2024 ᠣᠨ ᠤ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/4/2
      ᠰᠢᠨ᠎ᠡ ᠶᠢ ᠡᠭᠦᠳᠦᠨ ᠦᠢᠯᠡᠰ ᠪᠣᠰᠬᠠᠬᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠦᠢᠯᠡᠰ ᠪᠣᠰᠬᠠᠬᠤ ᠶᠢ ᠵᠢᠯᠣᠭᠤᠳᠬᠤ ᠪᠠ ᠦᠢᠯᠡᠴᠢᠯᠡᠬᠦ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠦᠭᠡ᠂ 3 ᠳ᠋ᠤᠭᠠᠷ ᠰᠠᠷ᠎ᠠ ᠶᠢᠨ 24 - 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠡᠷᠬᠢᠯᠡᠪᠡ᠃   

1.webp.jpg

      ᠡᠨᠡ ᠤᠳᠠᠭᠠᠨ ᠤ ᠪᠣᠯᠪᠠᠰᠤᠷᠠᠯ ᠢ ᠲᠤᠰᠬᠠᠢ ᠰᠡᠳᠦᠪᠲᠦ ᠲᠠᠶᠢᠯᠤᠮᠵᠢ ᠪᠠ ᠪᠠᠶᠢᠴᠠᠭᠠᠨ ᠰᠤᠳᠤᠯᠵᠤ ᠶᠠᠷᠢᠯᠴᠠᠬᠤ

ᠭᠡᠵᠦ ᠬᠤᠶᠠᠷ ᠬᠤᠪᠢᠶᠠᠪᠠ᠃ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠦᠢᠯᠡᠰ ᠪᠣᠰᠬᠠᠬᠤ

ᠬᠦᠷᠢᠶᠡᠨ ᠳᠠᠬᠢ ᠨᠡᠷᠡᠲᠦ ᠲᠤᠰᠬᠠᠢ ᠮᠡᠷᠭᠡᠵᠢᠯᠲᠡᠨ ᠠᠴᠠ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ

ᠦᠢᠯᠡᠰ ᠪᠣᠰᠬᠠᠬᠤ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠣᠯᠤᠨ ᠳᠣᠭᠲᠠᠯᠴᠠᠭᠠᠨ ᠤ

ᠪᠠᠶᠢᠭᠤᠯᠤᠯᠲᠠ᠂ ᠤᠶᠤᠲᠠᠳ ᠤᠨ ᠦᠢᠯᠡᠰ ᠪᠣᠰᠬᠠᠬᠤ ᠬᠠᠨᠳᠤᠰᠢ ᠶᠢᠨ ᠵᠠᠳᠠᠯᠤᠯᠲᠠ᠂ ᠦᠢᠯᠡᠰ ᠪᠣᠰᠬᠠᠬᠤ ᠰᠤᠷᠭᠠᠨ

ᠬᠥᠮᠦᠵᠢᠯ ᠤᠨ ᠭᠠᠵᠠᠷ ᠣᠷᠣᠨᠴᠢᠯᠠᠭᠰᠠᠨ ᠰᠥᠪᠡᠭᠴᠢᠯᠡᠯᠲᠡ ᠪᠣᠯᠤᠨ ᠦᠢᠯᠡᠳᠦᠯᠭᠡ᠂ ᠶᠡᠭᠡ ᠳᠡᠭᠡᠳᠦ ᠰᠤᠷᠭᠠᠭᠤᠯᠢ ᠶᠢᠨ

ᠲᠤᠰᠬᠠᠢ ᠮᠡᠷᠭᠡᠵᠢᠯ ᠪᠠ ᠰᠢᠨ᠎ᠡ ᠶᠢ ᠡᠭᠦᠳᠬᠦ ᠶᠢ ᠠᠭᠤᠰᠬᠠᠬᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ

ᠠᠭᠤᠰᠬᠠᠬᠤ ᠵᠡᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠲᠠᠶᠢᠯᠤᠮᠵᠢ ᠬᠢᠭᠰᠡᠨ ᠪᠠ ᠲᠤᠷᠰᠢᠯᠭ᠎ᠠ ᠪᠠᠨ

ᠬᠤᠪᠢᠶᠠᠯᠴᠠᠪᠠ᠃ ᠡᠭᠦᠨ ᠤ ᠬᠠᠮᠲᠤ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠵᠧᠵᠢᠶᠠᠩ ᠶᠡᠭᠡ

ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠ ᠴᠠᠭ

ᠦᠶ᠎ᠡ ᠶᠢᠨ ᠴᠢᠶᠠᠩ ᠶᠢᠩ ᠵᠠᠯᠠᠭᠤ ᠴᠢᠳᠠᠪᠤᠷᠢᠲᠠᠨ ᠢ ᠬᠥᠭᠵᠢᠭᠦᠯᠬᠦ ᠲᠠᠪᠴᠠᠩ ᠳᠤ ᠲᠤᠬᠠᠢ ᠶᠢᠨ ᠭᠠᠵᠠᠷ ᠲᠤ ᠨᠢ

ᠪᠠᠶᠢᠴᠠᠭᠠᠨ ᠰᠣᠳᠤᠯᠵᠤ᠂ ᠬᠦᠷᠢᠶᠡᠯᠡᠩ ᠲᠣᠭᠤᠷᠢᠭ ᠤᠨ ᠴᠢᠨᠠᠷᠯᠢᠭ ᠠᠵᠤ ᠠᠬᠤᠶᠢᠯᠠᠯ  ᠢ ᠪᠠᠶᠢᠴᠠᠭᠠᠬᠤ ᠶᠢᠨ ᠬᠠᠮᠲᠤ

ᠶᠠᠷᠢᠯᠴᠠᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠢᠯᠡᠳᠪᠦᠷᠢ ᠪᠠ ᠰᠤᠷᠭᠠᠨ

ᠬᠥᠮᠥᠵᠢᠯ ᠢ ᠠᠭᠤᠰᠬᠠᠬᠤ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠴᠢᠳᠠᠪᠤᠷᠢᠲᠠᠨ ᠢ ᠬᠥᠮᠦᠵᠢᠭᠦᠯᠬᠦ ᠪᠠ ᠦᠢᠯᠡᠰ

ᠪᠣᠰᠬᠠᠬᠤ ᠶᠠᠪᠤᠴᠠ ᠳᠤ ᠠᠰᠠᠭᠤᠳᠠᠯ ᠪᠠ ᠲᠤᠷᠰᠢᠯᠭ᠎ᠠ ᠶᠢ ᠭᠦᠨᠵᠡᠭᠡᠢ ᠰᠣᠯᠢᠯᠴᠠᠨ᠂ ᠮᠠᠨ ᠤ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠤᠶᠤᠲᠠᠳ ᠤᠨ ᠦᠢᠯᠡᠰ ᠪᠣᠰᠬᠠᠬᠤ ᠲᠥᠷᠥᠯ ᠵᠦᠢᠯ ᠤᠨ ᠵᠢᠯᠣᠭᠤᠳᠣᠯᠭ᠎ᠠ ᠪᠠ ᠦᠢᠯᠡᠴᠢᠯᠡᠭᠡᠨ ᠤ

ᠲᠤᠰᠬᠠᠶᠢᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ

ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ᠃

       

2.webp.jpg

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠵᠤ᠂ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠬᠤ

ᠬᠢᠴᠢᠶᠡᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠳᠡᠭᠡᠳᠦ

ᠰᠤᠷᠭᠠᠭᠤᠯᠢ ᠶᠢᠨ ᠠᠵᠢᠯ ᠣᠯᠭᠤᠯᠲᠠ ᠪᠠᠷ ᠬᠥᠮᠦᠨ ᠬᠥᠮᠦᠵᠢᠭᠦᠯᠬᠦ ᠠᠵᠢᠯ ᠤᠨ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠬᠦ ᠶᠢ ᠠᠬᠢᠭᠤᠯᠵᠤ᠂ ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢᠨ ᠭᠤᠣᠯᠯᠠᠬᠤ ᠥᠷᠢᠰᠥᠯᠳᠦᠬᠦ

ᠬᠦᠴᠦᠨ ᠢ ᠦᠨᠡᠨ ᠬᠦ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠵᠤ ᠦᠢᠯᠡᠰ ᠪᠣᠰᠬᠠᠬᠤ ᠶᠢ

ᠵᠢᠯᠣᠭᠤᠳᠬᠤ ᠦᠢᠯᠡᠴᠢᠯᠡᠭᠡᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠎ᠠ᠃

     ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠦᠢᠯᠡᠰ ᠪᠣᠰᠬᠠᠬᠤ ᠶᠢ ᠵᠢᠯᠣᠭᠤᠳᠬᠤ ᠠᠵᠢᠯ ᠤᠨ ᠡᠭᠦᠷᠭᠡ

ᠴᠢᠳᠠᠮᠵᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠨᠡ ᠤᠳᠠᠭᠠᠨ ᠤ ᠪᠣᠯᠪᠠᠰᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号