ᠵᠤᠭᠠᠴᠠᠬᠤ ᠠᠮᠤᠷ ᠲᠦᠪᠰᠢᠨ | 1. ᠭᠠᠳᠠᠭᠰᠢ ᠭᠠᠷᠬᠤ ᠦᠶ᠎ᠡ ᠳᠤ᠂ ᠭᠡᠷ ᠤᠨ ᠠᠬᠠᠮᠠᠳ ᠬᠡᠵᠢᠶᠡᠳᠡ ᠬᠡᠦᠬᠡᠳ ᠢᠶᠠᠨ ᠬᠠᠷᠠᠭᠠᠨ ᠠᠴᠠ ᠪᠠᠨ | ᠰᠠᠯᠭᠠᠬᠤ ᠦᠭᠡᠢ ᠪᠠᠶᠢᠵᠤ᠂ ᠣᠨᠴᠠᠭᠠᠶᠢᠯᠠᠨ ᠬᠥᠮᠦᠨ ᠣᠯᠠᠨ ᠴᠤᠭᠯᠠᠷᠠᠳᠠᠭ ᠭᠠᠵᠠᠷ ᠭᠡᠭᠡᠬᠦ ᠠᠴᠠ ᠰᠡᠷᠭᠡᠶᠢᠯᠡᠬᠦ | ᠬᠡᠷᠡᠭᠲᠡᠢ︔ ᠡᠭᠦᠨ ᠤ ᠬᠠᠮᠲᠤ ᠭᠡᠷ ᠤᠨ ᠠᠬᠠᠮᠠᠳ ᠬᠡᠦᠬᠡᠳ ᠲᠤ ᠪᠠᠨ ᠡᠴᠢᠭᠡ ᠡᠬᠡ ᠶᠢᠨ ᠨᠡᠷ᠎ᠡ᠂ ᠰᠠᠭᠤᠭ᠎ᠠ ᠭᠠᠵᠠᠷ᠂ | ᠤᠲᠠᠰᠤ ᠵᠡᠷᠭᠡ ᠶᠢ ᠴᠡᠭᠡᠵᠢᠯᠡᠭᠦᠯᠬᠦ ᠬᠡᠷᠡᠭᠲᠡᠢ︔ | 2. ᠬᠡᠦᠬᠡᠳ ᠨᠠᠭᠠᠳᠤᠮ ᠨᠠᠭᠠᠳᠬᠤ ᠠᠴᠠ ᠡᠮᠦᠨ᠎ᠡ᠂ ᠭᠡᠷ ᠤᠨ ᠠᠬᠠᠮᠠᠳ ᠠᠮᠤᠷ ᠲᠦᠪᠰᠢᠨ ᠤ ᠮᠡᠳᠡᠯᠭᠡ ᠶᠢ | ᠨᠠᠷᠢᠨ ᠨᠢᠮᠪᠠᠢ ᠤᠩᠰᠢᠬᠤ ᠶᠢᠨ ᠬᠠᠮᠲᠤ ᠵᠢᠷᠤᠮᠯᠠᠵᠤ᠂ ᠨᠠᠰᠤ ᠪᠠ ᠪᠡᠶ᠎ᠡ ᠶᠢᠨ ᠥᠨᠳᠥᠷ ᠲᠤ ᠨᠢ ᠵᠣᠬᠢᠴᠠᠬᠤ | ᠲᠥᠬᠦᠭᠡᠷᠦᠮᠵᠢ ᠶᠢ ᠰᠣᠩᠭᠤᠬᠤ ᠬᠡᠷᠡᠭᠲᠡᠢ︔ | 3. ᠬᠥᠪᠦᠮᠡᠯ ᠣᠩᠭᠤᠴᠠ ᠪᠤᠶᠤ ᠣᠩᠭᠤᠴᠠᠨ ᠳᠤ ᠰᠠᠭᠤᠬᠤ ᠵᠡᠷᠭᠡ ᠤᠰᠤᠨ ᠳᠤ ᠨᠠᠭᠠᠳᠬᠤ ᠦᠶ᠎ᠡ ᠡᠷᠬᠡᠪᠰᠢ | ᠬᠡᠦᠬᠡᠳ ᠠᠮᠢ ᠠᠪᠤᠷᠠᠬᠤ ᠲᠥᠬᠦᠭᠡᠷᠦᠮᠵᠢ ᠡᠮᠦᠰᠴᠦ ᠵᠡᠭᠦᠭᠰᠡᠨ ᠡᠰᠡᠬᠦ ᠶᠢ ᠪᠠᠶᠢᠴᠠᠭᠠᠬᠤ ᠶᠢᠨ ᠬᠠᠮᠲᠤ ᠪᠦᠬᠦ | ᠶᠠᠪᠤᠴᠠ ᠳᠤ ᠳᠠᠭᠠᠵᠤ᠂ ᠰᠠᠨᠠᠭᠠᠨ ᠳᠤ ᠦᠭᠡᠢ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ | 4. ᠦᠵᠡᠮᠵᠢ ᠶᠢᠨ ᠣᠷᠣᠨ ᠢᠶᠠᠷ ᠵᠤᠭᠠᠴᠠᠬᠤ ᠳᠤ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠨ᠂ ᠲᠠᠮᠠᠬᠢ | ᠲᠠᠲᠠᠬᠤ ᠦᠭᠡᠢ᠂ ᠢᠯᠡ ᠭᠠᠯ ᠬᠡᠷᠡᠭᠯᠡᠬᠦ ᠦᠭᠡᠢ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ︔ | 5. ᠨᠡᠭᠡᠭᠡᠨ ᠠᠰᠢᠭᠯᠠᠭ᠎ᠠ ᠣᠢᠭᠡᠢ᠂ ᠨᠡᠶᠢᠭᠡᠮ ᠨᠡᠶᠢᠲᠡ ᠳᠤ ᠬᠠᠨᠳᠤᠭᠤᠯᠤᠨ ᠨᠡᠭᠡᠭᠡ ᠣᠢᠭᠡᠢ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠬᠥᠮᠦᠨ ᠣᠢᠭᠡᠢ ᠠᠷᠠᠯ᠂ ᠳᠠᠯᠠᠢ ᠶᠢᠨ ᠲᠠᠩ ᠵᠡᠷᠭᠡ ᠭᠠᠵᠠᠷ ᠲᠤ ᠨᠠᠭᠠᠳᠬᠤ ᠦᠭᠡᠢ᠂ | ᠲᠠᠨᠢᠯ ᠪᠣᠰᠤ ᠪᠣᠶᠢᠳᠠ ᠪᠦᠭᠯᠡᠭᠦᠦ ᠵᠠᠮ ᠢᠶᠠᠷ ᠶᠠᠪᠤᠵᠤ ᠦᠵᠡᠬᠦ ᠣᠢᠭᠡᠢ︔ | 6. ᠴᠠᠭᠠᠰᠤᠨ ᠰᠢᠪᠠᠭᠤ ᠲᠠᠯᠪᠢᠬᠤ ᠳᠤ ᠪᠠᠨ ᠠᠯᠢ ᠴᠢᠳᠠᠬᠤ ᠪᠠᠷ ᠬᠥᠮᠦᠨ ᠴᠥᠭᠡᠨ ᠭᠠᠵᠠᠷ ᠢ ᠰᠣᠩᠭᠤᠵᠤ᠂ | ᠪᠠᠷᠢᠯᠭ᠎ᠠ᠂ ᠮᠣᠳᠣ᠂ ᠥᠨᠳᠥᠷ ᠬᠦᠴᠦᠳᠡᠯᠲᠦ ᠴᠠᠬᠢᠯᠭᠠᠨ ᠤᠲᠠᠰᠤ᠂ ᠲᠡᠮᠦᠷ ᠵᠠᠮ ᠤᠨ ᠬᠠᠵᠠᠭᠤ ᠠᠴᠠ ᠬᠤᠯᠠ | ᠪᠠᠶᠢᠬᠤ ᠬᠡᠷᠡᠭᠲᠡᠢ︔ | 7. ᠭᠠᠳᠠᠭᠰᠢ ᠭᠠᠷᠬᠤ ᠳᠤ ᠪᠠᠨ ᠡᠪᠡᠰᠦ ᠮᠣᠳᠣ ᠴᠡᠴᠡᠭ ᠬᠤᠸᠠᠷ ᠢᠭ᠌ᠴᠢ ᠰᠠᠬᠤᠯᠢᠭ ᠭᠠᠵᠠᠷ ᠠᠴᠠ | ᠵᠠᠶᠢᠯᠠᠵᠤ᠂ ᠴᠡᠴᠡᠭ ᠤᠨ ᠲᠣᠭᠤᠰᠣᠨ ᠤ ᠤᠩᠭᠠᠷᠢᠯ ᠳᠤ ᠬᠠᠷᠰᠢᠬᠤ ᠪᠠ ᠬᠤᠷᠣᠬᠠᠢ ᠳᠤ ᠬᠠᠵᠠᠭᠳᠠᠬᠤ ᠠᠴᠠ ᠬᠢᠴᠢᠶᠡᠬᠦ | ᠬᠡᠷᠡᠭᠲᠡᠢ᠃ | |