2024 ᠣᠨ ᠤ ᠪᠦᠬᠦ ᠣᠷᠣᠨ ᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠤᠰᠢᠭᠤ ᠰᠢᠶᠠᠨ ᠢᠶᠠᠷ ᠮᠠᠭᠠᠳᠯᠠᠨ ᠳᠣᠭᠲᠠᠭᠠᠭᠰᠠᠨ ᠨᠡᠷᠡᠰ ᠢ ᠮᠡᠳᠡᠭᠦᠯᠬᠦ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/4/25
      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢᠨ ᠲᠥᠯᠥᠭᠡ᠂ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠎ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠵᠤ ᠬᠥᠭᠵᠢᠭᠦᠯᠬᠦ ᠲᠤᠬᠠᠢ ᠰᠠᠨᠠᠯ ᠤᠳ︾᠎ ᠤᠨ ᠵᠣᠷᠢᠭ ᠰᠠᠨᠠᠭ᠎ᠠ ᠎ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠬᠦᠷᠲᠡᠭᠡᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ︵ᠥᠪᠥᠷ ᠰᠤᠷᠭᠠᠨ ᠲᠠᠷᠬᠠᠭᠠᠭᠰᠠᠨ ﹇2020﹈ 3 ᠳ᠋ᠤᠭᠠᠷ           ᠲᠣᠭᠠᠲᠤ︶ ᠶᠣᠰᠣᠭᠠᠷ᠂ ᠰᠢᠶᠠᠨ ᠤ ᠱᠠᠲᠤᠨ ᠳᠤ ᠥᠪᠡᠰᠦᠪᠡᠨ ᠦᠨᠡᠯᠡᠬᠦ᠂ ᠬᠤᠲᠠ ᠶᠢᠨ ᠱᠠᠲᠤᠨ ᠳᠤ ᠠᠩᠬ᠎ᠠ ᠬᠢᠨᠠᠨ ᠳᠣᠭᠲᠠᠭᠠᠬᠤ᠂ ᠥᠪᠡᠷᠲᠡᠭᠡᠨ ᠵᠠᠰᠠᠬᠤ ᠣᠷᠣᠨ ᠦᠨᠡᠯᠡᠬᠦ ᠪᠠ ᠭᠦᠢᠴᠡᠳᠬᠡᠯ ᠲᠤᠭ᠎ᠠ ᠶᠢ ᠬᠢᠨᠠᠨ ᠪᠠᠶᠢᠴᠠᠭᠠᠬᠤ᠂ ᠨᠡᠶᠢᠭᠡᠮ ᠤᠨ ᠮᠡᠳᠡᠷᠡᠮᠵᠢ ᠶᠢ ᠪᠠᠶᠢᠴᠠᠭᠠᠬᠤ᠂ ᠲᠤᠬᠠᠢ ᠶᠢᠨ ᠭᠠᠵᠠᠷ ᠲᠤ ᠨᠢ ᠬᠢᠨᠠᠨ ᠪᠠᠶᠢᠴᠠᠭᠠᠬᠤ᠂ ᠦᠷ᠎ᠡ ᠳ᠋ᠦᠩ ᠢ ᠮᠠᠭᠠᠳᠯᠠᠨ ᠲᠣᠭᠲᠠᠭᠠᠬᠤ ᠵᠡᠷᠭᠡ ᠬᠢᠨᠠᠨ ᠵᠢᠯᠣᠭᠤᠳᠴᠤ ᠦᠨᠡᠯᠡᠨ ᠵᠢᠱᠢᠬᠦ ᠳᠡᠰ ᠳᠠᠷᠠᠭᠠᠯᠠᠯ ᠢᠶᠠᠷ ᠳᠠᠮᠵᠢᠨ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤ᠂ ᠱᠠᠩᠳᠤ ᠰᠢᠶᠠᠨ᠂ ᠣᠷᠳᠣᠰ ᠬᠤᠲᠠ ᠶᠢᠨ ᠬᠠᠩᠭᠢᠨ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠬᠢᠷᠢ ᠲᠡᠩᠴᠡᠵᠦ᠂ ︽ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ︾᠎ ᠎ ᠢᠶᠠᠷ ᠮᠠᠭᠠᠳᠯᠠᠨ ᠳᠣᠭᠲᠠᠭᠠᠯᠭᠠᠬᠤ ᠪᠠᠷ ᠮᠡᠳᠡᠭᠦᠯᠬᠦ ᠪᠠᠷ ᠪᠣᠢ᠃ ᠢᠯᠡ ᠨᠡᠶᠢᠲᠡᠯᠡᠬᠦ ᠴᠠᠭ 2024 ᠣᠨ ᠤ 4 ᠰᠠᠷ᠎ᠠ ᠶᠢᠨ 22-28᠎ ᠤ ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠤᠲᠠᠰᠤ᠂ ᠢᠮᠧᠯ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠢ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ ᠪᠤᠶᠤ ᠰᠤᠷᠭᠠᠨ ᠬᠥᠮᠦᠵᠢᠯ ᠤᠨ ᠶᠠᠮᠤᠨ ᠤ ᠬᠢᠨᠠᠨ ᠵᠢᠯᠣᠭᠤᠳᠬᠤ ᠲᠣᠪᠴᠢᠶ᠎ᠠ ᠳᠤ ᠲᠤᠰᠬᠠᠵᠤ ᠪᠣᠯᠤᠨ᠎ᠠ᠃      ᠰᠤᠷᠭᠠᠨ ᠬᠥᠮᠦᠵᠢᠯ ᠤᠨ ᠶᠠᠮᠤᠨ ᠤ ᠬᠢᠨᠠᠨ ᠵᠢᠯᠣᠭᠤᠳᠬᠤ ᠲᠣᠪᠴᠢᠶ᠎ᠠ᠄      ᠤᠲᠠᠰᠤ᠄ 010-66097846   ᠢᠮᠧᠯ᠄ ddbxxc@moe.edu.cn      ᠬᠠᠶ᠋ᠢᠭ᠄ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠳ᠋ᠠ ᠮᠦ ᠼᠠᠩ ᠭᠤᠳᠤᠮᠵᠢ ᠶᠢᠨ 35 ᠳ᠋ᠤᠭᠠᠷ ᠨᠣᠮᠧᠷ ᠰᠤᠷᠭᠠᠨ ᠬᠥᠮᠥᠵᠢᠯ ᠤᠨ ᠶᠠᠮᠤᠨ ᠤ ᠬᠢᠨᠠᠨ ᠵᠢᠯᠣᠭᠤᠳᠬᠤ ᠳᠣᠪᠴᠢᠶ᠎ᠠ ᠶᠢᠨ ᠰᠤᠷᠭᠠᠭᠤᠯᠢ ᠶᠢ ᠬᠢᠨᠠᠨ ᠵᠢᠯᠣᠭᠤᠳᠬᠤ ᠭᠠᠵᠠᠷ ︵100816︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ᠄      ᠤᠲᠠᠰᠤ᠄ 0471 - 2856903 ᠢᠮᠧᠯ᠄ nmgjytlpy@163.com      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠰᠤᠷᠭᠠᠨ ᠬᠥᠮᠦᠵᠢᠯ ᠤᠨ ᠲᠢᠩᠬᠢᠮ ᠤᠨ ᠬᠢᠨᠠᠨ ᠵᠢᠯᠣᠭᠤᠳᠬᠤ ᠲᠠᠰᠤᠭ ︵010011︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ      ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ             2024 ᠣᠨ ᠤ 4 ᠰᠠᠷ᠎ᠠ ᠶᠢᠨ 21᠎ ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号