2024 ᠣᠨ ᠤ ᠪᠦᠬᠦ ᠣᠷᠣᠨ ᠤ ᠳᠦᠷᠢᠮᠵᠢᠭᠦᠯᠦᠭᠰᠡᠨ ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/4/24
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽2024 ᠣᠨ ᠤ ᠪᠦᠬᠦ ᠣᠷᠣᠨ ᠤ ᠳᠦᠷᠢᠮᠵᠢᠭᠦᠯᠦᠭᠰᠡᠨ ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ︾ ᠢ ᠡᠷᠬᠢᠯᠡᠬᠦ ᠪᠠᠷ ᠪᠣᠢ᠃      ᠤᠷᠤᠯᠳᠤᠭᠠᠨ ᠳᠤ ᠣᠷᠣᠯᠴᠠᠬᠤ ᠡᠲᠡᠭᠡᠳ ᠵᠢᠴᠢ ᠳᠤᠭᠤᠶᠢᠯᠠᠩ      ᠤᠷᠤᠯᠳᠤᠭᠠᠨ ᠳᠤ ᠣᠷᠣᠯᠴᠠᠬᠤ ᠡᠲᠡᠭᠡᠳ ᠪᠣᠯ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ ᠪᠠ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠣᠯᠤᠨ᠎ᠠ᠃      ᠤᠷᠤᠯᠳᠤᠭᠠᠨ ᠢ ᠪᠠᠭ᠎ᠠ ᠰᠤᠷᠭᠠᠭᠤᠯᠢ ︵4 - 6 ᠣᠨ︶ ᠶᠢᠨ ᠰᠤᠷᠤᠭᠴᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠤᠭᠤᠶᠢᠯᠠᠩ ᠭᠡᠵᠦ 7 ᠳᠤᠭᠤᠶᠢᠯᠠᠩ ᠬᠤᠪᠢᠶᠠᠨ᠎ᠠ᠃      ᠤᠷᠤᠯᠳᠤᠭᠠᠨ ᠤ ᠬᠡᠯᠪᠡᠷᠢ      ᠤᠷᠤᠯᠳᠤᠭᠠᠨ ᠢ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠨ᠎ᠠ᠃      ᠠᠩᠬᠠᠨ ᠤ ᠤᠷᠤᠯᠳᠤᠭᠠᠨ ᠢ ᠡᠯ᠎ᠡ ᠠᠶᠢᠮᠠᠭ ᠬᠤᠲᠠ ᠪᠠ ᠶᠡᠭᠡ ᠳᠡᠭᠡᠳᠦ ᠰᠤᠷᠭᠠᠭᠤᠯᠢ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠮᠠᠭ ᠬᠤᠲᠠ ᠪᠠ ᠶᠡᠭᠡ ᠳᠡᠭᠡᠳᠦ ᠰᠤᠷᠭᠠᠭᠤᠯᠢ ᠪᠠᠷ ᠨᠢᠭᠡᠴᠢ ᠪᠣᠯᠭᠠᠨ᠂ ᠳᠤᠭᠤᠶᠢᠯᠠᠩ ᠬᠤᠪᠢᠶᠠᠨ ᠰᠢᠯᠭᠠᠷᠠᠭᠤᠯᠤᠭᠰᠠᠨ ᠠᠩᠬᠠᠨ ᠤ ᠤᠷᠤᠯᠳᠤᠭᠠᠨ  ᠤ ᠰᠢᠯᠢᠳᠡᠭ ᠳᠤᠭᠤᠶᠢᠯᠠᠩ ᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ  ᠳᠤ ᠣᠷᠣᠯᠴᠠᠭᠤᠯᠤᠨ᠎ᠠ᠃ ᠳᠤᠭᠤᠶᠢᠯᠠᠩ ᠪᠦᠷᠢ 3 ᠣᠷᠣᠯᠴᠠᠭᠴᠢ  ᠪᠠᠷ ᠪᠦᠷᠢᠯᠳᠦᠨ᠂ ᠳᠤᠭᠤᠶᠢᠯᠠᠩ ᠪᠦᠷᠢ ᠳᠤ 1 ᠵᠢᠯᠣᠭᠤᠳᠬᠤ ᠪᠠᠭᠰᠢ ᠶᠢ ᠲᠣᠭᠲᠠᠭᠠᠵᠤ᠂ ᠰᠤᠷᠭᠠᠭᠤᠯᠢ ᠠᠯᠤᠰᠯᠠᠨ ᠳᠤᠭᠤᠶᠢᠯᠠᠩ ︽ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ  ᠶᠢᠨ ᠳᠤᠭᠤᠶᠢᠯᠠᠩ᠂ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ ᠢ ᠪᠠᠭᠲᠠᠭᠠᠬᠤ ᠦᠭᠡᠢ︶ ᠵᠣᠬᠢᠶᠠᠨ ᠪᠠᠶᠢᠭᠤᠯᠬᠤ ᠶᠢ ᠵᠦᠪᠰᠢᠶᠡᠷᠡᠨ᠎ᠡ᠃ ᠠᠩᠬᠠᠨ ᠤ ᠤᠷᠤᠯᠳᠤᠭᠠᠨ ᠢ 5 ᠰᠠᠷ᠎ᠠ ᠶᠢᠨ 23 ᠤ ᠡᠳᠦᠷ ᠠᠴᠠ ᠡᠮᠦᠨ᠎ᠡ ᠳᠠᠭᠤᠰᠬᠠᠨ᠎ᠠ᠃      ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ  ᠶᠢᠨ ᠳᠤᠭᠤᠶᠢᠯᠠᠩ᠂ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ ᠤᠨ ᠨᠡᠷ᠎ᠡ ᠮᠡᠳᠡᠭᠦᠯᠦᠭᠰᠡᠨ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠤᠭ᠎ᠠ ᠶᠢ ᠦᠵᠡᠵᠦ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠬᠤ ᠡᠰᠡᠬᠦ ᠶᠢ ᠳᠣᠭᠲᠠᠭᠠᠨ᠎ᠠ᠂ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠤᠭ᠎ᠠ 12 ᠠᠴᠠ  ᠢᠯᠡᠭᠦᠦ ᠦᠶ᠎ᠡ ᠳᠤ᠂ ᠤᠷᠢᠳ ᠢᠶᠠᠷ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠤᠨ᠂ 12 ᠢ ᠰᠢᠯᠭᠠᠷᠠᠭᠤᠯᠵᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠳᠤ ᠣᠷᠣᠯᠴᠠᠬᠤ ᠳᠣᠭᠤᠶᠢᠯᠠᠩ ᠤᠨ ᠲᠤᠭ᠎ᠠ 12 ᠠᠴᠠ ᠪᠠᠭ᠎ᠠ ᠦᠶ᠎ᠡ ᠳᠤ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠬᠤ ᠦᠭᠡᠢ᠂ ᠰᠢᠢᠳᠪᠦᠷᠢᠲᠦ ᠤᠷᠤᠯᠳᠤᠭᠠᠨ ᠢ ᠰᠢᠭᠤᠳ ᠶᠠᠪᠤᠭᠳᠠᠭᠤᠯᠤᠨ᠎ᠠ᠃ ᠪᠤᠰᠤᠳ ᠳᠤᠭᠤᠶᠢᠯᠠᠩ ᠵᠥᠪᠬᠡᠨ ᠰᠢᠢᠳᠪᠦᠷᠢᠲᠦ ᠤᠷᠤᠯᠳᠤᠭᠠᠨ ᠬᠢᠨ᠎ᠡ᠃ ᠱᠠᠭᠠᠷᠳᠠᠯᠭ᠎ᠠ ᠶᠣᠰᠣᠭᠠᠷ ᠳᠤᠭᠤᠶᠢᠯᠠᠩ ᠵᠣᠬᠢᠶᠠᠨ ᠪᠠᠶᠢᠭᠤᠯᠤᠭᠰᠠᠨ ᠦᠭᠡᠢ ᠪᠣᠯ ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠦᠴᠦᠨ ᠦᠭᠡᠢ ᠪᠣᠯᠭᠠᠨ᠎ᠠ᠃ ᠤᠷᠤᠯᠳᠤᠭᠠᠨ ᠢ ᠠᠬᠤᠢ ᠲᠠᠯᠠᠪᠠᠢ ᠳᠤ ᠬᠤᠪᠢ ᠥᠭᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃      ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠪᠣᠳᠠᠲᠠᠢ ᠵᠦᠢᠯ ᠢ ᠠᠰ  ᠲᠤ ᠨᠢ           ᠮᠡᠳᠡᠭᠳᠡᠨ᠎ᠡ᠃      ᠤᠷᠤᠯᠳᠤᠭᠠᠨ ᠤ ᠳᠦᠷᠢᠮ      ᠤᠷᠤᠯᠳᠤᠭᠠᠨ ᠤ ᠰᠢᠯᠭᠠᠯᠲᠠ ᠶᠢᠨ ᠰᠡᠳᠦᠪ ᠢ 2013 ᠣᠨ ᠳᠤ ᠨᠡᠶᠢᠲᠡᠯᠡᠭᠰᠡᠨ ᠤᠯᠤᠰ ᠤᠨ ︽ᠨᠡᠶᠢᠳᠡᠮ ᠬᠡᠷᠡᠭᠯᠡᠬᠦ ᠳᠦᠷᠢᠮᠵᠢᠭᠦᠯᠦᠭᠰᠡᠨ ᠬᠢᠲᠠᠳ ᠦᠰᠦᠭ ᠤᠨ ᠬᠦᠰᠦᠨᠦᠭᠲᠦ︾ ᠪᠠᠷ ᠰᠠᠭᠤᠷᠢ ᠪᠣᠯᠭᠠᠵᠤ᠂ ᠳᠤᠮᠳᠠᠳᠤ ᠶᠢᠨ ᠰᠣᠩᠭᠤᠳᠠᠭ ᠨᠡᠷᠡᠲᠦ ᠵᠣᠬᠢᠶᠠᠯ᠂ ᠰᠢᠯᠦᠭ ᠳᠠᠭᠤᠯᠠᠯ ᠤᠨ ᠬᠤᠯᠪᠣᠭᠳᠠᠯ ᠪᠦᠬᠦᠢ ᠠᠭᠤᠯᠭ᠎ᠠ ᠲᠠᠢ ᠤᠶᠠᠯᠳᠤᠭᠤᠯᠤᠨ ᠰᠤᠳᠤᠯᠤᠨ ᠦᠢᠯᠡᠳᠪᠡ᠃      ᠰᠡᠳᠦᠪ ᠬᠠᠷᠢᠭᠤᠯᠬᠤ ᠬᠡᠯᠪᠡᠷᠢ ᠳᠤ ᠪᠢᠴᠢᠬᠦ ᠪᠠ ᠰᠢᠭᠤᠳ ᠬᠠᠷᠢᠭᠤᠯᠬᠤ ᠶᠢ ᠪᠠᠭᠲᠠᠭᠠᠨ᠎ᠠ᠃ ᠪᠢᠴᠢᠬᠦ ᠰᠢᠯᠭᠠᠯᠲᠠ ᠳᠤ ᠬᠠᠪᠲᠠᠭᠠᠢ ᠡᠯᠧᠺᠲᠷᠣᠨ ᠲᠥᠬᠦᠭᠡᠷᠦᠮᠵᠢ ᠶᠢ ᠬᠡᠷᠡᠭᠯᠡᠵᠦ᠂ ᠤᠷᠤᠯᠳᠤᠭᠠᠨ ᠳᠤ ᠣᠷᠣᠯᠴᠠᠭᠰᠠᠳ ᠡᠷᠬᠡᠪᠰᠢ ᠳᠦᠷᠢᠮᠵᠢᠭᠦᠯᠦᠭᠰᠡᠨ ᠬᠢᠲᠠᠳ ᠦᠰᠦᠭ ᠢ ᠪᠢᠴᠢᠵᠦ᠂ ᠵᠢᠷᠤᠯᠭ᠎ᠠ ᠶᠢᠨ ᠳᠡᠰ ᠳᠠᠷᠠᠭᠠᠯᠠᠯ ᠳᠦᠷᠢᠮᠵᠢᠯ ᠳᠤ ᠨᠡᠶᠢᠴᠡᠵᠦ᠂ ᠦᠰᠦᠭ ᠤᠨ ᠲᠢᠭ ᠬᠢᠴᠢᠶᠡᠩᠭᠦᠢ ᠦᠰᠦᠭ ᠪᠠᠶᠢᠬᠤ ᠬᠡᠷᠡᠭᠲᠡᠢ︔ ᠰᠢᠭᠤᠳ ᠬᠠᠷᠢᠭᠤᠯᠬᠤ           ᠰᠡᠳᠦᠪ ᠲᠤ ᠡᠷᠬᠡᠪᠰᠢ ᠨᠡᠶᠢᠲᠡᠯᠢᠭ ᠬᠡᠯᠡ ᠶᠢ ᠬᠡᠷᠡᠭᠯᠡᠵᠦ᠂ ᠠᠪᠢᠶ᠎ᠠ ᠲᠣᠳᠣᠷᠬᠠᠢ᠂ ᠳᠦᠷᠢᠮᠵᠢᠯ ᠲᠠᠢ ᠪᠠᠶᠢᠬᠤ           ᠬᠡᠷᠡᠭᠲᠡᠢ᠃ ᠬᠢᠵᠠᠭᠠᠷᠯᠠᠭᠰᠠᠨ ᠴᠠᠭ  ᠤᠨ ᠳᠣᠲᠤᠷ᠎ᠠ᠂ ᠣᠷᠣᠯᠴᠠᠭᠰᠠᠳ ᠰᠡᠳᠦᠪ ᠤᠨ ᠠᠭᠤᠯᠭ᠎ᠠ ᠳᠤ ᠵᠠᠰᠠᠪᠤᠷᠢ ᠣᠷᠣᠭᠤᠯᠬᠤ ᠪᠤᠶᠤ ᠳᠠᠬᠢᠨ ᠬᠠᠷᠢᠭᠤᠯᠵᠤ ᠪᠣᠯᠤᠨ᠎ᠠ᠃      ᠱᠠᠩᠨᠠᠯ ᠤᠨ ᠲᠣᠬᠢᠷᠠᠭᠤᠯᠤᠯᠲᠠ      ᠡᠯ᠎ᠡ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ ᠳᠠᠷᠠᠭ᠎ᠠ᠂ ᠮᠠᠩᠯᠠᠢ ᠳᠤᠭᠤᠶᠢᠯᠠᠩ 1᠂           ᠳᠡᠳ᠋ ᠳᠤᠭᠤᠶᠢᠯᠠᠩ 2᠂ ᠭᠤᠲᠠᠭᠠᠷ ᠳᠤᠭᠤᠶᠢᠯᠠᠩ 3 ᠶᠢ ᠰᠢᠯᠭᠠᠷᠠᠭᠤᠯᠵᠤ᠂ ᠤᠷᠤᠯᠳᠤᠭᠠᠨ ᠳᠤ ᠣᠷᠣᠯᠴᠠᠭᠰᠠᠨ             ᠪᠤᠰᠤᠳ ᠳᠤᠭᠤᠶᠢᠯᠠᠩ ᠰᠢᠯᠢᠳᠡᠭ ᠱᠠᠩᠨᠠᠯ ᠭᠦᠷᠲᠡᠨ᠎ᠡ︔ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠤᠭ᠎ᠠ 12 ᠬᠦᠷᠬᠦ ᠦᠭᠡᠢ ᠪᠣᠯ᠂ ᠮᠠᠩᠯᠠᠢ ᠳᠤᠭᠤᠶᠢᠯᠠᠩ 1 ᠶᠢ ᠰᠢᠯᠭᠠᠷᠠᠭᠤᠯᠵᠤ᠂ ᠳᠡᠳ᠋ ᠳᠤᠭᠤᠶᠢᠯᠠᠩ ᠪᠠ ᠭᠤᠲᠠᠭᠠᠷ ᠳᠤᠭᠤᠶᠢᠯᠠᠩ  ᠢ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠣᠭᠠᠨ ᠤ ᠬᠠᠷᠢᠴᠠᠯ ᠤᠨ 20% ᠪᠠ 25% ᠢᠶᠠᠷ ᠰᠢᠯᠭᠠᠷᠠᠭᠤᠯᠤᠨ᠎ᠠ ︵ᠲᠡᠭᠰᠢ ᠲᠤᠭ᠎ᠠ ᠪᠢᠰᠢ ᠪᠣᠯ ᠲᠥᠷᠪᠡ              ᠶᠢ ᠬᠠᠶᠠᠵᠤ ᠲᠠᠪᠤ ᠶᠢ ᠳᠡᠪᠰᠢᠭᠦᠯᠬᠦ ᠪᠠᠷ ᠪᠥᠳᠦᠨ ᠲᠤᠭ᠎ᠠ ᠶᠢ ᠦᠯᠡᠳᠡᠭᠡᠨ᠎ᠡ︶᠃ ᠤᠷᠤᠯᠳᠤᠭᠠᠨ ᠳᠤ           ᠣᠷᠣᠯᠴᠠᠭᠰᠠᠨ ᠳᠤᠭᠤᠶᠢᠯᠠᠩ ᠤᠨ ᠣᠯᠤᠭᠰᠠᠨ ᠬᠤᠪᠢ ᠶᠢ ᠥᠨᠳᠥᠷ ᠠᠴᠠ ᠳᠣᠣᠷ᠎ᠠ ᠲᠡᠶᠢᠰᠢ ᠵᠢᠭᠰᠠᠭᠠᠵᠤ ᠰᠢᠯᠭᠠᠷᠠᠭᠤᠯᠤᠨ᠎ᠠ᠃ ᠮᠠᠩᠯᠠᠶᠢᠯᠠᠭᠰᠠᠨ ᠳᠤᠭᠤᠶᠢᠯᠠᠩ ᠢ ᠵᠢᠯᠣᠭᠤᠳᠤᠭᠰᠠᠨ ᠪᠠᠭᠰᠢ ᠰᠢᠯᠢᠳᠡᠭ ᠵᠢᠯᠣᠭᠤᠳᠤᠭᠰᠠᠨ ᠪᠠᠭᠰᠢ ᠶᠢᠨ ᠱᠠᠩᠨᠠᠯ ᠭᠦᠷᠲᠡᠨ᠎ᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠩᠨᠠᠯ ᠣᠯᠤᠭᠰᠠᠨ ᠠᠶᠢᠮᠠᠭ ᠬᠤᠲᠠ᠂ ᠳᠡᠭᠡᠳᠦ ᠰᠤᠷᠭᠠᠭᠤᠯᠢ ᠵᠢᠴᠢ ᠣᠷᠣᠯᠴᠠᠭᠴᠢ᠂ ᠵᠢᠯᠣᠭᠤᠳᠤᠭᠰᠠᠨ ᠪᠠᠭᠰᠢ ᠳᠤ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃      ᠠᠵᠢᠯ ᠤᠨ ᠱᠠᠭᠠᠷᠳᠠᠯᠭ᠎ᠠ      ᠡᠨᠡ ᠤᠳᠠᠭᠠᠨ ᠤ ᠰᠣᠨᠣᠰᠴᠤ ᠪᠢᠴᠢᠬᠦ ᠤᠷᠤᠯᠳᠤᠭᠠᠨ ᠢ ᠡᠷᠬᠢᠯᠡᠵᠦ ᠪᠠᠶᠢᠭ᠎ᠠ ᠪᠣᠯ ᠮᠠᠨ ᠤ ᠣᠷᠣᠨ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠬᠤ ᠢᠨᠵᠧᠨᠧᠷᠢᠩ ᠤᠨ ᠬᠡᠷᠡᠭᠵᠢᠭᠦᠯᠬᠦ           ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠶᠢᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ ᠮᠠᠨ ᠤ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠢᠲᠠᠳ ᠦᠰᠦᠭ ᠢ ᠰᠣᠨᠣᠰᠴᠤ ᠪᠢᠴᠢᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠴᠢᠨᠠᠷᠯᠢᠭ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ ᠶᠤᠮ᠃      ᠡᠯ᠎ᠡ ᠭᠠᠵᠠᠷ ᠤᠨ ᠡᠯ᠎ᠡ ᠰᠤᠷᠭᠠᠭᠤᠯᠢ ᠳᠦᠷᠢᠮᠵᠢᠭᠦᠯᠦᠭᠰᠡᠨ ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ ᠢ ᠥᠷᠨᠢᠭᠦᠯᠬᠦ ᠠᠵᠢᠯᠯᠠᠭ᠎ᠠ ᠪᠣᠯ ᠥᠷᠭᠡᠨ ᠣᠯᠠᠨ ᠪᠠᠭᠰᠢ ᠰᠤᠷᠤᠭᠴᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ ᠪᠠ ᠦᠭᠡ ᠬᠡᠯᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ᠂ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠲᠤᠰ ᠭᠠᠵᠠᠷ ᠣᠷᠣᠨ᠂ ᠰᠤᠷᠭᠠᠭᠤᠯᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠤᠷᠤᠯᠳᠤᠭᠠᠨ ᠪᠣᠯᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠣᠷᠭᠠᠨᠢᠭ ᠢᠶᠠᠷ ᠠᠭᠤᠰᠬᠠᠵᠤ᠂ ᠬᠠᠷᠢᠯᠴᠠᠨ ᠠᠬᠢᠭᠤᠯᠬᠤ ᠶᠢ ᠴᠢᠬᠤᠯᠠᠴᠢᠯᠠᠵᠤ᠂ ᠤᠷᠤᠯᠳᠤᠭᠠᠨ ᠢᠶᠠᠷ ᠳᠠᠮᠵᠢᠭᠤᠯᠤᠨ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠰᠠᠨᠠᠭᠠᠴᠢᠯᠠᠭᠠᠲᠤ ᠴᠢᠨᠠᠷ ᠪᠣᠯᠤᠨ ᠢᠳᠡᠪᠬᠢᠵᠢᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠰᠤᠷᠤᠭᠴᠢᠳ ᠰᠠᠶᠢᠨ ᠳᠤᠷ᠎ᠠ ᠠᠴᠠ ᠪᠠᠨ ᠪᠤᠶᠤ ᠬᠡᠪ ᠤᠨ ᠰᠤᠷᠤᠯᠭ᠎ᠠ ᠪᠠᠨ ᠨᠥᠯᠥᠭᠡᠯᠡᠬᠦ ᠦᠭᠡᠢ ᠪᠠᠶᠢᠬᠤ ᠤᠷᠢᠲᠠᠯ ᠳᠣᠣᠷ᠎ᠠ ᠠᠩᠬᠠᠨ ᠤ ᠤᠷᠤᠯᠳᠤᠭᠠᠨ ᠢ ᠵᠣᠬᠢᠶᠠᠨ ᠪᠠᠶᠢᠭᠤᠯᠵᠤ᠂ ᠬᠢᠴᠢᠶᠡᠯ ᠵᠣᠭᠰᠣᠵᠤ ᠪᠣᠯᠪᠠᠰᠤᠷᠠᠭᠤᠯᠬᠤ ᠪᠠ ᠥᠨᠳᠥᠷ ᠬᠦᠴᠦᠯᠡᠴᠡ ᠲᠠᠢ ᠲᠥᠪᠯᠡᠷᠡᠭᠦᠯᠦᠨ ᠪᠣᠯᠪᠠᠰᠤᠷᠠᠭᠤᠯᠬᠤ ᠶᠢ ᠴᠢᠩᠭ᠎ᠠ ᠬᠤᠷᠢᠭᠯᠠᠵᠤ᠂ ᠰᠤᠷᠤᠭᠴᠢᠳ ᠠᠴᠠ ᠶᠠᠮᠠᠷ ᠪᠠ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠤᠷᠤᠯᠳᠤᠭᠠᠨ ᠢ ᠵᠣᠬᠢᠶᠠᠨ ᠪᠠᠶᠢᠭᠤᠯᠬᠤ ᠤᠬᠠᠭᠤᠯᠭ᠎ᠠ ᠶᠢ ᠰᠠᠶᠢᠲᠤᠷ ᠬᠢᠵᠦ᠂ ᠤᠷᠤᠯᠳᠤᠭᠠᠨ ᠤ ᠠᠵᠢᠯᠯᠠᠭ᠎ᠠ ᠶᠢᠨ ᠦᠰᠦᠭ ᠪᠢᠴᠢᠭ᠂ ᠭᠡᠷᠡᠯ ᠵᠢᠷᠤᠭ᠂ ᠸᠢᠳᠢᠣ᠋ ᠵᠡᠷᠭᠡ ᠮᠠᠲ᠋ᠧᠷᠢᠶᠠᠯ ᠢ ᠴᠤᠭᠯᠠᠭᠤᠯᠬᠤ ᠶᠢ ᠴᠢᠬᠤᠯᠠᠴᠢᠯᠠᠵᠤ᠂ ᠬᠤᠯᠪᠣᠭᠳᠠᠯ ᠪᠦᠬᠦᠢ ᠵᠠᠭᠤᠴᠢᠯᠠᠭᠤᠷ ᠲᠠᠢ ᠢᠳᠡᠪᠬᠢᠲᠡᠢ ᠬᠠᠷᠢᠯᠴᠠᠵᠤ ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号