ᠰᠦᠯᠵᠢᠶᠡᠨ ᠤ ᠠᠮᠤᠷ ᠲᠦᠪᠰᠢᠨ | 1. ᠬᠡᠦᠬᠡᠳ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠶᠢᠨ ᠲᠥᠯᠥᠭᠡ᠂ ᠭᠡᠷ ᠤᠨ ᠠᠬᠠᠮᠠᠳ | ᠬᠡᠦᠬᠡᠳ ᠤᠨ ᠢᠶᠠᠨ ᠡᠳᠦᠷ ᠪᠦᠷᠢ ᠰᠦᠯᠵᠢᠶᠡᠨ ᠳᠤ ᠭᠠᠷᠬᠤ ᠴᠠᠭ ᠤᠨ ᠤᠷᠲᠤ ᠶᠢ ᠲᠣᠭᠲᠠᠭᠠᠵᠤ᠂ ᠭᠠᠷ ᠤᠲᠠᠰᠤ᠂ | ᠺᠣᠮᠫᠢᠦ᠋ᠲ᠋ᠧᠷ ᠵᠡᠷᠭᠡ ᠡᠯᠧᠺᠲᠷᠣᠨ ᠪᠦᠲᠦᠭᠡᠭᠳᠡᠬᠦᠨ ᠢ ᠬᠡᠷᠡᠭᠯᠡᠬᠦ ᠴᠠᠭ ᠢ ᠵᠣᠬᠢᠰᠲᠠᠢ ᠲᠣᠬᠢᠷᠠᠭᠤᠯᠤᠨ᠂ ᠬᠡᠦᠬᠡᠳ ᠢ | ᠬᠠᠪᠰᠤᠷᠤᠨ ᠵᠥᠪ ᠬᠡᠷᠡᠭᠯᠡᠭᠡᠨ ᠤ ᠦᠵᠡᠯᠲᠡ ᠪᠠ ᠠᠵᠢᠯᠯᠠᠭᠠᠨ ᠤ ᠳᠠᠳᠬᠠᠯ ᠲᠠᠢ ᠪᠣᠯᠭᠠᠨ᠂ ᠬᠡᠦᠬᠡᠳ ᠤᠨ ᠢᠶᠠᠨ | ᠲᠣᠭᠯᠠᠭᠠᠮ ᠳᠤ ᠳᠠᠩᠰᠠᠯᠠᠭᠤᠯᠵᠤ ᠵᠣᠭᠤᠰ ᠳᠤᠰᠢᠶᠠᠵᠤ ᠪᠠᠶᠢᠬᠤ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ | ᠡᠵᠡᠮᠰᠢᠵᠦ᠂ ᠬᠡᠦᠬᠡᠳ ᠤᠨ ᠢᠶᠠᠨ ᠭᠤᠣᠯ ᠨᠡᠪᠲᠡᠷᠡᠭᠦᠯᠦᠭᠴᠢ ᠶᠢ ᠱᠠᠩᠨᠠᠬᠤ᠂ ᠲᠣᠭᠯᠠᠭᠠᠮ ᠲᠤ ᠵᠣᠭᠤᠰ ᠨᠡᠮᠡᠬᠦ ᠵᠡᠷᠭᠡ | ᠠᠵᠢᠯᠯᠠᠭ᠎ᠠ ᠶᠢ ᠰᠡᠷᠭᠡᠶᠢᠯᠡᠨ᠎ᠡ︔ | 2. ᠬᠡᠦᠬᠡᠳ ᠲᠤ ᠪᠠᠨ ᠰᠦᠯᠵᠢᠶ᠎ᠡ ᠶᠢ ᠵᠥᠪ ᠬᠡᠷᠡᠭᠯᠡᠵᠦ᠂ ᠰᠦᠯᠵᠢᠶᠡᠨ ᠳᠤ ᠬᠤᠳᠠᠯ ᠬᠠᠭᠤᠷᠮᠠᠭ ᠮᠡᠳᠡᠭᠡ | ᠵᠠᠩᠭᠢ ᠶᠢ ᠨᠡᠶᠢᠲᠡᠯᠡᠬᠦ ᠪᠤᠶᠤ ᠳᠠᠮᠵᠢᠭᠤᠯᠵᠤ ᠪᠣᠯᠬᠤ ᠦᠭᠡᠢ︔ ᠡᠷᠡᠭᠦᠯ ᠪᠤᠰᠤ ᠰᠦᠯᠵᠢᠶ᠎ᠡ ᠶᠢ ᠦᠵᠡᠬᠦ ᠦᠭᠡᠢ᠂ | ᠲᠠᠨᠢᠯ ᠪᠤᠰᠤ ᠰᠦᠯᠵᠢᠶᠡᠨ ᠳᠤ ᠳᠤᠷ᠎ᠠ ᠪᠠᠷ ᠢᠶᠠᠨ ᠳᠠᠩᠰᠠᠯᠠᠭᠤᠯᠬᠤ ᠦᠭᠡᠢ ᠭᠡᠵᠦ ᠰᠤᠷᠭᠠᠨ᠎ᠠ︔ | 3. ᠣᠳᠣᠬᠠᠨ ᠳᠤ ᠰᠦᠯᠵᠢᠶᠡᠨ ᠤ ᠮᠡᠬᠡᠯᠡᠯ ᠳᠠᠬᠢᠨ ᠳᠠᠪᠲᠠᠨ ᠡᠭᠦᠰᠴᠦ ᠪᠠᠶᠢᠨ᠎ᠠ᠂ ᠭᠡᠷ ᠤᠨ ᠠᠬᠠᠮᠠᠳ | ᠬᠡᠦᠬᠡᠳ ᠤᠨ ᠢᠶᠠᠨ ᠰᠦᠯᠵᠢᠶᠡᠨ ᠳᠤ ᠭᠠᠷᠬᠤ ᠶᠠᠪᠤᠴᠠ ᠶᠢ ᠨᠢᠭᠲᠠ ᠠᠩᠬᠠᠷᠴᠤ᠂ ᠬᠡᠦᠬᠡᠳ ᠲᠤ ᠪᠠᠨ ᠴᠢᠬᠤᠯᠠ | ᠪᠦᠬᠦᠢ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠵᠢᠭᠠᠵᠤ ᠥᠭᠭᠦᠨ᠂ ᠬᠡᠦᠬᠡᠳ ᠲᠤ ︽ᠭᠤᠷᠪᠠᠨ ᠪᠣᠯᠬᠤ | ᠦᠭᠡᠢ ᠨᠢᠭᠡ ᠢᠯᠡᠭᠦᠦ︾ ᠢ ᠪᠠᠲᠤ ᠴᠡᠭᠡᠵᠢᠯᠡᠭᠦᠯᠦᠨ᠎ᠡ᠂ ᠲᠤᠬᠠᠶᠢᠯᠠᠪᠠᠯ᠂ ᠦᠯᠦ ᠮᠡᠳᠡᠬᠦ ᠬᠤᠯᠪᠤᠭᠠᠰᠤ ᠶᠢ ᠳᠠᠷᠤᠵᠤ | ᠪᠣᠯᠬᠤ ᠦᠭᠡᠢ᠂ ᠲᠠᠨᠢᠯ ᠪᠤᠰᠤ ᠤᠲᠠᠰᠤ ᠶᠢ ᠢᠲᠡᠭᠡᠵᠦ ᠪᠣᠯᠬᠤ ᠦᠭᠡᠢ᠂ ᠬᠤᠪᠢ ᠬᠥᠮᠦᠨ ᠤ ᠮᠡᠳᠡᠭᠡ ᠵᠠᠩᠭᠢ ᠪᠠᠨ | ᠵᠠᠳᠠᠷᠠᠭᠤᠯᠵᠤ ᠪᠣᠯᠬᠤ ᠦᠭᠡᠢ᠂ ᠪᠣᠰᠤᠳ ᠤᠨ ᠳᠠᠩᠰᠠᠨ ᠳᠤ ᠵᠣᠭᠤᠰ ᠰᠢᠯᠵᠢᠭᠦᠯᠬᠦ ᠳᠤ ᠪᠠᠨ ᠢᠯᠡᠭᠦᠦ ᠬᠢᠨᠠᠨ | ᠪᠠᠶᠢᠴᠠᠭᠠᠨ᠎ᠠ︔ | 4. ᠴᠠᠭᠳᠠᠭ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠠᠵᠢᠯᠲᠠᠨ ᠢᠶᠠᠷ ᠬᠠᠭᠤᠷᠮᠠᠭᠯᠠᠬᠤ᠂ | ᠰᠦᠯᠵᠢᠶᠡᠨ ᠳᠤ ᠬᠠᠭᠤᠷᠮᠠᠭ ᠠᠷᠠᠯᠵᠢᠶ᠎ᠠ ᠬᠢᠬᠦ᠂ ᠲᠣᠭᠯᠠᠭᠠᠮ ᠢᠶᠠᠷ ᠠᠰᠢᠭ ᠣᠯᠬᠤ᠂ ᠲᠥᠯᠦᠪᠦᠷᠢ ᠦᠭᠡᠢ ᠭᠠᠷ | ᠤᠲᠠᠰᠤ ᠠᠪᠬᠤ᠂ ᠤᠯᠠᠭᠠᠨ ᠪᠠᠭᠯᠠᠭ᠎ᠠ ᠠᠪᠬᠤ᠂ ᠰᠦᠯᠵᠢᠶᠡᠨ ᠳᠤ ᠬᠤᠳᠠᠯᠳᠤᠨ ᠠᠪᠬᠤ ᠪᠤᠶᠤ ᠪᠠᠷᠠᠭ᠎ᠠ ᠪᠤᠴᠠᠭᠠᠬᠤ᠂ | ᠰᠢᠤᠳᠠᠨ ᠤ ᠵᠦᠢᠯ ᠢ ᠭᠡᠭᠡᠬᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠲᠠᠩᠰᠠᠨ ᠨᠣᠮᠧᠷ ᠢ ᠬᠠᠭᠠᠬᠤ ᠵᠡᠷᠭᠡ | ᠬᠡᠯᠪᠡᠷᠢ ᠶᠢᠨ ᠮᠡᠬᠡᠯᠡᠯ ᠢ ᠰᠡᠷᠭᠡᠶᠢᠯᠡᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃ ᠲᠠᠨᠢᠯ ᠪᠤᠰᠤ ᠬᠥᠮᠦᠨ ᠲᠠᠢ | ᠬᠠᠷᠢᠯᠴᠠᠬᠤ ᠦᠶ᠎ᠡ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠰᠡᠷᠭᠡᠶᠢᠯᠡᠨ᠎ᠡ︔ | 5. ᠬᠡᠦᠬᠡᠳ ᠢᠶᠠᠨ ᠰᠦᠯᠵᠢᠶᠡᠨ ᠳᠤ ᠨᠠᠶᠢᠵᠠᠯᠠᠵᠤ ᠪᠣᠯᠬᠤ ᠦᠭᠡᠢ᠂ ᠲᠠᠨᠢᠯ ᠪᠤᠰᠤ ᠬᠥᠮᠦᠨ ᠤ ᠬᠠᠷᠢᠯᠴᠠᠬᠤ | ᠠᠷᠭ᠎ᠠ ᠮᠠᠶ᠋ᠢᠭ ᠢ ᠠᠪᠴᠤ ᠪᠣᠯᠬᠤ ᠦᠭᠡᠢ᠂ ᠨᠡᠩ ᠴᠤ ᠰᠦᠯᠵᠢᠶᠡᠨ ᠠᠨᠳᠠ ᠲᠠᠢ ᠳᠠᠯᠳᠠᠭᠤᠷ ᠠᠭᠤᠯᠵᠠᠵᠤ ᠪᠣᠯᠬᠤ | ᠦᠭᠡᠢ ᠭᠡᠵᠦ ᠰᠤᠷᠭᠠᠨ᠎ᠠ᠃ |