ᠡᠷᠭᠦᠨ᠎ᠡ ᠬᠤᠲᠠ ᠦᠨᠡᠨᠴᠢ ᠢᠲᠡᠭᠡᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/26
      ᠣᠶᠢᠷ᠎ᠠ ᠳᠤ᠂ ᠡᠷᠭᠦᠨ᠎ᠡ ᠬᠤᠲᠠ ᠶᠢᠨ ᠪᠣᠯᠪᠠᠰᠤᠨ ᠤ ᠠᠯᠪᠠᠨ ᠭᠡᠷ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠠᠮᠲᠤᠷᠠᠨ ︽ᠦᠨᠡᠨᠴᠢ ᠢᠲᠡᠭᠡᠮᠵᠢᠲᠦ ᠬᠡᠪ ᠰᠤᠷᠲᠠᠯ ᠢ ᠪᠠᠳᠠᠷᠠᠭᠤᠯᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠦᠨᠡᠨᠴᠢ ᠢᠲᠡᠭᠡᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠬᠥᠮᠥᠵᠢᠯ ᠤᠨ ᠠᠵᠢᠯᠯᠠᠭ᠎ᠠ ᠶᠢ           ᠥᠷᠨᠢᠭᠦᠯᠪᠡ᠃ ᠠᠵᠢᠯᠯᠠᠭᠠᠨ ᠤ ᠵᠣᠷᠢᠯᠭ᠎ᠠ ᠪᠣᠯ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠦᠨ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠪᠣᠢ ᠪᠣᠯᠭᠠᠵᠤ᠂ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠦ ᠵᠠᠩ ᠴᠢᠨᠠᠷ ᠢ ᠬᠥᠮᠦᠵᠢᠭᠦᠯᠵᠦ᠂ ︽ᠬᠥᠮᠦᠨ ᠪᠦᠬᠦᠨ ᠦᠨᠡᠨᠴᠢ ᠢᠲᠡᠭᠡᠮᠵᠢ ᠶᠢ ᠮᠡᠳᠡᠵᠦ᠂ ᠭᠠᠵᠠᠷ ᠪᠣᠯᠭᠠᠨ ᠳᠤ ᠦᠨᠡᠨᠴᠢ ᠢᠲᠡᠭᠡᠮᠵᠢ ᠶᠢ ᠡᠷᠬᠢᠮᠯᠡᠬᠦ︾ ᠡᠷᠡᠭᠦᠯ ᠪᠣᠯᠪᠠᠰᠤᠨ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠲᠥᠯᠥᠭᠡ ᠶᠤᠮ᠃   

1.jpg

      ᠡᠷᠭᠦᠨ᠎ᠡ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠠᠩᠭᠢ ᠶᠢᠨ ᠬᠤᠷᠠᠯ ᠢ ᠠᠰᠢᠭᠯᠠᠨ ︽ᠦᠨᠡᠨᠴᠢ

ᠢᠲᠡᠭᠡᠮᠵᠢᠲᠦ ᠬᠡᠪ ᠰᠤᠷᠲᠠᠯ ᠢ ᠪᠠᠳᠠᠷᠠᠭᠤᠯᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠶ᠎ᠠ︾ ᠭᠡᠬᠦ

ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠡᠨᠴᠢ ᠢᠲᠡᠭᠡᠮᠵᠢ ᠭᠡᠵᠦ ᠶᠠᠭᠤ

ᠪᠣᠢ︖ ᠶᠠᠭᠤᠨ ᠳᠤ ᠦᠨᠡᠨᠴᠢ ᠢᠲᠡᠭᠡᠮᠵᠢᠲᠡᠢ ᠪᠠᠶᠢᠬᠤ ᠪᠤᠢ︖ ᠶᠠᠭᠠᠬᠢᠪᠠᠯ ᠦᠨᠡᠨᠴᠢ ᠢᠲᠡᠭᠡᠮᠵᠢᠲᠡᠢ ᠪᠣᠯᠬᠤ          

ᠪᠣᠢ︖ ᠳᠡᠷᠭᠡᠳᠡᠬᠢ ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠵᠡᠷᠭᠡ ᠭᠤᠣᠯ ᠰᠡᠳᠦᠪ ᠤᠨ ᠲᠣᠭᠤᠷᠢᠨ ᠳᠤ

︽ᠦᠨᠡᠨᠴᠢ ᠢᠲᠡᠭᠡᠮᠵᠢ︾ ᠶᠢᠨ ᠪᠢᠴᠢᠯ ᠰᠣᠨᠢᠨ ᠢᠶᠠᠷ ᠳᠠᠮᠵᠢᠭᠤᠯᠤᠨ᠂ ᠬᠡᠷᠡᠭ ᠤᠨ ᠵᠢᠱᠢᠶ᠎ᠡ ᠶᠢ ᠵᠠᠳᠠᠯᠬᠤ᠂ ᠪᠠᠭᠰᠢ

ᠰᠤᠷᠤᠭᠴᠢ ᠶᠠᠷᠢᠯᠴᠠᠬᠤ᠂ ᠪᠠᠭᠰᠢ ᠳ᠋ᠦᠩᠨᠡᠬᠦ ᠵᠡᠷᠭᠡ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ

ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠪᠣᠯᠵᠤ᠂ ᠪᠦᠬᠦ ᠰᠤᠷᠤᠭᠴᠢ ᠶᠢᠨ ᠦᠨᠡᠨᠴᠢ ᠢᠲᠡᠭᠡᠮᠵᠢ ᠶᠢᠨ

ᠬᠥᠮᠦᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠰᠤᠷᠤᠭᠴᠢᠳ ᠲᠤ ᠶᠠᠭᠠᠬᠢᠵᠤ

ᠬᠥᠮᠦᠨ ᠪᠣᠯᠬᠤ ᠪᠠ ᠶᠠᠭᠠᠬᠢᠵᠤ ᠠᠵᠢᠯ ᠬᠢᠬᠦ ᠶᠢ ᠰᠤᠷᠭᠠᠪᠠ᠃ ᠠᠩᠭᠢ ᠶᠢᠨ ᠬᠤᠷᠠᠯ ᠬᠢᠬᠦ ᠪᠦᠷᠢ᠂ ᠰᠤᠷᠤᠭᠴᠢᠳ

ᠴᠥᠮ ᠦᠨᠡᠨᠴᠢ ᠢᠲᠡᠭᠡᠮᠵᠢ ᠶᠢᠨ ᠲᠤᠬᠠᠢ ︽ᠦᠨᠡᠨᠴᠢ ᠢᠲᠡᠭᠡᠮᠵᠢ ᠪᠣᠯ ᠥᠪᠡᠷ ᠪᠡᠶ᠎ᠡ ᠶᠢᠨ ᠢᠷᠡᠭᠤ          

ᠠᠯᠳᠠᠷ︔ ᠦᠨᠡᠨᠴᠢ ᠢᠲᠡᠭᠡᠮᠵᠢ ᠪᠣᠯ ᠥᠪᠡᠷ ᠪᠡᠶ᠎ᠡ ᠶᠢᠨ ᠬᠦᠨᠳᠦᠳᠭᠡᠯ︾ ᠭᠡᠵᠦ ᠲᠠᠩᠭᠠᠷᠢᠭᠯᠠᠳᠠᠭ᠃ ᠢᠳᠡ

ᠬᠦᠴᠦᠲᠡᠢ ᠲᠠᠩᠭᠠᠷᠢᠭ ᠨᠢ ᠬᠢᠴᠢᠶᠡᠯ ᠤᠨ ᠲᠠᠩᠬᠢᠮ ᠳᠤ ᠴᠤᠤᠷᠢᠶᠠᠲᠤᠵᠤ᠂ ᠰᠤᠷᠭᠠᠭᠤᠯᠢ ᠶᠢᠨ ᠬᠦᠷᠢᠶᠡᠨ ᠤ ᠥᠨᠴᠥᠭ

ᠪᠤᠯᠤᠩ ᠪᠦᠷᠢ ᠳᠤ ᠳᠠᠭᠤᠷᠢᠰᠪᠠ᠃ ᠡᠭᠦᠨ ᠤ ᠬᠠᠮᠲᠤ᠂ ᠰᠤᠷᠭᠠᠭᠤᠯᠢ ᠶᠢᠨ ᠡᠭᠦᠳᠡᠨ ᠲᠢᠩᠬᠢᠮ ᠤᠨ LED

ᠳᠡᠯᠭᠡᠴᠡ ᠶᠢ ᠠᠰᠢᠭᠯᠠ᠂ ︽ᠦᠨᠡᠨᠴᠢ ᠢᠲᠡᠭᠡᠮᠵᠢ︾ ᠶᠢᠨ ᠤᠬᠠᠭᠤᠯᠭ᠎ᠠ ᠶᠢᠨ ᠤᠷᠢᠶ᠎ᠠ ᠪᠣᠯᠤᠨ ᠮᠡᠳᠡᠭᠳᠡᠯ ᠢ

ᠦᠷᠭᠦᠯᠵᠢᠯᠡᠭᠦᠯᠦᠨ ᠲᠠᠯᠪᠢᠵᠤ᠂ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠂

ᠪᠦᠬᠦ ᠰᠤᠷᠤᠭᠴᠢ ᠶᠢ ᠠᠮᠢᠳᠤᠷᠠᠯ ᠤᠨ ᠶᠠᠪᠤᠴᠠ ᠳᠤ ᠪᠠᠨ ᠭᠠᠵᠠᠷ ᠪᠣᠯᠭᠠᠨ ᠳᠤ ᠦᠨᠡᠨᠴᠢ ᠢᠲᠡᠭᠡᠮᠵᠢ ᠶᠢ ᠶᠠᠷᠢᠵᠤ᠂

ᠶᠠᠪᠤᠳᠠᠯ ᠪᠣᠯᠭᠠᠨ ᠳᠤ ᠦᠨᠡᠨᠴᠢ ᠪᠠᠷ ᠰᠠᠭᠤᠷᠢ ᠪᠣᠯᠭᠠᠨ᠂ ᠢᠲᠡᠭᠡᠯ ᠢᠶᠠᠷ ᠦᠨᠳᠦᠰᠦ ᠪᠣᠯᠭᠠᠵᠤ᠂ ᠥᠪᠡᠷ ᠪᠡᠶ᠎ᠡ ᠶᠢᠨ

ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠠᠭ ᠢᠮᠠᠭᠲᠠ ᠠᠩᠬᠠᠷᠴᠤ᠂ ᠬᠥᠮᠦᠨ ᠳᠤ ᠦᠨᠡᠨᠴᠢ ᠪᠠᠷ ᠬᠠᠨᠳᠤᠬᠤ

ᠦᠨᠡᠨᠴᠢ ᠢᠲᠡᠭᠡᠮᠵᠢ ᠶᠢᠨ ᠦᠷ᠎ᠡ ᠶᠢ ᠰᠡᠳᠬᠢᠯ ᠲᠤ ᠪᠠᠨ ᠰᠣᠶᠣᠭᠠᠯᠠᠭᠤᠯᠤᠨ᠂ ︽ᠦᠨᠡᠨᠴᠢ ᠢᠲᠡᠭᠡᠮᠵᠢᠲᠦ ᠬᠡᠪ

ᠰᠤᠷᠲᠠᠯ ᠢᠶᠠᠷ ᠰᠤᠷᠭᠠᠭᠤᠯᠢ ᠶᠢᠨ ᠬᠦᠷᠢᠶ᠎ᠡ ᠶᠢ ᠪᠢᠯᠬᠠᠭᠤᠯᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ

ᠤᠷᠢᠶᠠᠯᠠᠪᠠ᠃

      ᠣᠳᠣ ᠪᠣᠯᠲᠠᠯ᠎ᠠ᠂ ᠡᠷᠭᠦᠨ᠎ᠡ ᠬᠤᠲᠠ ᠦᠨᠡᠨᠴᠢ ᠢᠲᠡᠭᠡᠮᠵᠢ ᠶᠢᠨ ᠬᠥᠮᠦᠵᠢᠯ ᠤᠨ ᠭᠤᠣᠯ ᠰᠡᠳᠦᠪᠲᠦ

ᠠᠵᠢᠯᠯᠠᠭ᠎ᠠ ᠶᠢ ᠬᠤᠶᠠᠷ ᠲᠠᠯᠠᠪᠤᠷ ᠥᠷᠨᠢᠭᠦᠯᠵᠦ᠂ ᠣᠷᠣᠯᠴᠠᠭᠰᠠᠨ ᠰᠤᠷᠤᠭᠴᠢ ᠶᠢᠨ ᠲᠤᠭ᠎ᠠ 2000 ᠭᠠᠷᠤᠢ

ᠬᠥᠮᠦᠨ ᠳᠤ ᠬᠦᠷᠴᠡᠢ︔ ᠭᠤᠣᠯ ᠰᠡᠳᠦᠪᠲᠦ ᠠᠩᠭᠢ ᠶᠢᠨ ᠬᠤᠷᠠᠯ᠂ ᠦᠯᠢᠭᠡᠷ ᠤᠨ ᠬᠤᠷᠠᠯ ᠵᠡᠷᠭᠡ ᠠᠷᠭ᠎ᠠ ᠮᠠᠶ᠋ᠢᠭ ᠢᠶᠠᠷ

ᠤᠬᠠᠭᠤᠯᠭ᠎ᠠ ᠬᠥᠮᠦᠵᠢᠯ ᠬᠢᠵᠦ᠂ ᠰᠤᠷᠤᠭᠴᠢᠳ ᠢ ᠲᠠᠰᠤᠷᠠᠯᠲᠠ ᠥᠬᠡᠶ ᠬᠥᠲᠥᠯᠥᠨ ᠵᠢᠯᠣᠭᠤᠳᠴᠤ ᠦᠨᠡᠨᠴᠢ

ᠢᠲᠡᠭᠡᠮᠵᠢ ᠶᠢᠨ ᠬᠥᠮᠦᠵᠢᠯ ᠤᠨ ᠰᠢᠮ᠎ᠡ ᠲᠡᠵᠢᠭᠡᠯ ᠢ ᠭᠦᠷᠲᠡᠭᠡᠨ᠂ ᠰᠢᠨ᠎ᠡ ᠴᠠᠭ ᠦᠶ᠎ᠡ ᠶᠢᠨ ᠵᠠᠯᠠᠭᠤᠴᠤᠳ

ᠪᠠᠭᠠᠴᠤᠳ ᠤᠨ ᠦᠨᠡᠨᠴᠢ ᠢᠲᠡᠭᠡᠮᠵᠢ ᠶᠢᠨ ᠬᠡᠪ ᠴᠢᠨᠠᠷ ᠢ ᠪᠦᠬᠦ ᠬᠦᠴᠦᠨ ᠢᠶᠠᠷ ᠢᠶᠠᠨ ᠬᠥᠮᠦᠵᠢᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号