ᠵᠠᠮ ᠬᠠᠷᠢᠯᠴᠠᠭᠠᠨ ᠤ ᠠᠮᠤᠷ ᠲᠦᠪᠰᠢᠨ | 1. ᠬᠡᠦᠬᠡᠳ ᠢ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠵᠢᠷᠤᠮᠯᠠᠬᠤ ᠪᠠᠷ ᠬᠥᠮᠥᠵᠢᠭᠦᠯᠵᠦ᠂ ᠵᠠᠮ | ᠶᠠᠪᠤᠬᠤ ᠳᠤ ᠪᠠᠨ ᠶᠠᠪᠠᠭᠠᠨ ᠬᠥᠮᠦᠨ ᠤ ᠵᠠᠮ ᠢᠶᠠᠷ ᠶᠠᠪᠤᠵᠤ᠂ ᠵᠠᠮ ᠣᠭᠲᠤᠯᠬᠤ ᠳᠤ ᠪᠠᠨ ᠡᠷᠢᠶᠡᠨ ᠵᠢᠷᠤᠭᠠᠰᠤ ᠪᠠᠷ | ᠶᠠᠪᠤᠬᠤ ᠶᠢᠨ ᠬᠠᠮᠲᠤ ᠵᠡᠭᠦᠨᠰᠢ ᠪᠠᠷᠠᠭᠤᠨᠰᠢ ᠠᠵᠢᠭᠯᠠᠵᠤ᠂ ᠠᠮᠤᠷ ᠲᠦᠪᠰᠢᠨ ᠢ ᠨᠣᠲᠠᠯᠠᠭᠰᠠᠨ ᠤ ᠳᠠᠷᠠᠭ᠎ᠠ ᠰᠠᠶ᠋ᠢ | ᠥᠩᠭᠡᠷᠡᠨ᠎ᠡ᠃ ᠵᠠᠰᠠᠮᠠᠯ ᠵᠠᠮ ᠳᠡᠭᠡᠷ᠎ᠡ ᠨᠠᠭᠠᠳᠬᠤ ᠦᠭᠡᠢ᠂ ᠤᠯᠠᠭᠠᠨ ᠳ᠋ᠧᠩ ᠢ ᠬᠡᠲᠦᠯᠬᠦ ᠦᠭᠡᠢ᠂ ᠵᠠᠮ ᠬᠠᠷᠢᠯᠴᠠᠭᠠᠨ ᠤ | ᠲᠤᠰᠠᠭᠠᠷᠯᠠᠬᠤ ᠬᠡᠷᠡᠰᠬᠡ ᠶᠢ ᠳᠠᠪᠠᠭ᠋ᠤ ᠦᠭᠡᠢ᠃ | 2. ᠪᠦᠬᠦᠯᠢ 12 ᠨᠠᠰᠤ ᠬᠦᠷᠦᠭᠡ ᠦᠭᠡᠢ ᠪᠣᠯ ᠳᠤᠭᠤᠢ ᠲᠡᠷᠭᠡ ᠤᠨᠤᠵᠤ ᠪᠣᠯᠬᠤ ᠦᠭᠡᠢ᠂ ᠪᠦᠬᠦᠯᠢ 16 | ᠨᠠᠰᠤ ᠬᠦᠷᠦᠭᠡ ᠦᠭᠡᠢ ᠪᠣᠯ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠣᠯᠬᠤ ᠦᠭᠡᠢ᠂ ᠵᠠᠮ ᠳᠡᠭᠡᠷ᠎ᠡ | ᠭᠠᠷᠴᠤ ᠭᠤᠯᠭᠤᠭᠤᠷ᠂ ᠱᠠᠯᠠᠨ ᠲᠠᠰᠢᠯᠲᠠ ᠶᠢᠨ ᠭᠤᠲᠤᠯ ᠵᠡᠷᠭᠡ ᠭᠤᠯᠭᠤᠬᠤ ᠪᠠᠭᠠᠵᠢ ᠪᠠᠷ ᠨᠠᠭᠠᠳᠴᠤ ᠪᠣᠯᠬᠤ ᠦᠭᠡᠢ᠃ | 3. ᠬᠡᠦᠬᠡᠳ ᠢ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠲᠤᠬᠠᠶᠢᠯᠠᠪᠠᠯ ᠭᠠᠵᠠᠷ ᠳᠣᠣᠷᠠᠬᠢ ᠲᠡᠮᠦᠷ ᠵᠠᠮ᠂ | ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡᠨ ᠳᠤ ᠰᠠᠭᠤᠬᠤ ᠳᠤ ᠪᠠᠨ ᠲᠡᠷᠭᠡᠨ ᠳᠤ ᠰᠠᠭᠤᠬᠤ | ᠳᠦᠷᠢᠮᠵᠢᠯ ᠢ ᠤᠬᠠᠮᠰᠠᠷ ᠠᠴᠠ ᠪᠠᠨ ᠵᠢᠷᠤᠮᠯᠠᠵᠤ᠂ ᠲᠡᠷᠭᠡ ᠵᠣᠭᠰᠣᠭᠰᠠᠨ ᠤ ᠳᠠᠷᠠᠭ᠎ᠠ᠂ ᠡᠮᠬᠢ ᠵᠢᠷᠤᠮ ᠲᠠᠢ ᠲᠡᠷᠭᠡᠨ ᠳᠤ | ᠭᠠᠷᠬᠤ ᠬᠡᠷᠡᠭᠲᠡᠢ︔ ᠲᠡᠷᠭᠡᠨ ᠳᠤ ᠭᠠᠷᠤᠭᠰᠠᠨ ᠤ ᠳᠠᠷᠠᠭ᠎ᠠ ᠯᠠᠪᠳᠠᠭᠤᠨ ᠰᠠᠭᠤᠵᠤ᠂ ᠲᠡᠷᠭᠡᠨ ᠳᠡᠭᠡᠷ᠎ᠡ ᠢᠳᠡᠵᠦ | ᠤᠤᠭᠤᠬᠤ ᠦᠭᠡᠢ︔ ᠫᠠᠶᠢᠰᠠ ᠦᠭᠡᠢ ᠪᠤᠶᠤ ᠦᠨᠡᠮᠯᠡᠯ ᠦᠭᠡᠢ ᠲᠡᠷᠭᠡᠨ ᠳᠤ ᠰᠠᠭᠤᠬᠤ ᠦᠭᠡᠢ᠂ ᠬᠥᠮᠦᠨ ᠤ ᠲᠤᠭ᠎ᠠ | ᠬᠡᠲᠦᠷᠡᠭᠰᠡᠨ ᠪᠤᠶᠤ ᠳᠠᠭᠠᠭᠠᠴᠠ ᠬᠡᠲᠦᠷᠡᠭᠰᠡᠨ ᠲᠡᠷᠭᠡᠨ ᠳᠤ ᠰᠠᠭᠤᠬᠤ ᠦᠭᠡᠢ ᠭᠡᠵᠦ ᠰᠤᠷᠭᠠᠬᠤ ᠬᠡᠷᠡᠭᠲᠡᠢ᠃ | 4. ᠬᠡᠦᠬᠡᠳ ᠲᠤ ᠮᠠᠰᠢᠨ ᠲᠡᠷᠭᠡᠨ ᠤ ᠪᠠᠯᠠᠢ ᠣᠷᠣᠨ ᠢ ᠰᠡᠷᠡᠮᠵᠢᠯᠡᠭᠦᠯᠵᠦ᠂ ᠵᠣᠭᠰᠤᠵᠤ ᠪᠠᠶᠢᠭ᠎ᠠ ᠮᠠᠰᠢᠨ | ᠲᠡᠷᠭᠡ ᠴᠤ ᠠᠶᠤᠯ ᠲᠠᠢ ᠭᠡᠳᠡᠭ ᠢ ᠰᠠᠨᠠᠭᠤᠯᠤᠨ᠂ ︽ᠭᠤᠷᠪᠠᠨ ᠦᠭᠡᠢ︾ ᠶᠢ ᠪᠠᠲᠤ ᠴᠡᠭᠡᠵᠢᠯᠡᠭᠦᠯᠦᠨ᠎ᠡ᠄ ᠲᠡᠷᠭᠡᠨ ᠤ | ᠡᠮᠦᠨᠡᠭᠦᠷ ᠬᠦᠶᠦᠬᠦ ᠦᠭᠡᠢ᠂ ᠲᠡᠷᠭᠡᠨ ᠤ ᠬᠤᠶᠢᠨ᠎ᠠ ᠦᠯᠡᠳᠡᠬᠦ ᠦᠭᠡᠢ᠂ ᠲᠡᠷᠭᠡᠨ ᠤ ᠬᠠᠵᠠᠭᠤ ᠳᠤ ᠵᠣᠭᠰᠤᠬᠤ | ᠦᠭᠡᠢ︔ ᠭᠡᠷ ᠤᠨ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠲᠤ ᠴᠤ ᠰᠡᠷᠡᠮᠵᠢ ᠲᠠᠢ ᠪᠠᠶᠢᠬᠤ ᠭᠡᠷᠡᠭᠲᠡᠢ᠃ | 5. ᠲᠡᠷᠭᠡ ᠵᠢᠯᠣᠭᠤᠳᠴᠤ ᠭᠠᠳᠠᠭᠰᠢ ᠭᠠᠷᠬᠤ ᠳᠤ ᠪᠠᠨ ᠲᠡᠷᠭᠡ ᠪᠠᠨ ᠤᠷᠢᠳᠴᠢᠯᠠᠨ ᠪᠠᠶᠢᠴᠠᠭᠠᠨ ᠵᠠᠰᠠᠭᠤᠯᠵᠤ᠂ | ᠲᠡᠷᠭᠡ ᠪᠥᠲᠦᠨ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠡᠦᠬᠡᠳ ᠢ ᠵᠢᠯᠣᠭᠤᠴᠢ ᠶᠢᠨ ᠬᠠᠵᠠᠭᠤᠳᠠᠬᠢ | ᠰᠠᠭᠤᠳᠠᠯ ᠳᠤ ᠰᠠᠭᠤᠯᠭᠠᠬᠤ ᠦᠭᠡᠢ᠂ 4 ᠨᠠᠰᠤᠨ ᠠᠴᠠ ᠳᠣᠷᠣᠭᠰᠢᠬᠢ ᠬᠡᠦᠬᠡᠳ ᠢ ᠠᠮᠤᠷ ᠲᠦᠪᠰᠢᠨ ᠤ ᠰᠠᠭᠤᠳᠠᠯ ᠳᠤ | ᠰᠠᠭᠤᠯᠭᠠᠬᠤ ᠬᠡᠷᠡᠭᠲᠡᠢ︔ ᠭᠡᠷ ᠤᠨ ᠠᠬᠠᠮᠠᠳ ᠲᠡᠷᠭᠡ ᠪᠠᠷᠢᠬᠤ ᠳᠤ ᠪᠠᠨ ᠠᠮᠤᠷ ᠲᠦᠪᠰᠢᠨ ᠤ ᠪᠦᠰᠡ ᠪᠠᠨ ᠪᠦᠰᠡᠯᠡᠵᠦ᠂ | ᠭᠠᠷ ᠤᠲᠠᠰᠤ ᠪᠠᠨ ᠦᠵᠡᠬᠦ ᠦᠭᠡᠢ᠂ ᠠᠷᠢᠬᠢ ᠤᠤᠭᠤᠭᠠᠳ ᠲᠡᠷᠭᠡ ᠵᠢᠯᠣᠭᠤᠳᠬᠤ ᠦᠭᠡᠢ᠂ ᠶᠠᠳᠠᠷᠠᠭᠰᠠᠨ ᠪᠠᠶᠢᠳᠠᠯ ᠳᠤ | ᠲᠡᠷᠭᠡ ᠵᠢᠯᠣᠭᠤᠳᠬᠤ ᠦᠭᠡᠢ᠂ ᠠᠮᠤᠷ ᠲᠦᠪᠰᠢᠨ ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠢ᠃ |