ᠢᠳᠡᠭᠡᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ | ᠬᠠᠪᠤᠷ ᠵᠤᠨ ᠤ ᠤᠯᠠᠷᠢᠯ ᠰᠣᠯᠢᠭᠳᠠᠬᠤ ᠦᠶ᠎ᠡ ᠳᠤ ᠠᠭᠠᠷ ᠤᠨ ᠳᠤᠯᠠᠭᠠᠨ ᠲᠣᠭᠲᠠᠪᠤᠷᠢ ᠦᠭᠡᠢ ᠪᠣᠯᠵᠤ᠂ | ᠬᠠᠯᠳᠠᠪᠤᠷᠢᠲᠤ ᠡᠪᠡᠳᠴᠢᠨ ᠣᠯᠠᠨ ᠡᠭᠦᠰᠬᠦ ᠮᠥᠷᠲᠡᠭᠡᠨ ᠠᠮᠠᠷᠠᠯᠲᠠ ᠶᠢᠨ ᠬᠤᠭᠤᠴᠠᠭᠠᠨ ᠳᠤ ᠬᠥᠮᠦᠰ ᠤᠨ ᠰᠢᠯᠵᠢᠯᠲᠡ | ᠪᠠ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠰᠢᠷᠠᠬᠤ ᠪᠣᠯᠬᠤᠷ᠂ ᠡᠯ᠎ᠡ ᠭᠡᠷ ᠤᠨ ᠠᠬᠠᠮᠠᠳ ᠬᠡᠦᠬᠡᠳ ᠲᠠᠢ ᠪᠠᠨ | ᠬᠠᠮᠲᠤ ᠬᠤᠯᠪᠣᠭᠳᠠᠯ ᠪᠦᠬᠦᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠄ | 1. ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠤᠰᠤ ᠢᠯᠡᠭᠦᠦ ᠤᠤᠭᠤᠵᠤ᠂ ᠵᠢᠮ᠎ᠡ ᠶᠣᠰᠣ ᠲᠠᠢ | ᠠᠵᠢᠯᠯᠠᠵᠤ ᠠᠮᠠᠷᠠᠨ᠂ ᠵᠣᠬᠢᠰᠲᠠᠢ ᠬᠥᠳᠡᠯᠭᠡᠭᠡᠨ ᠬᠢᠬᠦ ᠨᠢ ᠡᠬᠡᠯᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ | 2. ᠭᠠᠳᠠᠭᠰᠢ ᠭᠠᠷᠴᠤ ᠬᠤᠭᠤᠯᠠᠯᠠᠬᠤ ᠳᠤ ᠪᠠᠨ ᠵᠢᠩᠬᠢᠨᠢ᠂ ᠡᠵᠡᠩᠨᠡᠯᠲᠡ ᠶᠢᠨ ᠦᠨᠡᠮᠯᠡᠯ ᠲᠠᠢ ᠬᠤᠭᠤᠯᠠᠨ | ᠭᠡᠷ ᠢ ᠰᠣᠩᠭᠤᠵᠤ᠂ ᠵᠡᠭᠡᠯᠢ ᠭᠤᠳᠤᠮᠵᠢ ᠳᠠᠬᠢ ᠡᠵᠡᠩᠨᠡᠯᠲᠡ ᠶᠢᠨ ᠦᠨᠡᠮᠯᠡᠯ ᠦᠭᠡᠢ ᠬᠤᠳᠠᠯᠳᠤᠭᠠᠴᠢᠨ ᠤ | ᠪᠣᠷᠤᠯᠠᠭᠤᠯᠵᠤ ᠪᠠᠶᠢᠭ᠎ᠠ ᠢᠳᠡᠭᠡᠨ ᠢ ᠬᠤᠳᠠᠯᠳᠤᠨ ᠠᠪᠬᠤ ᠦᠭᠡᠢ︔ | 3. ᠲᠦᠭᠦᠬᠡᠢ ᠤᠰᠤ ᠤᠤᠭᠤᠬᠤ ᠦᠭᠡᠢ᠂ ᠢᠷᠡᠯᠲᠡ ᠨᠢ ᠲᠣᠳᠣᠷᠬᠠᠢ ᠦᠭᠡᠢ ᠵᠢᠮᠢᠰ᠂ ᠬᠡᠭᠡᠷ᠎ᠡ ᠶᠢᠨ ᠵᠢᠮᠢᠰ | ᠪᠠ ᠢᠳᠡᠭᠡᠨ ᠢ ᠢᠳᠡᠬᠦ ᠦᠭᠡᠢ᠂ ᠵᠡᠷᠯᠢᠭ ᠮᠥᠭᠦ ᠵᠡᠷᠭᠡ ᠲᠦᠭᠰᠢᠭᠦᠷᠢ ᠶᠡᠬᠡᠲᠡᠢ ᠢᠳᠡᠭᠡᠨ ᠢ ᠢᠳᠡᠬᠦ ᠦᠭᠡᠢ᠂ ᠦᠨᠡᠮᠯᠡᠯ | ᠦᠭᠡᠢ ᠳᠡᠯᠭᠡᠭᠦᠷ ᠤᠨ ᠪᠣᠷᠤᠯᠠᠭᠤᠯᠵᠤ ᠪᠠᠶᠢᠭ᠎ᠠ ᠢᠳᠡᠭᠡᠨ ᠢ ᠬᠤᠳᠠᠯᠳᠤᠨ ᠠᠪᠬᠤ ᠦᠭᠡᠢ᠂ ᠢᠳᠡᠭᠡᠨ ᠳᠤ | ᠬᠤᠣᠷᠳᠠᠭᠳᠠᠬᠤ ᠶᠢ ᠴᠢᠩᠭ᠎ᠠ ᠰᠡᠷᠭᠡᠶᠢᠯᠡᠨ᠎ᠡ︔ | 4. ᠬᠡᠦᠬᠡᠳ ᠢ ᠢᠳᠡᠵᠦ ᠤᠤᠭᠤᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠬᠤᠭᠤᠯᠠ ᠢᠳᠡᠬᠦ ᠠᠴᠠ | ᠡᠮᠦᠨ᠎ᠡ ᠪᠤᠶᠤ ᠭᠠᠳᠠᠭᠠᠯᠠᠭᠰᠠᠨ ᠤ ᠳᠠᠷᠠᠭ᠎ᠠ ᠭᠠᠷ ᠢᠶᠠᠨ ᠤᠬᠢᠶᠠᠬᠤ᠂ ᠭᠦᠢᠴᠡᠳ ᠵᠠᠵᠢᠯᠤᠨ ᠠᠭᠠᠵᠢᠮ ᠬᠤᠭᠤᠯᠠᠯᠠᠬᠤ᠂ | ᠢᠳᠡᠰᠢ ᠭᠤᠯᠣᠬᠤ ᠦᠭᠡᠢ᠂ ᠢᠳᠡᠰᠢ ᠢᠯᠠᠭᠠᠬᠤ ᠦᠭᠡᠢ᠂ ᠵᠦᠢ ᠵᠣᠬᠢᠰᠲᠠᠢ ᠬᠤᠭᠤᠯᠠᠯᠠᠬᠤ ᠪᠣᠯᠭᠠᠵᠤ᠂ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠨᠢ ᠠᠬᠢᠭᠤᠯᠤᠨ᠎ᠠ᠃ |