᠠᠩ ᠨᠢ ᠨᠣᠭᠤᠭᠠᠨ ᠦᠩᠭᠡ ᠲᠠᠢ ᠪᠤᠯ ᠴᠢ ᠨᠣᠭᠤᠭᠠᠨ ᠦᠩᠭᠡ ᠲᠠᠢ᠃ ᠬᠡᠷᠪᠡ ᠤᠯᠠᠭᠠᠨ ᠦᠩᠭᠡ ᠲᠠᠢ ᠪᠤᠯ ᠴᠢ | ᠤᠯᠠᠭᠠᠨ ᠦᠩᠭᠡ ᠲᠠᠢ᠃ ᠠᠯᠢᠪᠠ ᠰᠤᠷᠭᠠᠨ ᠬᠥᠮᠦᠵᠢᠯ ᠤᠨ ᠰᠢᠰᠲ᠋ᠧᠮ ᠨᠢ ᠪᠦᠷ ᠨᠡᠶᠢᠭᠡᠮ ᠤᠨ ᠪᠠᠶᠢᠭᠤᠯᠤᠯ ᠳᠤ | ᠰᠠᠭᠤᠷᠢᠯᠠᠳᠠᠭ ᠶᠤᠮ᠃ ᠨᠡᠶᠢᠭᠡᠮ ᠤᠨ ᠪᠠᠶᠢᠭᠤᠯᠤᠯ ᠤᠨ ᠰᠠᠶᠢᠨ ᠮᠠᠭᠤ ᠨᠢ ᠦᠨᠡᠨ ᠳᠤ ᠪᠠᠨ ᠮᠠᠨ ᠤ ᠪᠦᠭᠦᠢ ᠯᠡ | ᠰᠤᠷᠭᠠᠨ ᠬᠥᠮᠦᠵᠢᠯ ᠤᠨ ᠰᠢᠰᠲ᠋ᠧᠮ ᠶᠠᠮᠠᠷ ᠶᠠᠩᠵᠤ ᠶᠢᠨ ᠰᠠᠭᠤᠷᠢ ᠳᠡᠭᠡᠷ᠎ᠡ ᠣᠷᠣᠰᠢᠵᠤ ᠪᠠᠶᠢᠬᠤ ᠶᠢ ᠲᠣᠭᠲᠠᠭᠠᠳᠠᠭ | ᠶᠤᠮ᠃ ᠬᠡᠷᠪᠡ ᠨᠡᠶᠢᠭᠡᠮ ᠨᠢ ᠪᠠᠭᠲᠠᠭᠠᠮᠵᠢᠲᠠᠢ᠂ ᠡᠶ᠎ᠡ ᠵᠣᠬᠢᠴᠠᠩᠭᠤᠢ᠂ ᠡᠷᠬᠡ ᠲᠡᠭᠰᠢ ᠶᠤᠮ ᠪᠣᠯ ᠬᠥᠮᠦᠨ ᠪᠦᠬᠦᠨ | ᠮᠠᠰᠢ ᠴᠠᠶᠢᠯᠭᠠᠨ ᠰᠡᠳᠬᠢᠯ ᠲᠠᠢ᠂ ᠮᠠᠰᠢ ᠡᠶ᠎ᠡ ᠨᠠᠶᠢᠷᠰᠠᠭ ᠪᠣᠯᠤᠨ᠎ᠠ᠃ | 4. ᠥᠪᠡᠷ ᠢ ᠪᠠᠨ ᠬᠥᠮᠦᠵᠢᠭᠦᠯᠬᠦ | ᠹᠷᠠᠨᠼᠢ ᠶᠢᠨ ᠠᠯᠳᠠᠷᠲᠤ ᠰᠤᠷᠭᠠᠨ ᠬᠦᠮᠦᠵᠢᠯᠳᠡᠨ ᠯᠦ ᠵᠢᠶᠦ᠋ᠨ ᠬᠡᠯᠡᠬᠦ ᠳᠤ ᠪᠠᠨ᠄ ︽ᠭᠤᠷᠪᠠᠨ ᠵᠦᠢᠯ ᠤᠨ | ᠰᠤᠷᠭᠠᠨ ᠬᠥᠮᠦᠵᠢᠭᠦᠯᠬᠦ ᠠᠷᠭ᠎ᠠ ᠨᠢ ᠬᠡᠦᠬᠡᠳ ᠲᠤ ᠮᠠᠭᠤ ᠨᠥᠯᠥᠭᠡ ᠠᠪᠴᠢᠷᠠᠨ᠎ᠠ᠂ ᠲᠡᠳᠡᠭᠡᠷ ᠨᠢ ︿ᠶᠤᠰᠤ | ᠶᠠᠷᠢᠬᠤ᠂ ᠠᠭᠤᠷᠯᠠᠬᠤ᠂ ᠵᠣᠷᠢᠭᠤᠳᠠ ᠰᠡᠳᠬᠢᠯ ᠬᠥᠳᠡᠯᠬᠦ﹀︾ ᠪᠣᠯᠤᠨ᠎ᠠ᠃ ᠦᠨᠡᠨ ᠳᠤ ᠪᠠᠨ ᠰᠤᠷᠭᠠᠨ | ᠬᠥᠮᠦᠵᠢᠯ ᠤᠨ ᠬᠠᠮᠤᠭ ᠤᠨ ᠳᠡᠭᠡᠳᠦ ᠬᠡᠮᠵᠢᠶ᠎ᠡ ᠪᠣᠯ ᠬᠡᠦᠬᠡᠳ ᠢ ᠥᠪᠡᠷ ᠢ ᠪᠠᠨ ᠬᠥᠮᠦᠵᠢᠭᠦᠯᠬᠦ ᠶᠢ ᠰᠤᠷᠭᠠᠬᠤ ᠳᠤ | ᠣᠷᠣᠰᠢᠨ᠎ᠠ᠃ ᠰᠦᠬᠤᠮᠯᠢᠨ᠋ᠰᠺᠢ ᠬᠡᠯᠡᠬᠦ ᠳᠤ ᠪᠠᠨ᠄ ︽ᠭᠠᠭᠴᠠ ᠬᠦ ᠰᠤᠷᠤᠭᠴᠢᠳ ᠤᠨ ᠥᠪᠡᠷ ᠢ ᠪᠠᠨ ᠬᠥᠮᠦᠵᠢᠭᠦᠯᠬᠦ | ᠬᠥᠮᠦᠵᠢᠯ ᠬᠢᠬᠦ ᠶᠢ ᠤᠷᠮᠠᠰᠢᠭᠤᠯᠵᠤ ᠴᠢᠳᠠᠪᠠᠯ ᠰᠠᠶ᠋ᠢ ᠵᠢᠩᠬᠢᠨᠢ ᠬᠥᠮᠦᠵᠢᠯ ᠪᠣᠯᠤᠨ᠎ᠠ︾ ᠭᠡᠵᠡᠶ᠃ ᠡᠭᠦᠨ ᠠᠴᠠ | ᠦᠵᠡᠬᠦ ᠳᠤ᠂ ᠥᠪᠡᠷ ᠢ ᠪᠠᠨ ᠬᠥᠮᠦᠵᠢᠭᠦᠯᠬᠦ ᠨᠢ ᠬᠥᠮᠦᠨ ᠤ ᠦᠰᠦᠨ ᠪᠤᠶᠢᠵᠢᠯᠲᠠ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ ᠠᠮᠵᠢᠯᠲᠠ ᠲᠠᠢ ᠭᠡᠷ ᠤᠨ ᠬᠥᠮᠦᠵᠢᠯ ᠪᠣᠯ ᠬᠡᠦᠬᠡᠳ ᠢ ᠬᠠᠪᠰᠤᠷᠴᠤ ᠥᠪᠡᠷ ᠢ ᠪᠠᠨ | ᠬᠥᠮᠦᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠴᠢᠳᠠᠨ᠎ᠠ᠃ ᠰᠤᠷᠭᠠᠭᠤᠯᠢ ᠶᠢᠨ ᠬᠥᠮᠦᠵᠢᠯ ᠳᠤ ᠰᠤᠷᠤᠭᠴᠢᠳ ᠤᠨ | ᠥᠪᠡᠷ ᠢ ᠪᠠᠨ ᠬᠥᠮᠦᠵᠢᠭᠦᠯᠬᠦ ᠴᠢᠳᠠᠪᠤᠷᠢ ᠪᠠ ᠤᠬᠠᠮᠰᠠᠷ ᠢ ᠴᠠᠭ ᠢᠮᠠᠭᠲᠠ ᠠᠩᠬᠠᠷᠬᠤ ᠬᠡᠷᠡᠭᠲᠡᠶ᠃ | ᠰᠤᠷᠭᠠᠨ ᠬᠥᠮᠦᠵᠢᠯ ᠨᠢ ᠦᠨᠡᠨ ᠳᠤ ᠪᠠᠨ ᠭᠤᠣᠯᠳᠠᠭᠤ ᠬᠥᠮᠦᠨ ᠤ ᠭᠤᠷᠪᠠᠨ ᠲᠠᠯ᠎ᠠ ᠶᠢᠨ ᠴᠢᠳᠠᠪᠤᠷᠢ ᠶᠢ | ᠬᠥᠮᠦᠵᠢᠭᠦᠯᠳᠡᠭ᠂ ① ᠪᠠᠶᠠᠰᠤᠩᠭᠤᠶ ᠪᠠᠷ ᠲᠡᠭᠦᠯᠳᠡᠷᠵᠢᠵᠦ᠂ ᠰᠠᠶᠢᠬᠠᠨ ᠰᠠᠨᠠᠭ᠎ᠠ ᠪᠠᠷ ᠢᠳᠡᠪᠬᠢᠯᠡᠨ ᠲᠠᠪᠰᠢᠬᠤ | ᠥᠪᠡᠷᠮᠢᠴᠡ ᠴᠢᠨᠠᠷ ᠤᠨ ᠰᠤᠷᠭᠠᠨ ᠬᠥᠮᠦᠵᠢᠯ ᠪᠣᠯᠤᠨ᠎ᠠ᠃ ② ᠶᠢᠷᠲᠢᠨᠴᠦ ᠶᠢ ᠬᠠᠶᠢᠨ ᠰᠦᠪᠡᠭᠴᠢᠯᠡᠵᠦ᠂ | ᠥᠪᠡᠷ ᠢ ᠪᠠᠨ ᠲᠡᠭᠦᠯᠳᠡᠷᠵᠢᠭᠦᠯᠵᠦ᠂ ᠮᠡᠳᠡᠯᠭᠡ ᠶᠢ ᠤᠶᠤᠨ ᠤᠬᠠᠭᠠᠨ ᠂ ᠭᠦᠨ ᠤᠬᠠᠭᠠᠨ ᠤ ᠳᠠᠪᠬᠤᠷᠭ᠎ᠠ ᠳᠤ | ᠬᠦᠷᠭᠡᠵᠦ᠂ ᠲᠡᠷᠡᠴᠢᠯᠡᠨ ᠥᠪᠡᠷ ᠤᠨ ᠠᠮᠢ ᠨᠠᠰᠤ ᠪᠠᠨ ᠵᠢᠯᠣᠭᠤᠳᠴᠤ ᠴᠢᠳᠠᠨ᠎ᠠ᠃ ③ ᠨᠢᠭᠡ ᠬᠥᠮᠦᠨ ᠤ | ᠨᠡᠶᠢᠭᠡᠮ ᠳᠤ ᠬᠤᠪᠢ ᠨᠡᠮᠡᠷᠢ ᠦᠵᠡᠭᠦᠯᠬᠦ ᠴᠢᠳᠠᠪᠤᠷᠢ ᠶᠢ ᠬᠥᠮᠦᠵᠢᠭᠦᠯᠦᠨ᠎ᠡ᠃ | ᠬᠤᠶᠠᠷ᠂ ᠮᠢᠨᠦ ᠨᠢᠳᠦᠨ ᠳᠠᠬᠢ ᠰᠤᠷᠤᠭᠴᠢ | ᠰᠤᠷᠤᠭᠴᠢ ᠨᠢᠭᠡ ᠪᠦᠷᠢ ᠴᠥᠮ ᠥᠪᠡᠷ ᠤᠨ ᠢᠶᠠᠨ ᠥᠪᠡᠷᠮᠢᠴᠡ ᠳᠠᠪᠠᠭᠤᠯᠢᠭ ᠲᠠᠯ᠎ᠠ ᠲᠠᠢ᠂ ᠡᠶᠢᠮᠦ ᠠᠴᠠ | ᠪᠠᠭᠰᠢ ᠶᠢᠨ ᠰᠡᠳᠬᠢᠯ ᠳᠤ ᠮᠠᠭᠤ ᠰᠣᠷᠣᠭᠴᠢ ᠪᠠᠶᠢᠵᠤ ᠪᠣᠯᠬᠤ ᠥᠬᠡᠶ᠃ | ︽ᠬᠡᠦᠬᠡᠳ ᠤᠨ ᠲᠠᠯ᠎ᠠ ᠠᠴᠠ ᠠᠰᠠᠭᠤᠳᠠᠯ ᠢ ᠦᠵᠡᠬᠦ ᠪᠠᠷ ᠤᠷᠤᠯᠳᠤᠪᠠᠯ ᠬᠡᠦᠬᠡᠳ ᠤᠨ ᠨᠢᠳᠦᠨ ᠳᠠᠬᠢ | ᠶᠢᠷᠲᠢᠨᠴᠦ ᠠᠳᠠᠯᠢ ᠦᠭᠡᠢ ᠭᠡᠳᠡᠭ ᠢ ᠮᠡᠳᠡᠵᠦ᠂ ᠬᠡᠦᠬᠡᠳ ᠢ ᠣᠶᠢᠯᠠᠭᠠᠬᠤ ᠶᠢ ᠰᠤᠷᠴᠤ ᠴᠢᠳᠠᠨ᠎ᠠ︾ ᠭᠡᠵᠦ ᠯᠢ ᠰᠢ | ᠺᠦᠢ ᠪᠠᠭᠰᠢ ᠬᠡᠯᠡᠵᠦ ᠥᠩᠭᠡᠷᠡᠭᠰᠡᠨ ᠪᠢᠯᠡ᠃ ᠡᠨᠡ ᠠᠰᠠᠭᠤᠳᠠᠯ ᠢ ᠬᠡᠦᠬᠡᠳ ᠤᠨ ᠲᠠᠯ᠎ᠠ ᠠᠴᠠ ᠦᠵᠡᠬᠦ ᠳᠤ | ᠬᠡᠦᠬᠡᠳ ᠤᠨ ᠨᠢᠳᠦᠨ ᠳᠠᠬᠢ ᠶᠢᠷᠲᠢᠨᠴᠦ ᠠᠳᠠᠯᠢ ᠦᠭᠡᠢ ᠭᠡᠳᠡᠭ ᠢ ᠮᠡᠳᠡᠵᠦ ᠪᠣᠯᠤᠨ᠎ᠠ᠃ ᠬᠡᠦᠬᠡᠳ ᠤᠨ ᠭᠠᠷᠭᠠᠭᠰᠠᠨ | ᠠᠯᠳᠠᠭ᠎ᠠ ᠨᠢ ᠶᠡᠷᠦ ᠳᠤ ᠪᠠᠨ ︽ᠭᠤᠸ᠎ᠠ ᠰᠠᠶᠢᠬᠠᠨ ᠤ ᠠᠯᠳᠠᠭ᠎ᠠ︾᠂ ᠥᠰᠦᠨ ᠪᠤᠶᠢᠵᠢᠯᠲᠠ ᠶᠢᠨ ᠳᠤᠮᠳᠠᠬᠢ ᠵᠠᠶᠢᠯᠠᠰᠢ | ᠦᠭᠡᠢ ᠠᠯᠳᠠᠭ᠎ᠠ ᠪᠣᠯᠤᠨ᠎ᠠ᠃ ᠮᠠᠨ ᠤ ᠠᠵᠢᠯ ᠲᠣᠮᠣ ᠬᠥᠮᠦᠨ ᠤ ᠵᠣᠭᠰᠣᠯᠲᠠ ᠳᠤ ᠵᠣᠭᠰᠣᠵᠤ᠂ ᠲᠣᠮᠣ ᠬᠥᠮᠦᠨ ᠤ | ᠬᠠᠷᠠᠭᠠᠨ ᠠᠴᠠ ᠬᠡᠦᠬᠡᠳ ᠲᠤ ᠵᠦᠢᠯ ᠵᠦᠢᠯ ᠤᠨ ᠱᠠᠭᠠᠷᠳᠠᠯᠭ᠎ᠠ ᠳᠤᠷᠠᠳᠴᠤ᠂ ᠬᠠᠷᠠᠯᠲᠠ ᠪᠠᠨ ᠲᠣᠭᠲᠠᠭᠠᠨ᠂ | ᠠᠯᠪᠠ ᠪᠠᠷ ᠰᠤᠷᠲᠠᠯᠴᠢᠯᠠᠬᠤ ᠳᠤ ᠵᠠᠩᠰᠢᠳᠠᠭ᠂ ᠢᠩᠭᠢᠪᠡᠯ ᠥᠪᠡᠷᠮᠢᠴᠡ ᠴᠢᠨᠠᠷ ᠢᠶᠠᠨ ᠠᠯᠳᠠᠭᠰᠠᠨ ᠬᠡᠦᠬᠡᠯᠳᠡᠢ ᠶᠢ | ᠪᠦᠲᠦᠭᠡᠵᠦ᠂ ᠰᠤᠷᠤᠭᠴᠢᠳ ᠤᠨ ᠰᠡᠳᠬᠢᠯ ᠰᠠᠨᠠᠭ᠎ᠠ ᠶᠢ ᠰᠡᠪᠲᠦᠭᠡᠵᠦ᠂ ᠴᠢᠨᠠᠭᠰᠢᠯᠠᠪᠠᠯ ᠨᠠᠰᠤᠨ ᠲᠤᠷᠰᠢᠳᠠ ᠶᠢᠨ | ᠡᠳᠡᠭᠡᠷᠡᠰᠢ ᠦᠭᠡᠢ ᠰᠢᠷᠬ᠎ᠠ ᠰᠣᠷᠪᠢ ᠶᠢ ᠪᠣᠢ ᠪᠣᠯᠭᠠᠨ᠎ᠠ᠃ | ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠨᠡᠶᠢᠲᠡᠯᠢᠭ ᠤᠨᠴᠠᠯᠢᠭ ᠪᠣᠯ ᠠᠰᠪᠤᠷ ᠴᠠᠭᠠᠪᠤᠷ᠂ ᠳᠠᠭᠤᠷᠢᠶᠠᠬᠤ | ᠴᠢᠨᠠᠷ ᠢᠶᠠᠷ ᠴᠢᠩᠭ᠎ᠠ᠂ ᠴᠣᠪᠣᠭᠤ ᠳᠡᠭᠵᠢᠨ᠂ ᠰᠣᠨᠢᠭᠤᠴᠢ ᠵᠠᠩ ᠲᠠᠢ᠂ ᠠᠯᠢᠶ᠎ᠠ ᠳᠡᠭᠵᠢᠨ ᠪᠠᠶᠢᠳᠠᠭ ᠪᠥᠭᠡᠳ | ᠠᠩᠭᠢ ᠶᠢᠨ ᠡᠷᠬᠢᠯᠡᠭᠴᠢ ᠪᠠᠭᠰᠢ ᠪᠠᠨ ᠮᠠᠰᠢ ᠢᠲᠡᠭᠡᠳᠡᠭ᠃ ᠪᠢᠳᠡ ᠬᠡᠦᠬᠡᠳ ᠢ ᠰᠤᠷᠭᠠᠬᠤ ᠳᠤ ᠪᠠᠨ ᠡᠳᠡᠭᠡᠷ | ᠣᠨᠴᠠᠯᠢᠭ ᠢ ᠨᠢ ᠪᠣᠳᠣᠯᠬᠢᠯᠠᠬᠤ ᠬᠡᠷᠡᠭᠲᠡᠶ᠃ ᠪᠠᠭᠰᠢ ᠦᠨᠡᠨ ᠰᠡᠳᠬᠢᠯ ᠠᠴᠠ ᠪᠠᠨ ᠬᠡᠦᠬᠡᠳ ᠤᠳ ᠲᠤ ᠠᠰᠪᠤᠷ | ᠴᠠᠭᠠᠪᠤᠷ ᠬᠠᠨᠳᠤᠵᠤ᠂ ᠬᠡᠦᠬᠡᠳ ᠢ ᠪᠢᠳᠡᠨ ᠳᠤ ᠢᠲᠡᠭᠡᠯ ᠠᠯᠳᠠᠭᠤᠯᠵᠤ ᠪᠣᠯᠬᠤ ᠦᠭᠡᠢ᠃ ᠮᠠᠨ ᠤ ᠠᠩᠭᠢ ᠶᠢᠨ | ᠰᠤᠷᠤᠭᠴᠢ ᠬᠤᠶᠠᠳᠤᠭᠠᠷ ᠣᠨ ᠪᠠᠶᠢᠬᠤ ᠳᠤ ᠮᠢᠨᠦ ᠬᠢᠴᠢᠶᠡᠯ ᠲᠡᠭᠡᠷ᠎ᠡ ᠨᠢᠭᠡ × × ᠭᠡᠳᠡᠭ ᠰᠤᠷᠤᠭᠴᠢ ᠲᠦᠢᠯ ᠤᠨ | ᠤᠷᠮ᠎ᠠ ᠮᠠᠭᠤᠳᠠᠢ᠂ ᠠᠩᠬᠠᠷᠤᠯ ᠲᠦᠪᠯᠡᠷᠡᠵᠦ ᠦᠭᠭᠦ ᠦᠬᠡᠢ ᠪᠠᠶᠢᠯ᠎ᠠ᠃ ᠲᠡᠷᠡ ᠰᠤᠷᠤᠭᠴᠢ ᠡᠩ ᠤᠨ ᠦᠶ᠎ᠡ ᠳᠤ | ᠬᠢᠴᠢᠶᠡᠯ ᠳᠡᠭᠡᠷ᠎ᠡ ᠲᠤᠩ ᠪᠠᠶᠠᠷ ᠬᠦᠷ ᠲᠠᠢ᠂ ᠤᠷᠮ᠎ᠠ ᠵᠤᠷᠢᠭ ᠲᠠᠢ ᠪᠠᠶᠢᠳᠠᠭ᠃ ᠡᠨᠡ ᠪᠠᠶᠢᠳᠠᠯ ᠢ ᠦᠵᠡᠬᠡᠳ ᠪᠢ | ᠲᠡᠷᠬᠡᠳᠡ ᠨᠢ ᠭᠦᠷᠭᠦ ᠳᠤ ᠲᠡᠷᠡ ᠬᠥᠭᠡᠷᠦᠬᠦᠨ ᠬᠠᠷᠠᠴᠠ ᠪᠠᠷ ᠨᠠᠮ᠎ᠠ ᠶᠢ ᠰᠢᠷᠲᠡᠨ᠄ ︽ᠪᠠᠭᠰᠢ ᠡ᠂ ᠥᠨᠥᠳᠦᠷ ᠬᠢᠴᠢᠶᠡᠯ | ᠪᠠᠭᠤᠭᠰᠠᠨ ᠤ ᠲᠠᠷᠠᠭ᠎ᠠ ᠮᠠᠨ ᠤ ᠭᠡᠷ ᠲᠤ ᠣᠴᠢᠵᠤ ᠪᠣᠯᠬᠤ ᠦᠦ︖ ᠮᠢᠨᠦ ᠠᠪᠤ ᠡᠵᠢ ᠬᠡᠷᠡᠯᠳᠤᠬᠡᠳ ᠠᠪᠤ ᠪᠠᠰᠠ ᠡᠵᠢ | ᠶᠢ ᠴᠤᠬᠢᠭᠰᠠᠨ᠂ ᠲᠠ ᠠᠪᠤ ᠶᠢ ᠨᠢᠭᠡ ᠰᠠᠶᠢᠨ ᠵᠠᠩᠨᠠᠭᠠᠳ ᠠᠯᠢ︕︾ ᠭᠡᠵᠦ ᠭᠤᠶᠤᠪᠠ᠃ ᠪᠢ ᠬᠡᠦᠬᠡᠳ ᠤᠨ ᠡᠨᠡ | ᠭᠦ ᠠᠰᠪᠤᠷ ᠴᠠᠭᠠᠪᠤᠷ᠂ ᠢᠳᠡᠬᠡᠵᠦ ᠨᠠᠶᠢᠳᠠᠭᠰᠠᠨ ᠦᠬᠡ ᠶᠢ ᠰᠤᠨᠤᠰᠤᠭᠠᠳ ᠲᠡᠭᠦᠨ ᠤ ᠱᠠᠭᠠᠷᠳᠠᠯᠭ᠎ᠠ ᠶᠢ | ᠵᠥᠪᠰᠢᠶᠡᠷᠡᠪᠡ᠃ ᠤᠷᠤᠢ ᠬᠢᠴᠢᠶᠡᠯ ᠪᠠᠭᠤᠬᠤ ᠦᠶ᠎ᠡ ᠳᠤ ᠠᠪᠤ ᠨᠢ ᠲᠡᠭᠦᠨ ᠢ ᠲᠤᠰᠬᠤ ᠪᠠᠷ ᠢᠷᠡᠪᠠ᠃ ᠪᠢ ᠲᠡᠭᠦᠨ ᠢ | ᠬᠠᠷᠠᠬᠤ ᠳᠤ ᠠᠪᠤ ᠶᠢᠨ ᠢᠶᠠᠨ ᠭᠠᠷ ᠠᠴᠠ ᠬᠥᠲᠥᠯᠵᠦ᠂ ᠤᠷᠤᠭᠰᠢ ᠶᠠᠪᠤᠬᠤ ᠶᠢᠨ ᠳᠠᠭᠠᠤ ᠬᠤᠶᠢᠰᠢ ᠡᠷᠬᠢᠵᠦ ᠨᠠᠮ᠎ᠠ ᠶᠢ | ᠪᠠᠶᠢᠨ ᠪᠠᠶᠢᠨ ᠬᠠᠷᠠᠵᠤ᠂ ᠨᠢᠳᠦ ᠪᠠᠷ ᠢᠶᠠᠨ ︽ᠠᠪᠤ ᠶᠢ ᠵᠠᠩᠨᠠᠵᠦ ᠦᠭᠭᠦᠨ᠎ᠠ ᠦᠦ︖︾ ᠬᠡᠵᠦ ᠬᠡᠯᠡᠵᠦ ᠪᠠᠶᠢᠬᠤ ᠨᠢ | ᠦᠨᠡᠬᠡᠷ ᠦᠷᠦ ᠡᠪᠡᠳᠤᠮᠡᠷ ᠭᠦᠬᠡᠷᠦᠭᠦᠨ ᠪᠠᠶᠢᠯ᠎ᠠ᠃ ᠪᠢ ᠲᠡᠶᠢᠮᠦ ᠤᠯᠠᠨ ᠬᠡᠦᠬᠡᠳ ᠤᠨ ᠡᠮᠦᠨ᠎ᠡ ᠠᠪᠤ ᠶᠢ ᠨᠢ | ᠬᠡᠯᠡᠬᠦ ᠠᠴᠠ ᠪᠠᠨ ᠵᠤᠪᠠᠵᠦ᠂ ᠶᠠᠭᠤ ᠴᠦ ᠲᠤᠤᠭᠠᠷᠴᠦ ᠴᠢᠳᠠᠭᠰᠠᠨ ᠦᠬᠡᠢ᠂ ᠭᠡᠷ ᠲᠤ ᠪᠠᠨ ᠬᠠᠷᠢᠬᠤ ᠵᠠᠮ ᠳᠤ ᠪᠠᠨ | ᠰᠦᠬᠤᠮᠯᠢᠨ᠋ᠰᠺᠢ ᠶᠢᠨ ︽ᠪᠠᠭᠰᠢ ᠨᠠᠷ ᠲᠤ ᠥᠭᠭᠦᠭᠰᠡᠨ ᠰᠠᠨᠠᠭᠤᠯᠭ᠎ᠠ︾ ᠤᠨ ᠲᠤᠳᠤᠷᠠᠬᠢ ︽ᠬᠠᠮᠤᠭ ᠤᠨ ᠡᠷᠬᠢᠮ | ᠨᠠᠨᠳᠢᠨ ᠡᠳ᠋ ᠬᠦᠷᠦᠩᠭᠡ ᠪᠠᠨ ᠬᠠᠶᠢᠷᠠᠯᠠᠬᠤ ᠰᠢᠬ ᠢᠶᠠᠷ ᠬᠡᠦᠬᠡᠳ ᠤᠨ ᠢᠲᠡᠭᠡᠯ ᠢ ᠬᠠᠶᠢᠷᠠᠯᠠᠨ ᠬᠠᠮᠠᠭᠠᠯᠠᠬᠤ | ᠬᠡᠷᠡᠭᠲᠡᠶ︾ ᠭᠡᠰᠡᠨ ᠦᠭᠡ ᠶᠢ ᠰᠠᠨᠠᠵᠤ ᠣᠯᠤᠭᠰᠠᠨ ᠶᠤᠮ᠃ ᠢᠩᠬᠢᠬᠡᠳ ᠪᠢ ᠭᠡᠷ ᠲᠤ ᠪᠠᠨ ᠬᠠᠷᠢᠭᠰᠠᠨ ᠤ ᠳᠠᠷᠠᠭ᠎ᠠ | ᠲᠡᠭᠦᠨ ᠤ ᠠᠪᠤ ᠡᠵᠢ ᠳᠤ ᠨᠢᠭᠡ ᠬᠤᠪᠢ ᠵᠠᠬᠢᠳᠠᠯ ᠪᠢᠴᠢᠵᠦ ᠥᠭᠬᠦ ᠪᠠᠷ ᠰᠢᠢᠳᠪᠡ᠃ ᠵᠠᠬᠢᠳᠠᠯ ᠳᠤ ᠪᠠᠨ᠄ | ︽ᠦᠳᠡ ᠶᠢᠨ ᠬᠤᠶᠢᠨ᠎ᠠ ᠭᠦᠦ ᠴᠢᠨᠢ ᠮᠠᠰᠢ ᠤᠷᠮ᠎ᠠ ᠦᠬᠡᠢ ᠪᠠᠶᠢᠯ᠎ᠠ᠃ ᠲᠠᠨ ᠤ ᠬᠤᠶᠠᠷ ᠢ ᠦᠳᠠ ᠳᠤ | ᠬᠡᠷᠡᠭᠦᠯ ᠬᠢᠯ᠎ᠠ ᠬᠡᠳ ᠨᠠᠳᠠ ᠳᠤ ᠶᠠᠷᠢᠭᠠᠳ ᠨᠢᠳᠦ ᠲᠦᠭᠦᠷᠠᠩ ᠨᠢᠯᠪᠤᠰᠤ ᠪᠦᠮᠪᠦᠷᠢᠭᠦᠯᠵᠦ ᠪᠠᠶᠢᠯ᠎ᠠ᠃ ᠲᠡᠷᠡ | ᠮᠦᠷᠳᠡᠭᠡᠨ ︿ᠨᠠᠮ᠎ᠠ ᠶᠢ ᠬᠡᠷ ᠲᠤ ᠤᠴᠢᠭᠠᠳ ᠠᠪᠤ ᠶᠢ ᠰᠠᠶᠢᠨ ᠵᠠᠩᠨᠠᠭᠠᠳ ᠠᠯᠢ︕﹀ ᠬᠡᠵᠦ ᠭᠤᠶᠤᠵᠦ | ᠪᠠᠶᠢᠯ᠎ᠠ᠃ ᠭᠦᠦ ᠶᠢᠨ ᠴᠢᠨᠢ ᠲᠡᠷᠡ ᠭᠦ ᠨᠢᠯᠪᠦᠰᠦᠳᠠᠢ ᠨᠢᠳᠦ᠂ ᠨᠠᠮ᠎ᠠ ᠶᠢ ᠭᠤᠶᠤᠭᠰᠠᠨ ᠦᠭᠡ᠂ ᠬᠠᠷᠠᠴᠨ | ᠪᠦᠭᠦᠨ ᠦᠨᠡᠬᠡᠷ ᠭᠦᠬᠡᠷᠦᠭᠦᠢ ᠁ ᠲᠡᠶᠢᠮᠦ ᠯᠠ ᠴᠠᠭᠠᠪᠤᠷ᠂ ᠲᠡᠶᠢᠮᠦ ᠯᠠ ᠦᠨᠡᠨᠴᠢ ᠁ ᠭᠦᠬᠡᠷᠦᠭᠦᠨ | ᠪᠠᠶᠢᠯ᠎ᠠ᠃ ᠭᠦᠦ ᠶᠢ ᠴᠢᠨᠢ ᠪᠢ ᠰᠡᠳᠬᠢᠯ ᠠᠴᠠ ᠪᠠᠨ ᠬᠠᠶᠢᠷᠠᠯᠠᠵᠦ ᠦᠷᠦ ᠡᠪᠡᠳᠤᠯᠠ᠃ ᠬᠡᠤᠬᠡᠳ ᠤᠨ ᠰᠡᠳᠬᠢᠯ | ᠬᠡᠵᠦ ᠮᠠᠰᠢ ᠨᠢᠯᠠᠭᠰᠠᠭ᠂ ᠡᠮᠵᠡᠭᠬᠡᠨ ᠪᠠᠶᠢᠳᠠᠭ ᠪᠤᠯᠬᠤᠷ ᠮᠢᠨᠦ ᠬᠤᠶᠠᠷ ᠲᠡᠭᠦᠦ ᠠᠭᠤᠷ ᠤᠮᠤᠭ ᠢᠶᠠᠨ ᠲᠠᠷᠤᠵᠦ᠂ | ᠪᠢᠳᠡᠬᠡᠢ ᠬᠡᠷᠡᠭᠦᠯ ᠴᠤᠤᠬᠢᠶᠠᠨ ᠬᠢᠬᠡᠷᠠᠢ︕ ᠭᠦᠬᠡᠷᠦᠭᠦᠨ ᠴᠤᠪᠤᠭᠤ ᠬᠡᠤᠬᠡᠳ ᠤᠨ ᠰᠡᠳᠬᠢᠯ ᠳᠤ ᠪᠢᠳᠡᠬᠡᠢ ᠰᠢᠷᠬ᠎ᠠ | ᠰᠤᠷᠪᠢ ᠦᠯᠡᠳᠡᠭᠡᠷᠠᠢ᠃ ᠭᠦᠦ ᠴᠢᠨᠢ ᠭᠦᠮᠤᠨ ᠪᠦᠭᠦᠨ ᠤ ᠬᠠᠶᠢᠷ᠎ᠠ ᠶᠢ ᠲᠠᠳᠠᠭᠰᠠᠨ ᠮᠠᠰᠢ ᠬᠠᠶᠢᠷᠠᠯᠠᠯᠳᠠᠢ | ᠭᠦᠬᠡᠷᠦᠭᠦᠨ ᠭᠦᠦ ᠰᠢᠦ᠂ ᠭᠦᠬᠡᠷᠦᠭᠦᠨ ᠭᠦᠦ ᠶᠢᠨ ᠢᠶᠠᠨ ᠲᠦᠯᠦᠭᠡ ᠮᠢᠨᠦ ᠬᠤᠶᠠᠷ ᠲᠡᠭᠦᠦ ᠬᠡᠷᠡᠭᠦᠯ ᠤᠷᠤᠭᠤᠯ | ᠦᠬᠡᠢ ᠰᠠᠶᠢᠬᠠᠨ ᠠᠮᠢᠳᠤᠷᠠᠭᠠᠷᠠᠢ︕ ᠲᠠᠨ ᠤ ᠭᠡᠷ ᠪᠦᠯᠢ ᠳᠤ ᠠᠵᠠ ᠵᠢᠷᠭᠠᠯ ᠭᠦᠰᠡᠶᠠ︕︾ ᠬᠡᠵᠦ ᠪᠢᠴᠢᠬᠡᠳ | ᠶᠠᠪᠤᠭᠤᠯᠬᠤ ᠳᠤ ᠠᠪᠤ ᠡᠵᠢ ᠨᠢ ᠲᠤᠤᠷ᠎ᠠ ᠪᠠᠨ ᠨᠠᠳᠠ ᠤᠳᠠᠰᠤ ᠢᠷᠡᠵᠦ᠂ ᠭᠦᠦ ᠶᠢᠨ ᠢᠶᠠᠨ ᠬᠠᠵᠠᠭᠤᠳᠠ ᠲᠠᠬᠢᠵᠦ | ᠬᠡᠷᠡᠭᠦᠯ ᠬᠢᠭᠦ ᠦᠬᠡᠢ ᠬᠡᠵᠦ ᠬᠡᠯᠡᠭᠰᠡᠨ ᠮᠦᠷᠳᠡᠭᠡᠨ ᠮᠠᠷᠭᠠᠰᠢ ᠨᠢ ᠲᠡᠷᠡ ᠰᠤᠷᠤᠭᠴᠢ | ︽ᠪᠠᠭᠰᠢ᠂ ᠠᠪᠤ ᠡᠵᠢ ᠳᠤ ᠵᠠᠬᠢᠳᠠᠯ ᠪᠢᠴᠢᠵᠦ ᠵᠠᠩᠨᠠᠭᠰᠠᠨ ᠠᠴᠠ ᠠᠪᠤ ᠡᠵᠢ ᠰᠠᠶᠢᠨ ᠪᠤᠯᠤᠭᠰᠠᠨ᠂ | ᠪᠠᠭᠰᠢ ᠳᠤ ᠪᠠᠨ ᠪᠠᠶᠠᠷᠯᠠᠯ᠎ᠠ︕︾ ᠭᠡᠵᠦ ᠪᠠᠶᠠᠷᠳᠠᠢ ᠶᠠᠷᠢᠵᠦ ᠪᠠᠶᠢᠯ᠎ᠠ᠃ | ᠬᠥᠮᠦᠨ ᠨᠢᠭᠡ ᠪᠦᠷᠢ ᠶᠢᠨ ᠴᠡᠭᠡᠵᠢᠯᠡᠬᠦ ᠴᠢᠳᠠᠪᠤᠷᠢ᠂ ᠠᠵᠢᠭᠯᠠᠬᠤ ᠴᠢᠳᠠᠪᠤᠷᠢ᠂ ᠠᠩᠬᠠᠷᠤᠯ ᠲᠦᠪᠯᠡᠷᠡᠭᠦ | ᠴᠢᠳᠠᠪᠤᠷᠢ᠂ ᠢᠯᠡᠳᠬᠡᠭᠦ ᠴᠢᠳᠠᠪᠤᠷᠢ᠂ ᠯᠣᠭᠢᠭ ᠰᠡᠳᠬᠢᠬᠦᠶ᠂ ᠳᠠᠭᠤᠤ ᠬᠥᠭᠵᠢᠮ ᠤᠨ ᠮᠡᠳᠡᠷᠡᠮᠵᠢ᠂ ᠣᠷᠣᠨ ᠵᠠᠶ ᠶᠢᠨ | ᠲᠥᠰᠦᠭᠡᠯᠡᠨ ᠪᠤᠳᠤᠯᠳᠠ᠂ ᠪᠡᠶ᠎ᠡ ᠶᠢᠨ ᠲᠠᠮᠢᠷ ᠤᠨ ᠬᠥᠳᠡᠯᠭᠡᠭᠡᠨ᠂ ᠬᠥᠮᠦᠰ ᠤᠨ ᠬᠤᠭᠤᠷᠣᠨᠳᠣᠬᠢ ᠬᠠᠷᠢᠯᠴᠠᠭ᠎ᠠ᠂ | ᠪᠦᠲᠦᠭᠡᠯᠴᠢ ᠴᠢᠳᠠᠪᠤᠷᠢ᠂ ᠵᠣᠬᠢᠶᠠᠨ ᠪᠠᠶᠢᠭᠤᠯᠬᠤ ᠴᠢᠳᠠᠪᠤᠷᠢ᠂ ᠬᠡᠶᠢᠰᠪᠦᠷᠢ ᠰᠡᠳᠬᠢᠬᠦᠶ ᠵᠡᠷᠭᠡ ᠴᠢᠳᠠᠪᠤᠷᠢ ᠨᠢ | ᠲᠥᠷᠥᠯᠬᠢ ᠵᠥᠷᠢᠶ᠎ᠡ ᠲᠠᠢ ᠪᠠᠶᠢᠳᠠᠭ ᠢ ᠪᠢᠳᠡ ᠮᠡᠳᠡᠨ᠎ᠡ᠃ ᠳᠡᠯᠡᠬᠡᠶ ᠳᠡᠭᠡᠷ᠎ᠡ ᠶᠠᠮᠠᠷ ᠴᠤ ᠬᠥᠮᠦᠨ ᠤ ᠣᠶᠣᠨ ᠤ | ᠴᠢᠳᠠᠪᠤᠷᠢ ᠨᠢ ᠪᠦᠷ ᠥᠨᠳᠥᠷ ᠪᠢᠰᠢ᠃ ᠡᠶᠢᠮᠦ ᠠᠴᠠ ᠪᠠᠭᠰᠢ ᠪᠤᠯᠤᠭᠰᠠᠳ ᠬᠡᠦᠬᠡᠳ ᠤᠨ ᠣᠶᠣᠨ ᠴᠢᠳᠠᠪᠤᠷᠢ ᠶᠢᠨ | ᠳᠠᠪᠠᠭᠤᠯᠢᠭ ᠪᠠ ᠤᠨᠴᠠᠭᠠᠢ ᠴᠢᠳᠠᠪᠤᠷᠢ ᠶᠢ ᠡᠷᠲᠡᠬᠡᠨ ᠢᠯᠡᠷᠡᠭᠦᠯᠵᠦ᠂ ᠬᠡᠤᠬᠡᠳ ᠢ ᠢᠯᠡᠭᠦᠬᠡᠨ ᠵᠤᠷᠢᠬᠵᠢᠭᠤᠯᠵᠦ᠂ | ᠢᠳᠡᠬᠡᠯ ᠪᠢᠰᠢᠷᠠᠯ ᠢ ᠨᠢ ᠨᠡᠮᠡᠭᠳᠡᠭᠦᠯᠵᠦ ᠴᠢᠳᠠᠪᠠᠯ ᠨᠡᠩ ᠤᠯᠠᠨ ᠬᠡᠤᠬᠡᠳ ᠢ ᠦᠨᠳᠤᠷ ᠠᠮᠵᠢᠯᠲᠠ ᠳᠤ ᠭᠦᠷᠬᠡᠵᠦ | ᠴᠢᠳᠠᠨ᠎ᠠ᠃ | ᠭᠤᠷᠪᠠ᠂ ᠮᠢᠨᠦ ᠨᠢᠳᠤᠨ ᠳᠠᠬᠢ ᠵᠢᠭᠠᠨ ᠰᠤᠷᠭᠠᠯᠲᠠ | ᠰᠦᠬᠤᠮᠯᠢᠨ᠋ᠰᠺᠢ᠄ ︽ᠬᠢᠴᠢᠶᠡᠯ ᠤᠨ ᠭᠠᠳᠠᠨᠠᠬᠢ ᠤᠩᠰᠢᠯᠭ᠎ᠠ ᠶᠢ ᠳᠦᠷᠰᠦᠯᠢᠭ ᠦᠭᠡ ᠪᠠᠷ ᠬᠡᠯᠡᠪᠡᠯ᠂ | ᠰᠡᠳᠬᠢᠨ ᠪᠣᠳᠣᠯᠬᠢᠯᠠᠳᠠᠭ ᠲᠣᠮᠣ ᠣᠩᠭᠤᠴᠠᠨ ᠤ ᠠᠶᠠᠯᠠᠯ ᠤᠨ ᠳᠠᠷᠪᠠᠭᠤᠯ ᠪᠣᠯᠬᠤ ᠪᠥᠭᠡᠳ ᠪᠠᠰᠠ ᠴᠤ ᠳᠠᠷᠪᠠᠭᠤᠯ | ᠳᠡᠪᠢᠰᠦᠨ ᠤᠷᠤᠭᠰᠢᠯᠠᠬᠤ ᠰᠠᠯᠬᠢ ᠪᠣᠯᠤᠨ᠎ᠠ᠂ ᠨᠣᠮ ᠤᠩᠰᠢᠬᠤ ᠦᠭᠡᠶ ᠪᠣᠯ ᠳᠠᠷᠪᠠᠭᠤᠯ ᠪᠠᠶᠢᠬᠤ ᠦᠭᠡᠶ᠂ ᠰᠠᠯᠬᠢ | ᠴᠤ ᠪᠠᠶᠢᠬᠤ ᠦᠭᠡᠶ᠂ ᠨᠣᠮ ᠤᠩᠰᠢᠬᠤ ᠪᠣᠯ ᠳᠠᠷᠤᠶ ᠮᠡᠳᠡᠯᠭᠡ ᠶᠢᠨ ᠳᠠᠯᠠᠶ ᠳᠤ ᠪᠡᠶ᠎ᠡ ᠪᠠᠨ ᠳᠠᠭᠠᠭᠠᠵᠤ ᠠᠶᠠᠯᠠᠬᠤ ᠶᠢ | ᠬᠡᠯᠡᠨ᠎ᠡ︾ ᠭᠡᠵᠦ ᠬᠡᠯᠡᠭᠰᠡᠨ ᠪᠠᠶᠢᠳᠠᠭ᠃ ᠯᠢ ᠰᠢ ᠬᠦᠶ ᠪᠠᠭᠰᠢ᠄ ︽ᠣᠷᠳᠣ ᠬᠤᠭᠤᠴᠠᠭᠠᠨ ᠤ ᠲᠤᠷᠰᠢ᠂ ᠲᠣᠭᠠᠨ ᠤ | ᠤᠬᠠᠭᠠᠨ᠂ ᠹᠢᠽᠢᠺ᠂ ᠬᠢᠮᠢ ᠶᠢᠨ ᠵᠢᠭᠠᠨ ᠰᠤᠷᠭᠠᠯᠲᠠ ᠶᠢᠨ ᠠᠷᠭ᠎ᠠ ᠪᠠᠷ ᠬᠡᠯᠡ ᠪᠢᠴᠢᠭ ᠤᠨ ᠬᠢᠴᠢᠶᠡᠯ ᠢ ᠵᠢᠭᠠᠪᠠᠯ | ᠬᠡᠯᠡ ᠪᠢᠴᠢᠭ ᠤᠨ ᠰᠤᠷᠤᠯᠴᠠᠯᠭ᠎ᠠ ᠶᠢᠨ ᠵᠢᠮ᠎ᠡ ᠶᠣᠰᠣ ᠶᠢ ᠬᠦᠨᠳᠦ ᠨᠣᠴᠢᠲᠠᠶ ᠵᠦᠷᠢᠴᠡᠨᠠ᠃ ᠶᠡᠭᠡ ᠬᠡᠮᠵᠢᠶᠡᠨ ᠤ | ᠤᠶᠠᠩᠭᠠᠯᠠᠨ ᠤᠩᠰᠢᠬᠤ᠂ ᠨᠢᠳᠤᠯᠡᠨ ᠤᠩᠰᠢᠬᠤ᠂ ᠮᠡᠳᠡᠷᠡᠮᠵᠢ ᠪᠤᠯᠤᠨ ᠤᠶᠢᠯᠠᠭᠠᠯᠳᠠ ᠦᠬᠡᠢ ᠪᠤᠯ ᠬᠡᠯᠡ ᠪᠢᠴᠢᠭ ᠤᠨ | ᠬᠢᠷᠢ ᠲᠦᠪᠰᠢᠨ ᠨᠢ ᠲᠡᠬᠡᠭᠰᠢᠯᠡᠭᠦ ᠪᠤᠯᠤᠯᠴᠠᠭ᠎ᠠ ᠦᠬᠡᠢ︾ ᠭᠡᠵᠡᠶ᠃ ᠲᠡᠶᠢᠮᠦ ᠡ᠂ ᠮᠠᠨ ᠤ ᠮᠣᠩᠭᠤᠯ ᠬᠡᠯᠡ | ᠪᠢᠴᠢᠭ ᠤᠨ ᠵᠢᠭᠠᠨ ᠰᠤᠷᠭᠠᠯᠲᠠ ᠳᠤ ᠰᠣᠷᠣᠭᠰᠠᠨ ᠲᠡᠷᠡ ᠬᠡᠳᠦᠨ ᠬᠢᠴᠢᠶᠡᠯ ᠤᠨ ᠳᠡᠪᠲᠡᠷ ᠲᠡᠳᠦᠶ᠃ ᠵᠢᠭᠠᠬᠤ | ᠠᠷᠭ᠎ᠠ ᠨᠢ ᠬᠦᠨᠳᠦ ᠦᠭᠡᠰ ᠢ ᠲᠠᠶᠢᠯᠪᠤᠷᠢᠯᠠᠵᠤ᠂ ᠬᠢᠴᠢᠶᠡᠯ ᠤᠨ ᠪᠢᠴᠢᠭ ᠤᠨ ᠠᠭᠤᠯᠭ᠎ᠠ ᠶᠢ ᠲᠠᠶᠢᠯᠪᠤᠷᠢᠯᠠᠵᠤ᠂ | ᠵᠠᠷᠢᠮ ᠳᠤ ᠪᠠᠨ ᠲᠣᠯᠢ ᠪᠢᠴᠢᠭ ᠡᠷᠢᠵᠦ ᠰᠤᠷᠤᠭᠴᠢᠳ ᠲᠤ ᠬᠦᠨᠳᠦ ᠦᠭᠡᠰ ᠤᠨ ᠬᠡᠳᠦᠨ ᠵᠦᠢᠯ ᠤᠨ ᠤᠳᠬ᠎ᠠ | ᠠᠭᠤᠯᠭ᠎ᠠ ᠶᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠬᠦᠨᠳᠦ ᠦᠭᠡᠰ ᠤᠨ ᠤᠳᠬ᠎ᠠ ᠠᠭᠤᠯᠭ᠎ᠠ ᠶᠢ | ᠦᠬᠦᠮᠡᠯ ᠢᠶᠠᠷ ᠴᠡᠭᠡᠵᠢᠯᠡᠭᠦᠯᠳᠡᠭ᠃ ᠢᠩᠬᠢᠵᠦ ᠵᠢᠭᠠᠬᠤ ᠨᠢ ᠰᠤᠷᠤᠭᠴᠢᠳ ᠪᠠᠷᠤᠭ ᠰᠣᠨᠣᠰᠴᠤ ᠪᠠᠷᠠᠮᠠᠭᠴᠠ | ᠮᠠᠷᠲᠠᠴᠢᠬᠠᠳᠠᠭ᠃ ᠡᠶᠢᠮᠦ ᠠᠴᠠ ᠪᠢᠳᠡ ᠬᠡᠦᠬᠡᠳ ᠲᠤ ︽ᠱᠠᠲᠤ ᠦᠶ᠎ᠡ ᠶᠢᠨ ᠤᠩᠰᠢᠯᠭ᠎ᠠ ᠶᠢᠨ ᠨᠣᠮ︾ ᠢ ᠬᠠᠩᠭᠠᠵᠤ᠂ | ᠠᠳᠠᠯᠢ ᠪᠤᠰᠤ ᠣᠨ ᠳᠤ ᠠᠳᠠᠯᠢ ᠪᠤᠰᠤ ᠨᠣᠮ ᠤᠩᠰᠢᠭᠤᠯᠵᠤ᠂ ᠠᠳᠠᠯᠢ ᠪᠤᠰᠤ ᠱᠠᠲᠤᠨ ᠳᠤ ᠠᠳᠠᠯᠢ ᠪᠤᠰᠤ ᠵᠣᠬᠢᠶᠠᠯ | ᠤᠩᠰᠢᠭᠤᠯᠪᠠᠯ ᠵᠣᠬᠢᠨ᠎ᠠ᠃ ᠬᠥᠮᠦᠨ ᠤ ᠣᠶᠣᠨ ᠰᠠᠨᠠᠭᠠᠨ ᠤ ᠪᠤᠶᠢᠵᠢᠯᠲᠠ ᠪᠠ ᠹᠢᠽᠢᠣᠯᠣᠭᠢ ᠶᠢᠨ ᠪᠤᠶᠢᠵᠢᠯᠲᠠ ᠪᠣᠯ | ᠠᠳᠠᠯᠢᠬᠠᠨ ᠶᠤᠮ᠂ ︽ᠰᠢᠮ᠎ᠡ ᠲᠡᠵᠢᠭᠡᠯ︾ ᠢ ᠬᠡᠷᠡᠭᠰᠡᠬᠦ ᠱᠠᠭᠠᠷᠳᠠᠯᠭ᠎ᠠ ᠨᠢ ᠴᠦ ᠱᠠᠲᠤ ᠬᠤᠪᠢᠶᠠᠵᠤ ᠪᠠᠶᠢᠳᠠᠭ᠃ ᠬᠥᠮᠦᠨ | ᠣᠨᠴᠠᠭᠠᠶ ᠨᠠᠰᠤᠨ ᠤ ᠦᠶ᠎ᠡ ᠳᠤ ᠪᠠᠨ ᠳᠠᠷᠤᠶ ᠣᠨᠴᠠᠭᠠᠶ ᠨᠡᠷᠡᠲᠦ ᠬᠥᠮᠦᠰ ᠤᠨ ᠨᠡᠷᠡᠲᠦ ᠪᠦᠲᠦᠭᠡᠯ ᠢ ᠤᠩᠰᠢᠪᠠᠯ | ᠵᠣᠬᠢᠨ᠎ᠠ᠃ ᠬᠡᠷᠪᠡ ᠡᠨᠡ ᠬᠦ ᠤᠩᠰᠢᠯᠭ᠎ᠠ ᠶᠢᠨ ᠱᠠᠲᠤ ᠪᠠᠨ ᠠᠯᠳᠠᠪᠠᠯ᠂ ᠲᠡᠳᠡ ᠤᠩᠰᠢᠯᠭ᠎ᠠ ᠶᠢᠨ ᠬᠦᠰᠡᠯ ᠢᠶᠠᠨ | ᠠᠯᠳᠠᠬᠤ ᠪᠠᠷ ᠪᠠᠷᠠᠬᠤ ᠦᠭᠡᠢ ᠪᠠᠰᠠ ᠣᠨᠴᠠᠭᠠᠶ ᠪᠤᠶᠢᠵᠢᠯᠲᠠ ᠶᠢᠨ ᠱᠠᠲᠤᠨ ᠳᠤ ᠪᠠᠨ ᠬᠡᠷᠡᠭᠰᠡᠬᠦ ᠣᠶᠣᠨ ᠰᠠᠨᠠᠭᠠᠨ ᠤ | ᠰᠢᠮ᠎ᠡ ᠲᠡᠵᠢᠭᠡᠯ ᠢ ᠰᠢᠩᠭᠡᠭᠡᠨ ᠠᠪᠴᠤ ᠴᠢᠳᠠᠬᠤ ᠦᠭᠡᠢ ᠪᠣᠯᠤᠨ᠎ᠠ᠃ | ᠮᠢᠨᠦ ᠦᠵᠡᠬᠦ ᠪᠠᠷ ᠪᠠᠭ᠎ᠠ ᠰᠤᠷᠭᠠᠭᠤᠯᠢ ᠶᠢᠨ ᠦᠶ᠎ᠡ ᠶᠢᠨ ᠬᠢᠴᠢᠶᠡᠯ ᠨᠢ ᠬᠡᠦᠬᠡᠳ ᠢ ᠠᠮᠠᠷᠬᠠᠨ ᠢᠶᠠᠷ | ᠰᠤᠷᠤᠯᠴᠠᠭᠤᠯᠵᠤ᠂ ᠰᠤᠷᠤᠭᠴᠢᠳ ᠤᠨ ᠢᠲᠡᠭᠡᠯ ᠵᠣᠷᠢᠭ ᠪᠠ ᠰᠣᠨᠢᠭᠤᠴᠢ ᠰᠡᠳᠬᠢᠯ ᠢ ᠨᠢ ᠪᠠᠲᠤᠯᠠᠬᠤ ᠶᠢᠨ ᠬᠠᠮᠲᠤ | ᠪᠠᠭ᠎ᠠ ᠰᠤᠷᠭᠠᠭᠤᠯᠢ ᠶᠢᠨ ᠰᠤᠷᠤᠭᠴᠢᠳ ᠢ ᠨᠠᠰᠤ ᠬᠤᠷᠠᠭ ᠬᠡᠦᠬᠡᠳ ᠲᠠᠢ ᠨᠠᠭᠠᠳᠤᠭᠤᠯᠬᠤ ᠨᠡᠩ ᠢᠯᠡᠭᠦᠦ ᠴᠠᠭ ᠲᠠᠢ | ᠪᠣᠯᠭᠠᠬᠤ ᠬᠡᠷᠡᠭᠲᠡᠶ᠂ ᠡᠨᠡ ᠨᠢ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠦᠰᠦᠨ ᠪᠤᠶᠢᠵᠢᠯᠲᠠ ᠳᠤ | ᠬᠠᠮᠤᠭ ᠤᠨ ᠠᠰᠢᠭᠲᠠᠶ ᠶᠤᠮ᠃ ᠲᠣᠭᠯᠠᠭᠠᠮ ᠤᠨ ᠳᠤᠮᠳᠠ᠂ ᠬᠡᠤᠬᠡᠳ ᠤᠳ ᠳᠠᠭᠤᠷᠢᠶᠠᠨ᠂ ᠪᠡᠶᠡᠴᠢᠯᠡᠨ ᠣᠶᠢᠯᠠᠭᠠᠵᠤ᠂ | ᠡᠭᠦᠳᠦᠨ ᠪᠦᠲᠦᠭᠡᠵᠦ᠂ ᠬᠠᠮᠳᠤ ᠪᠠᠷ ᠣᠷᠣᠰᠢᠨ ᠲᠣᠭᠲᠠᠨᠢᠬᠤ ᠪᠠ ᠵᠠᠩᠭᠢᠯᠠᠭ᠎ᠠ ᠶᠢᠨ ᠴᠢᠳᠠᠪᠤᠷᠢ ᠶᠢ ᠰᠤᠷᠴᠤ | ᠡᠵᠡᠮᠰᠢᠭᠡᠳ᠂ ᠪᠠᠶᠢᠭᠠᠯᠢ ᠪᠠ ᠪᠤᠰᠤᠳ ᠬᠥᠮᠦᠨ᠂ ᠨᠡᠶᠢᠭᠡᠮ ᠲᠠᠢ ᠶᠠᠷᠢᠯᠴᠠᠬᠤ ᠠᠷᠭ᠎ᠠ ᠮᠠᠶ᠋ᠢᠭ ᠢ ᠰᠣᠷᠣᠭᠰᠠᠨ | ᠪᠠᠶᠢᠨ᠎ᠠ᠃ ᠶᠠᠫᠣᠨ ᠤ ᠡᠷᠳᠡᠮᠲᠡᠨ ᠵᠢᠩ ᠱᠧᠨ ᠳ᠋ᠠ᠄ ︽ᠲᠣᠭᠯᠠᠭᠠᠮ ᠪᠣᠯ ᠬᠡᠤᠬᠡᠳ ᠤᠨ ᠬᠤᠶᠠᠳᠠᠬᠢ ᠠᠮᠢ ᠨᠠᠰᠤ ᠮᠥᠨ᠂ | ᠬᠡᠤᠬᠡᠳ ᠤᠨ ᠨᠢᠭᠡ ᠰᠤᠷᠭᠠᠭᠤᠯᠢ ᠮᠥᠨ︾ ᠭᠡᠵᠦ ᠦᠵᠡᠳᠡᠭ᠃ | ᠪᠠᠭᠰᠢ ᠪᠣᠯᠤᠭᠰᠠᠨ ᠤ ᠬᠤᠪᠢ ᠳᠤ ᠬᠡᠦᠬᠡᠳ ᠤᠨ ᠳᠠᠯᠳᠠ ᠴᠢᠳᠠᠪᠤᠷᠢ ᠶᠢ ᠰᠡᠷᠭᠦᠭᠡᠬᠦ ᠶᠢ ᠣᠯᠵᠤ ᠮᠡᠳᠡᠬᠦ | ᠬᠡᠷᠡᠭᠲᠡᠶ᠃ ᠭᠠᠭᠴᠠ ᠬᠦ ᠣᠳᠣᠬᠠᠨ ᠤ ᠰᠢᠯᠭᠠᠯᠲᠠ ᠶᠢᠨ ᠬᠢᠷᠢ ᠪᠦᠲᠦᠮᠵᠢ ᠪᠠᠷ ᠨᠢᠭᠡ ᠰᠤᠷᠤᠭᠴᠢ ᠶᠢᠨ ᠪᠦᠬᠦ | ᠲᠠᠯ᠎ᠠ ᠶᠢ ᠦᠨᠡᠯᠡᠵᠦ ᠪᠣᠯᠬᠤ ᠦᠭᠡᠢ᠂ ᠬᠠᠷᠢᠨ ᠣᠯᠠᠨ ᠲᠠᠯ᠎ᠠ ᠠᠴᠠ ᠰᠤᠷᠤᠭᠴᠢ ᠶᠢᠨ ᠳᠠᠯᠳᠠ ᠴᠢᠳᠠᠪᠤᠷᠢ ᠶᠢ | ᠠᠵᠢᠭᠯᠠᠵᠤ᠂ ᠠᠯᠢ ᠴᠢᠳᠠᠬᠤ ᠪᠠᠷ ᠪᠦᠬᠦ ᠬᠡᠦᠬᠡᠳ ᠤᠨ ᠣᠨᠴᠠ ᠴᠢᠳᠠᠪᠤᠷᠢ ᠶᠢ ᠭᠦᠭᠵᠢᠭᠦᠯᠦᠨ᠎ᠡ᠃ | ᠦᠨᠡᠨ ᠳᠤ ᠪᠠᠨ ᠬᠡᠦᠬᠡᠳ ᠨᠢᠭᠡ ᠪᠦᠷᠢ ᠤᠯᠠᠨ ᠠᠴᠠ ᠣᠨᠴᠠᠭᠠᠶ ᠤᠷᠮ᠎ᠠ ᠪᠠᠬ᠎ᠠ᠂ ᠣᠨᠴᠠᠭᠠᠶ ᠠᠪᠢᠶᠠᠰ ᠲᠠᠢ | ᠪᠠᠶᠢᠵᠤ᠂ ᠬᠡᠦᠬᠡᠳ ᠤᠨ ᠥᠪᠡᠷᠮᠢᠴᠡ ᠴᠢᠨᠠᠷ᠂ ᠣᠨᠴᠠᠭᠠᠶ ᠠᠪᠢᠶᠠᠰ ᠢ ᠬᠦᠨᠳᠦᠳᠬᠡᠪᠡᠯ ᠳᠠᠷᠤᠶ ᠬᠡᠦᠬᠡᠳ ᠲᠤ | ᠴᠢᠯᠥᠭᠡᠲᠡᠶ ᠪᠥᠭᠡᠳ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠶ ᠶᠢ ᠬᠠᠩᠭᠠᠨ ᠥᠭᠴᠦ᠂ ᠣᠶᠣᠨ ᠰᠠᠨᠠᠭᠠᠨ ᠤ | ᠠᠮᠢ ᠨᠠᠰᠤ ᠨᠢ ᠴᠢᠯᠥᠭᠡᠲᠡᠶ ᠠᠮᠢᠰᠬᠤᠵᠤ ᠴᠢᠳᠠᠬᠤ ᠶᠤᠮ᠃ | ︽ᠥᠨᠥᠳᠦᠷ ᠤᠨ ᠰᠤᠷᠤᠭᠴᠢᠳ ᠲᠤ ᠥᠭᠭᠦᠭᠰᠡᠨ ᠶᠠᠭᠤᠮ᠎ᠠ ᠶᠢ ᠬᠡᠵᠢᠶ᠎ᠡ ᠬᠡᠷᠡᠭᠯᠡᠵᠦ ᠪᠣᠯᠬᠤ ᠪᠤᠢ︖︾ ᠭᠡᠵᠦ | ᠪᠠᠭᠰᠢ ᠨᠠᠷ ᠡᠳᠦᠷ ᠪᠦᠷᠢ ᠥᠪᠡᠷ ᠤᠨ ᠪᠡᠶ᠎ᠡ ᠠᠴᠠ ᠪᠠᠨ ᠠᠰᠠᠭᠤᠪᠠᠯ ᠵᠣᠬᠢᠨ᠎ᠠ᠃ | ᠪᠠᠭᠰᠢ ᠵᠥᠪᠬᠡᠨ ᠰᠤᠷᠤᠭᠴᠢ ᠶᠢᠨ ᠬᠢᠷᠢ ᠪᠦᠲᠦᠮᠵᠢ ᠶᠢᠨ ᠲᠥᠯᠥᠭᠡ ᠠᠮᠢ ᠴᠦᠯᠡᠨ ᠴᠢᠷᠮᠠᠶᠢᠬᠤ ᠦᠶ᠎ᠡ ᠳᠤ᠂ | ᠪᠠᠭᠰᠢ ᠪᠣᠯ ᠮᠢᠨᠦ ᠲᠥᠯᠥᠭᠡ ᠴᠢᠷᠮᠠᠶᠢᠬᠤ ᠪᠢᠰᠢ᠂ ᠬᠠᠷᠢᠨ ᠲᠡᠭᠦᠨ ᠤ ᠢᠷᠠᠭᠤ ᠠᠯᠳᠠᠷ ᠤᠨ ᠲᠥᠯᠥᠭᠡ ᠴᠢᠷᠮᠠᠶᠢᠳᠠᠭ ᠢ | ᠰᠤᠷᠤᠭᠴᠢᠳ ᠪᠠᠰᠠ ᠮᠡᠳᠡᠳᠡᠭ᠂ ᠵᠠᠷᠢᠮ ᠳᠤ ᠪᠠᠨ ᠰᠤᠷᠤᠭᠴᠢᠳ ᠴᠢᠨᠦ ᠵᠢᠭᠠᠨ ᠰᠤᠷᠭᠠᠯᠳᠠ ᠳᠤ ᠳᠤᠷ᠎ᠠ | ᠦᠭᠡᠶᠢᠴᠡᠳᠡᠭ ᠶᠤᠮ᠃ | ᠪᠠᠭᠰᠢ ᠪᠣᠯᠤᠭᠰᠠᠨ ᠤ ᠬᠤᠪᠢ ᠳᠤ ᠪᠢᠳᠡ ᠡᠷᠬᠡᠪᠰᠢ ᠡᠷᠬᠢᠮ ᠳᠡᠭᠡᠳᠦ ᠬᠥᠮᠦᠨ ᠴᠢᠨᠠᠷ ᠤᠨ ᠲᠠᠲᠠᠬᠤ | ᠬᠦᠴᠦᠨ ᠲᠠᠢ ᠪᠠᠶᠢᠬᠤ ᠬᠡᠷᠡᠭᠲᠡᠶ᠂ ᠢᠲᠡᠭᠡᠯ ᠪᠢᠰᠢᠷᠡᠯ ᠤᠨ ᠰᠠᠭᠤᠷᠢᠨ ᠳᠡᠭᠡᠷ᠎ᠡ ᠪᠠᠭᠰᠢ ᠶᠢᠨ ᠢᠶᠠᠨ ᠰᠤᠷᠭᠠᠨ | ᠬᠥᠮᠦᠵᠢᠯ ᠢ ᠬᠥᠷᠳᠡᠪᠡᠯ᠂ ᠰᠤᠷᠤᠭᠴᠢᠳ ᠤᠨ ᠬᠥᠷᠳᠡᠬᠦ ᠰᠤᠷᠭᠠᠨ ᠬᠥᠮᠦᠵᠢᠯ ᠨᠢ ᠨᠡᠩ ᠭᠦᠨᠵᠡᠭᠡᠶ ᠪᠤᠯᠵᠤ᠂ ᠦᠷ᠎ᠡ | ᠪᠦᠲᠦᠮᠵᠢ ᠨᠢ ᠴᠦ ᠨᠡᠩ ᠰᠠᠶᠢᠨ ᠪᠣᠯᠬᠤ ᠶᠤᠮ︕ | ᠳᠥᠷᠪᠡ᠂ ᠮᠢᠨᠦ ᠨᠢᠳᠦᠨ ᠳᠠᠬᠢ ᠰᠤᠷᠭᠠᠭᠤᠯᠢ | ᠰᠦᠬᠤᠮᠯᠢᠨ᠋ᠰᠺᠢ ᠬᠡᠯᠡᠬᠦ ᠳᠤ ᠪᠠᠨ᠄ ︽ᠰᠤᠷᠭᠠᠭᠤᠯᠢ ᠶᠢ ᠤᠳᠤᠷᠢᠳᠬᠤ ᠳᠤ ᠪᠠᠨ ᠶᠠᠭᠤᠨ ᠤ ᠡᠮᠦᠨ᠎ᠡ ᠰᠤᠷᠭᠠᠨ | ᠬᠥᠮᠦᠵᠢᠯ ᠤᠨ ᠦᠵᠡᠯ ᠰᠠᠨᠠᠭ᠎ᠠ ᠶᠢ ᠤᠳᠤᠷᠢᠳᠴᠤ᠂ ᠲᠠᠷᠠᠭ᠎ᠠ ᠨᠢ ᠰᠠᠶ᠋ᠢ ᠵᠠᠰᠠᠭ ᠵᠠᠬᠢᠷᠭᠠᠨ ᠤ ᠲᠠᠯ᠎ᠠ ᠶᠢᠨ | ᠤᠳᠤᠷᠢᠳᠤᠯᠭ᠎ᠠ ᠶᠢ ᠤᠳᠤᠷᠢᠳᠬᠤ ᠬᠡᠷᠡᠭᠲᠡᠶ︾ ᠭᠡᠵᠡᠶ᠃ | ᠮᠡᠷᠺᠰ᠄ ︽ᠬᠥᠮᠦᠨ ᠤ ᠰᠡᠳᠬᠢᠯ ᠤᠨ ᠬᠠᠮᠢᠶᠠᠷᠤᠯᠲᠠ ᠶᠢ ᠡᠵᠡᠮᠳᠡᠶ᠎ᠡ︾ ᠭᠡᠳᠡᠭ ᠨᠣᠮ ᠳᠤ ᠪᠠᠨ᠄ ︽ᠬᠥᠮᠦᠨ | ᠪᠣᠯᠭᠠᠨ ᠥᠪᠡᠷ ᠢ ᠪᠠᠨ ᠴᠢᠬᠤᠯᠠ ᠬᠥᠮᠦᠨ ᠪᠣᠯᠬᠤ ᠶᠢ ᠬᠦᠰᠡᠳᠡᠭ᠂ ᠬᠠᠮᠢᠶᠠᠷᠤᠯᠲᠠ ᠶᠢᠨ ᠠᠮᠵᠢᠯᠲᠠ ᠨᠢ ᠬᠥᠮᠦᠨ | ᠪᠣᠯᠭᠠᠨ ᠳᠤ ᠥᠪᠡᠷ ᠢ ᠪᠠᠨ ᠴᠢᠬᠤᠯᠠ ᠭᠡᠳᠡᠭ ᠢ ᠮᠡᠳᠡᠷᠡᠭᠦᠯᠬᠦ ᠳᠤ ᠣᠷᠣᠰᠢᠨ᠎ᠠ︾ ᠭᠡᠰᠡᠨ ᠪᠠᠶᠢᠨ᠎ᠠ᠃ | ᠯᠢ ᠰᠢ ᠺᠦᠢ ᠪᠠᠭᠰᠢ ᠰᠤᠷᠭᠠᠭᠤᠯᠢ ᠶᠢᠨ ᠵᠠᠬᠢᠷᠤᠯ ᠪᠠᠶᠢᠬᠤ ᠳᠤ ᠪᠠᠨ ᠰᠤᠷᠭᠠᠭᠤᠯᠢ ᠶᠢᠨ ᠬᠠᠮᠢᠶᠠᠷᠤᠯᠲᠠ ᠶᠢᠨ | ᠲᠦᠷᠢᠮ ᠪᠠ ᠪᠠᠭᠰᠢ ᠶᠢᠨ ᠤᠳᠤᠷᠢᠳᠤᠯᠭ᠎ᠠ ᠶᠢᠨ ᠬᠡᠪ ᠴᠢᠨᠠᠷ ᠢ ᠣᠨᠴᠠᠭᠠᠶᠢᠯᠠᠨ ᠴᠢᠬᠤᠯᠠᠴᠢᠯᠠᠳᠠᠭ᠃ ᠤᠴᠢᠷ ᠨᠢ᠂ | ᠰᠠᠶᠢᠨ ᠪᠠᠭᠰᠢ ᠲᠠᠢ ᠪᠣᠯᠪᠠᠯ ᠯᠠᠪᠲᠠᠶ ᠰᠠᠶᠢᠨ ᠰᠤᠷᠤᠭᠴᠢ ᠶᠢ ᠬᠥᠮᠦᠵᠢᠭᠦᠯᠦᠨ ᠭᠠᠷᠭᠠᠵᠤ ᠲᠠᠶᠢᠯᠤᠨ᠎ᠠ᠃ ᠡᠶᠢᠮᠦ ᠠᠴᠠ | ᠡᠯ᠎ᠡ ᠲᠠᠯ᠎ᠠ ᠶᠢᠨ ᠬᠠᠮᠢᠶᠠᠷᠤᠯᠲᠠ ᠶᠢᠨ ᠲᠦᠷᠢᠮ ᠢ ᠭᠦᠨᠳᠤᠳᠭᠡᠭᠦ ᠴᠢᠬᠤᠯᠠᠲᠠᠢ ᠶᠤᠮ᠃ ᠪᠠᠭᠰᠢ ᠨᠢᠭᠡ ᠪᠦᠷᠢ ᠳᠤ | ᠥᠪᠡᠷ ᠢ ᠪᠠᠨ ᠮᠠᠰᠢ ᠴᠢᠬᠤᠯᠠ ᠭᠡᠳᠡᠭ ᠢ ᠮᠡᠳᠡᠭᠦᠯᠵᠦ᠂ ᠪᠠᠭᠰᠢ ᠨᠢᠭᠡ ᠪᠦᠷᠢ ᠶᠢ ᠰᠤᠷᠤᠭᠴᠢᠳ ᠤᠨ ᠢᠶᠠᠨ ᠲᠥᠯᠥᠭᠡ | ᠪᠣᠳᠣᠯᠬᠢᠯᠠᠭᠤᠯᠬᠤ ᠬᠡᠷᠡᠭᠲᠡᠶ᠃ ᠭᠠᠭᠴᠠ ᠬᠦ ᠪᠠᠭᠰᠢ ︽ᠴᠢᠬᠤᠯᠠ ᠬᠥᠮᠦᠨ ᠪᠣᠯᠬᠤ︾ ᠬᠦᠰᠡᠯ ᠢ ᠳᠠᠶᠢᠴᠢᠯᠠᠪᠠᠯ ᠰᠠᠶ᠋ᠢ | ᠬᠥᠮᠦᠨ ᠤ ᠠᠮᠢᠳᠤᠷᠠᠯ ᠤᠨ ᠣᠷᠳᠣ ᠵᠠᠮ ᠳᠡᠭᠡᠷ᠎ᠡ ᠲᠡᠳᠡᠨ ᠢ ᠵᠣᠷᠢᠬᠵᠢᠭᠤᠯᠤᠨ ᠨᠠᠩ ᠥᠨᠳᠥᠷ ᠬᠠᠷᠠᠯᠲᠠ ᠵᠦᠭ | ᠲᠠᠰᠤᠷᠠᠯᠲᠠ ᠥᠬᠡᠶ ᠤᠷᠤᠭᠰᠢᠯᠠᠭᠤᠯᠵᠤ ᠴᠢᠳᠠᠨ᠎ᠠ᠃ ᠪᠠᠭᠰᠢ ᠶᠢᠨ ᠲᠡᠷᠢᠭᠦᠨ ᠵᠡᠷᠭᠡ ᠨᠢ ᠵᠥᠪᠬᠡᠨ ᠰᠤᠷᠭᠠᠭᠤᠯᠢ ᠶᠢᠨ | ᠵᠣᠷᠢᠭᠤᠳᠠ ᠬᠥᠮᠦᠵᠢᠭᠦᠯᠦᠯ ᠠᠴᠠ ᠢᠷᠡᠳᠡᠭ ᠪᠢᠰᠢ᠂ ᠬᠠᠷᠢᠨ ᠠᠮᠢ ᠨᠠᠰᠤᠨ ᠤ ᠠᠮᠢᠵᠢᠷᠠᠯ ᠤᠨ ᠬᠦᠴᠦᠨ ᠢ ᠬᠥᠭᠵᠢᠭᠡᠬᠦ | ᠲᠣᠭᠲᠠᠴᠠ ᠠᠴᠠ ᠢᠷᠡᠳᠡᠭ᠂ ᠪᠠᠭᠰᠢ ᠶᠢᠨ ᠥᠪᠡᠷ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠠᠴᠠ | ᠢᠷᠡᠳᠡᠭ᠃ ᠵᠥᠪᠬᠡᠨ ᠱᠠᠩᠨᠠᠵᠤ ᠲᠤᠷᠭᠠᠬᠤ ᠠᠷᠭ᠎ᠠ ᠳᠤ ᠲᠦᠰᠢᠭᠯᠡᠵᠦ᠂ ᠵᠥᠪᠬᠡᠨ ᠵᠢᠭᠠᠨ ᠰᠤᠷᠭᠠᠯᠲᠠ ᠶᠢᠨ ᠬᠢᠷᠢ | ᠪᠦᠲᠦᠮᠵᠢ ᠪᠠᠷ ᠪᠠᠭᠰᠢ ᠨᠠᠷ ᠢ ᠦᠨᠡᠯᠡᠬᠦ ᠨᠢ ᠪᠠᠭ᠋ᠠᠨ ᠥᠷᠥᠭᠡᠰᠦᠭᠡᠯ ᠪᠠᠶᠢᠳᠠᠭ᠃ ᠰᠤᠷᠭᠠᠭᠤᠯᠢ ᠶᠢ ᠬᠠᠶᠢᠷ᠎ᠠ | ᠰᠡᠳᠬᠢᠯᠭᠡ ᠪᠠᠷ ᠪᠢᠯᠬᠠᠮ᠎ᠠ᠂ ᠠᠮᠢᠳᠤ ᠴᠣᠪᠣᠭᠤᠯᠢᠭ ᠠᠮᠢᠳᠤᠷᠠᠯ ᠲᠠᠢ᠂ ᠡᠷᠳᠡᠮ ᠮᠡᠳᠡᠯᠭᠡ ᠰᠤᠷᠬᠤ ᠴᠡᠩᠭᠡᠯ ᠤᠨ | ᠬᠦᠷᠢᠶᠡᠯᠡᠩ ᠪᠣᠯᠭᠠᠨ ᠡᠷᠬᠢᠯᠡᠬᠦ ᠬᠡᠷᠡᠭᠲᠡᠶ᠃ | ᠪᠢᠳᠠ ᠯᠢ ᠰᠢ ᠬᠦᠢ ᠪᠠᠭᠰᠢ ᠶᠢᠨ ᠡᠷᠬᠢᠮ ᠨᠠᠨᠳᠢᠨ ᠥᠩᠭᠡᠷᠡᠯᠲᠡ ᠠᠴᠠ ᠲᠤᠷᠰᠢᠯᠭ᠎ᠠ ᠬᠤᠷᠠᠮᠳᠤᠭᠤᠯᠵᠤ᠂ | ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠵᠤ᠂ | ᠴᠢᠯᠥᠭᠡᠲᠦ ᠰᠤᠷᠭᠠᠨ ᠬᠥᠮᠦᠵᠢᠯ ᠢ ᠲᠤᠷᠰᠢᠵᠤ ᠦᠵᠡᠶ᠎ᠡ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠰᠢᠯᠤᠭᠤᠨ ᠬᠥᠬᠡ ᠬᠤᠰᠢᠭᠤᠨ ᠤ | ᠨᠢᠬᠡᠳᠦᠭᠡᠷ ᠪᠠᠭ᠎ᠠ ᠰᠣᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |