ᠥᠪᠥᠷ ᠮᠣᠩᠭᠤᠯ ᠤᠨ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ                ᠰᠢᠯᠢᠳᠡᠭ ᠳᠠᠭᠤᠴᠢᠨ︾᠎ ᠤ ᠤᠷᠤᠯᠳᠤᠭᠠᠨ ᠤ ᠠᠩᠬᠠᠨ ᠤ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/4/29
      3 ᠳ᠋ᠤᠭᠠᠷ ᠰᠠᠷ᠎ᠠ ᠶᠢᠨ 20᠎ - 4 ᠳ᠋ᠦ᠋ᠭᠡᠷ ᠰᠠᠷ᠎ᠠ ᠶᠢᠨ 20᠎ ᠤ ᠡᠳᠦᠷ᠂ 2024 ᠣᠨ ᠤ ᠥᠪᠥᠷ ᠮᠣᠩᠭᠤᠯ ᠤᠨ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾᠎ ᠤ ᠤᠷᠤᠯᠳᠤᠭᠠᠨ ᠤ ᠠᠩᠬᠠᠨ ᠤ ᠤᠷᠤᠯᠳᠤᠭᠠᠨ ᠪᠦᠬᠦ ᠣᠷᠣᠨ ᠤ ᠡᠯ᠎ᠡ ᠳᠡᠭᠡᠳᠦ ᠰᠤᠷᠭᠠᠭᠤᠯᠢ ᠳᠤ ᠶᠠᠪᠤᠭᠳᠠᠪᠠ᠃ 57 ᠶᠡᠭᠡ ᠳᠡᠭᠡᠳᠦ ᠰᠤᠷᠭᠠᠭᠤᠯᠢ ᠶᠢᠨ 1.2 ᠲᠦᠮᠡ ᠭᠠᠷᠤᠢ ᠪᠠᠭᠰᠢ ᠰᠤᠷᠤᠭᠴᠢ ᠬᠠᠩᠭᠢᠨᠠᠮ᠎ᠠ ᠬᠤᠭᠤᠯᠠᠢ ᠤᠶᠠᠩᠭᠠᠲᠤ ᠳᠠᠭᠤᠤ ᠪᠠᠷ ᠢᠶᠠᠨ ᠵᠠᠯᠠᠭᠤᠴᠤᠳ ᠎ ᠤᠨ ᠡᠷᠡᠭᠦᠯ ᠥᠭᠡᠳᠡᠷᠬᠡᠭ ᠪᠠ ᠠᠮᠢᠳᠤᠷᠠᠯ ᠳᠤ ᠬᠠᠶᠢᠷᠠᠲᠠᠢ ᠴᠠᠭ ᠦᠶ᠎ᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠪᠠ᠃   

1.webp.jpg

      4 ᠰᠠᠷ᠎ᠠ ᠶᠢᠨ 19᠎ ᠤ ᠡᠳᠦᠷ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠤᠯᠳᠤᠭᠠᠨ ᠤ

ᠲᠣᠭᠤᠷᠢᠭ ᠲᠤ ︽ᠠᠷᠪᠠᠨ ᠰᠢᠯᠢᠳᠡᠭ ᠳᠠᠭᠤᠴᠢᠨ︾ ᠲᠣᠳᠣᠷᠠᠵᠤ᠂ 10 ᠳᠠᠭᠤᠴᠢᠨ ᠲᠤᠬᠠᠢ ᠶᠢᠨ ᠭᠠᠵᠠᠷ ᠤᠨ

ᠤᠷᠤᠯᠳᠤᠭᠠᠨ ᠤ ᠲᠣᠭᠤᠷᠢᠭ ᠤᠨ ᠨᠡᠷ᠎ᠡ ᠮᠡᠳᠡᠭᠦᠯᠦᠭᠰᠡᠨ 1000 ᠭᠠᠷᠤᠢ ᠳᠠᠭᠤᠴᠢᠨ ᠤ ᠳᠣᠲᠣᠷ᠎ᠠ ᠠᠴᠠ

ᠴᠣᠯᠭᠤᠷᠠᠨ ᠭᠠᠷᠴᠤ᠂ ᠳᠠᠬᠢᠨ ᠤᠷᠤᠯᠳᠤᠭᠠᠨ ᠳᠤ ᠣᠷᠣᠯᠴᠠᠬᠤ ᠪᠣᠯᠤᠨ᠎ᠠ᠃

   

2.webp.jpg

      ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠭᠰᠠᠨ ᠳᠠᠭᠤᠴᠢᠨ  ᠸᠠᠩ ᠵᠢᠩ

ᠶᠠᠨ  ᠮᠠᠰᠢ ᠣᠯᠠᠨ ᠨᠠᠶᠢᠵᠠ ᠨᠠᠷ ᠲᠠᠢ ᠲᠠᠨᠢᠯᠴᠠᠵᠤ᠂ ᠬᠤᠭᠤᠷᠣᠨᠳᠣ ᠪᠠᠨ ᠳᠠᠭᠤᠤ ᠬᠥᠭᠵᠢᠮ ᠤᠨ ᠲᠠᠯ᠎ᠠ ᠪᠠᠷ

ᠰᠠᠨᠠᠯ ᠢᠶᠠᠨ ᠰᠣᠯᠢᠯᠴᠠᠵᠤ᠂ ᠳᠠᠪᠠᠭᠤᠯᠢᠭ ᠲᠠᠯ᠎ᠠ ᠶᠢ ᠰᠢᠩᠭᠡᠭᠡᠨ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠨ᠂

ᠬᠠᠷᠢᠯᠴᠠᠨ ᠲᠣᠯᠢᠯᠠᠪᠠ ᠭᠡᠵᠡᠢ᠃

   

3.webp.jpg

      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠢᠳᠪᠦᠷᠢᠲᠦ ᠤᠷᠤᠯᠳᠤᠭᠠᠨ ᠬᠥᠮᠦᠰ ᠤᠨ

ᠠᠩᠬᠠᠷᠤᠯ ᠢ ᠶᠡᠬᠡᠳᠡ ᠲᠠᠲᠠᠪᠠ᠃ 20 ᠣᠷᠣᠯᠴᠠᠭᠴᠢ ᠶᠢᠨ ᠳᠠᠭᠤᠤ ᠰᠣᠩᠭᠤᠬᠤ ᠬᠡᠪ ᠨᠠᠮᠪᠠ ᠣᠯᠠᠨ ᠶᠠᠩᠵᠤ

ᠪᠠᠶᠢᠵᠤ᠂ ︽ᠲᠢᠶᠠᠨ ᠯᠢᠶᠠᠩ︾᠂ ︽ᠣᠮᠣᠭᠰᠢᠯ︾ ᠵᠡᠷᠭᠡ ᠲᠠᠨᠢᠯ ᠳᠠᠰᠤᠯ ᠤᠷᠤᠰᠬᠠᠯ ᠳᠠᠭᠤᠤ  ᠪᠠ ︽ᠰᠢ

ᠺᠧᠦ ᠢᠶᠠᠷ ᠶᠠᠪᠤᠭᠰᠠᠨ ᠨᠢ︾᠂ ︽ᠦᠵᠡᠰᠬᠦᠯᠡᠩᠲᠦ ᠰᠠᠶᠢᠬᠠᠨ ᠮᠤᠨᠢ ᠠᠭᠤᠯᠠ︾ ᠵᠡᠷᠭᠡ ᠭᠠᠵᠠᠷ ᠣᠷᠣᠨ ᠤ

ᠣᠨᠴᠠᠯᠢᠭ ᠲᠠᠢ ᠳᠠᠭᠤᠤ ᠨᠤᠭᠤᠳ ᠪᠤᠢ᠃ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠶᠢᠨ ᠬᠤᠶᠠᠷ

ᠬᠥᠮᠦᠨ ᠤ ᠡᠯᠭᠦᠯᠴᠡᠭᠡ ᠶᠢᠨ ᠲᠣᠭᠯᠠᠯᠲᠠ ᠶᠢᠨ ᠳᠤᠰᠬᠠᠢ ᠮᠡᠷᠭᠡᠵᠢᠯ ᠤᠨ ᠰᠤᠷᠤᠭᠴᠢ ᠳ᠋ᠦ᠋ ᠹᠦ᠋ ᠱᠧᠨ ᠠᠩᠬᠠᠨ ᠎ ᠤ

ᠪᠥᠲᠦᠭᠡᠯ ︽ᠲᠢᠶᠠᠨ ᠫᠧᠩ ᠢ︾᠎ ᠶᠢ ᠲᠣᠭᠯᠠᠵᠤ᠂ ᠤᠷᠤᠰᠬᠠᠯ ᠳᠠᠭᠤᠤ ᠪᠣᠯᠤᠨ ᠰᠢ ᠵᠦᠴᠦᠭᠡ ᠶᠢᠨ ᠡᠯᠧᠮᠧᠨ᠋ᠲ ᠢ

ᠤᠶᠠᠯᠳᠤᠭᠤᠯᠤᠨ᠂ ᠥᠪᠡᠷᠮᠢᠴᠡ ᠬᠡᠪ ᠨᠠᠮᠪᠠ ᠲᠠᠢ ᠪᠠᠶᠢᠯ᠎ᠠ᠃

   

4.webp.jpg

      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠤᠷᠤᠭᠴᠢ  ᠳ᠋ᠦ᠋ ᠹᠦ᠋ ᠱᠧᠨ ᠵᠠᠯᠠᠭᠤᠴᠤᠳ

ᠰᠢ ᠳᠠᠭᠤᠷᠢᠯᠢᠭ᠂ ᠤᠯᠤᠰ ᠤᠨ ᠬᠡᠪ ᠨᠠᠮᠪᠠ ᠢ ᠬᠠᠷᠠᠭᠤᠯᠤᠭᠰᠠᠨ ᠳᠠᠭᠤᠤ ᠬᠥᠭᠵᠢᠮ ᠳᠤ ᠮᠠᠰᠢ ᠪᠠᠭ᠋ᠠᠲᠠᠢ᠂ ᠪᠢ

ᠤᠯᠠᠮ ᠴᠢᠷᠮᠠᠶᠢᠵᠤ ᠬᠤᠶᠠᠷ ᠬᠥᠮᠦᠨ ᠤ ᠡᠯᠭᠦᠯᠴᠡᠭᠡ ᠭᠡᠬᠦ ᠡᠨᠡ ᠬᠦ ᠤᠷᠠᠯᠢᠭ ᠨᠡᠩ ᠣᠯᠠᠨ ᠵᠠᠯᠠᠭᠤᠴᠤᠳ ᠤᠨ

ᠪᠠᠭ᠋ᠠᠷᠬᠠᠯ ᠢ ᠲᠠᠲᠠᠬᠤ ᠳᠤ ᠬᠦᠴᠦᠨ ᠨᠡᠮᠡᠷᠢᠯᠡᠨ᠎ᠡ ᠭᠡᠪᠡ᠃

   

5.webp.jpg

      ᠲᠤᠰ ᠬᠤᠭᠤᠴᠠᠭᠠᠨ ᠤ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ          

ᠳᠠᠭᠤᠴᠢᠨ︾᠎ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠎ ᠤᠨ ᠲᠢᠩᠬᠢᠮ᠂ ᠥᠪᠡᠷᠲᠡᠭᠡᠨ

ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠎ ᠠᠴᠠ ᠭᠤᠣᠯᠯᠠᠨ ᠡᠷᠬᠢᠯᠡᠵᠦ᠂ ︽ᠵᠠᠯᠠᠭᠤᠴᠤᠳ

ᠬᠤᠷᠠᠨ ᠴᠤᠭᠯᠠᠷᠠᠵᠤ ᠤᠮᠠᠷᠠᠲᠤ ᠬᠢᠯᠢ ᠪᠠᠨ ᠮᠠᠭᠲᠠᠨ ᠳᠠᠭᠤᠯᠠᠨᠠᠮ︾᠎ ᠢᠶᠠᠷ ᠭᠤᠣᠯ ᠰᠡᠳᠦᠪ ᠪᠣᠯᠭᠠᠨ᠂ ᠲᠤᠰᠬᠠᠢ

ᠮᠡᠷᠭᠡᠵᠢᠯ ᠤᠨ ᠳᠤᠭᠤᠶᠢᠯᠠᠩ ᠪᠠ ᠠᠵᠢᠯ ᠤᠨ ᠴᠢᠯᠥᠭᠡᠨ ᠤ ᠳᠤᠭᠤᠶᠢᠯᠠᠩ ᠭᠡᠬᠦ ᠬᠤᠶᠠᠷ ᠳᠤᠭᠤᠶᠢᠯᠠᠩ ᠬᠤᠪᠢᠶᠠᠵᠤ᠂

ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ᠂ ᠲᠥᠪᠯᠡᠷᠡᠭᠦᠯᠦᠨ ᠳᠡᠯᠭᠡᠨ

ᠦᠵᠡᠭᠦᠯᠬᠦ ᠪᠠ ᠲᠣᠭᠤᠷᠢᠨ ᠲᠣᠭᠯᠠᠬᠤ ᠲᠠᠪᠤᠨ ᠱᠠᠲᠤ ᠪᠠᠷ ᠶᠠᠪᠤᠭᠳᠠᠭᠤᠯᠤᠨ᠎ᠠ᠃ ᠣᠳᠣᠬᠠᠨ ᠳᠤ᠂ ᠪᠦᠬᠦ ᠣᠷᠣᠨ ᠤ

57 ᠶᠡᠭᠡ ᠳᠡᠭᠡᠳᠦ ᠰᠤᠷᠭᠠᠭᠤᠯᠢ ᠨᠢᠭᠡᠨᠲᠡ ᠰᠤᠷᠭᠠᠭᠤᠯᠢ ᠳᠠᠬᠢ ᠰᠢᠯᠭᠠᠷᠠᠭᠤᠯᠬᠤ ᠠᠵᠢᠯᠯᠠᠭ᠎ᠠ ᠶᠢ ᠡᠬᠢᠯᠡᠭᠦᠯᠵᠦ᠂

591 ᠳᠡᠭᠡᠳᠦ ᠰᠤᠷᠭᠠᠭᠤᠯᠢ ᠶᠢᠨ 1.2 ᠲᠦᠮᠡ ᠭᠠᠷᠤᠢ ᠪᠠᠭᠰᠢ ᠰᠤᠷᠤᠭᠴᠢ ᠠᠩᠬᠠᠨ ᠤ ᠤᠷᠤᠯᠳᠤᠭᠠᠨ ᠳᠤ

ᠣᠷᠣᠯᠴᠠᠵᠤ᠂ ᠡᠯ᠎ᠡ ᠰᠤᠷᠭᠠᠭᠤᠯᠢ 370 ᠭᠠᠷᠤᠢ ᠪᠦᠲᠦᠭᠡᠯ ᠢ ᠲᠠᠨᠢᠯᠴᠠᠭᠤᠯᠤᠨ ᠥᠪᠡᠷᠲᠡᠭᠡᠨ ᠵᠠᠰᠠᠬᠤ ᠣᠷᠣᠨ ᠤ

ᠬᠤᠶᠠᠳᠠᠬᠢ ᠤᠷᠤᠯᠳᠤᠭᠠᠨ ᠳᠤ ᠣᠷᠣᠯᠴᠠᠭᠤᠯᠬᠤ ᠪᠠᠷ ᠪᠣᠢ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠣᠷᠣᠨ ᠤ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ

ᠬᠢᠨᠠᠨ ᠳᠣᠭᠲᠠᠭᠠᠯᠭᠠᠵᠤ᠂ ᠬᠤᠶᠠᠷ ᠳᠤᠭᠤᠶᠢᠯᠠᠩ ᠤᠨ ᠳᠤᠭᠤᠶᠢᠯᠠᠩ ᠪᠦᠷᠢ ᠠᠴᠠ ᠲᠦᠷᠦᠭᠦᠦ 20 ᠬᠥᠮᠦᠨ ᠢ

ᠰᠢᠯᠭᠠᠷᠠᠭᠤᠯᠵᠤ᠂ 40 ᠳᠠᠭᠤᠴᠢᠨ ᠎ ᠢ ᠰᠣᠩᠭᠤᠨ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠤᠨ᠎ᠠ᠃

   

6.webp.jpg

      ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ  ᠰᠢᠦᠢ ᠿᠤ᠋ ᠶᠤᠸᠡᠢ  ᠪᠢᠳᠡ

ᠳᠠᠭᠤᠤ ᠪᠠᠷ ᠰᠡᠳᠬᠢᠯ ᠢᠶᠠᠨ ᠰᠣᠯᠢᠯᠴᠠᠵᠤ᠂ ᠳᠠᠭᠤᠤ ᠪᠠᠷ ᠤᠮᠠᠷᠠᠲᠤ ᠬᠢᠯᠢ ᠪᠠᠨ ᠮᠠᠭᠲᠠᠨ ᠳᠠᠭᠤᠯᠠᠨ᠎ᠠ ᠭᠡᠪᠡ᠃

   

7.webp.jpg

      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠭᠰᠢ  ᠰᠢᠩ ᠴᠢᠶᠠᠨ 

ᠰᠤᠷᠤᠭᠴᠢᠳ ᠲᠤ ᠥᠪᠡᠷ ᠢ ᠪᠠᠨ ᠭᠠᠶᠢᠬᠠᠭᠤᠯᠬᠤ ᠲᠣᠬᠢᠶᠠᠯ ᠣᠯᠭᠤᠵᠤ᠂ ᠪᠢᠳᠡ ᠡᠨᠡ ᠤᠳᠠᠭᠠᠨ ᠤ

ᠤᠷᠤᠯᠳᠤᠭᠠᠨ ᠢᠶᠠᠷ ᠳᠠᠮᠵᠢᠨ ᠮᠠᠰᠢ ᠣᠯᠠᠨ ᠰᠢᠯᠢᠳᠡᠭ ᠰᠤᠷᠤᠭᠴᠢᠳ ᠢ ᠢᠯᠡᠷᠡᠭᠦᠯᠵᠦ᠂ ᠲᠡᠳᠡᠨ ᠤ ᠮᠠᠰᠢ ᠭᠤᠶᠤ

ᠲᠤᠰᠬᠠᠢ ᠮᠡᠷᠭᠡᠵᠢᠯ ᠤᠨ ᠳᠠᠯᠳᠠ ᠬᠦᠴᠦᠨ ᠢ ᠢᠯᠡᠷᠡᠭᠦᠯᠪᠡ ᠭᠡᠵᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号