ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ⑩
ᠨᠡᠶᠢᠲᠡᠯᠡᠭᠰᠡᠨ ᠴᠠᠭ᠄
2024/4/29
      ᠪᠤᠰᠤᠳ ᠠᠮᠤᠷ ᠲᠦᠪᠰᠢᠨ      1. ᠬᠡᠦᠬᠡᠳ ᠢᠶᠠᠨ ᠪᠠᠷᠢᠯᠭ᠎ᠠ ᠶᠢᠨ ᠭᠠᠵᠠᠷ ᠵᠡᠷᠭᠡ ᠠᠶᠤᠯ ᠲᠠᠢ ᠭᠠᠵᠠᠷ᠂ ᠲᠡᠷᠭᠡ ᠶᠠᠪᠤᠬᠤ ᠭᠤᠣᠯ ᠵᠠᠮ᠂ ᠬᠠᠶᠠᠭᠳᠠᠮᠠᠯ ᠪᠠᠷᠢᠯᠭ᠎ᠠ ᠵᠡᠷᠭᠡ ᠭᠠᠵᠠᠷ ᠲᠤ ᠨᠠᠭᠠᠳᠴᠤ ᠪᠣᠯᠬᠤ ᠦᠭᠡᠢ᠂ ᠣᠨᠴᠠᠭᠠᠶᠢᠯᠠᠨ ᠪᠣᠷᠣᠭᠠᠨ ᠣᠷᠣᠬᠤ ᠦᠶ᠎ᠡ ᠳᠤ ᠡᠳᠡᠭᠡᠷ ᠭᠠᠵᠠᠷ ᠲᠤ ᠣᠴᠢᠵᠤ ᠪᠣᠯᠬᠤ ᠦᠭᠡᠢ ᠭᠡᠵᠦ ᠰᠤᠷᠭᠠᠬᠤ ᠬᠡᠷᠡᠭᠲᠡᠢ︔      2. ᠬᠡᠦᠬᠡᠳ ᠲᠤ ᠪᠠᠨ ᠰᠦᠯᠵᠢᠶᠡᠨ ᠪᠠᠭᠠᠷ᠂ ᠠᠷᠢᠬᠢᠨ ᠮᠤᠬᠤᠯᠠᠭ᠂ ᠡᠯᠧᠺᠲᠷᠣᠨ ᠲᠣᠭᠯᠠᠭᠠᠮ ᠤᠨ ᠭᠠᠵᠠᠷ ᠵᠡᠷᠭᠡ ᠨᠠᠰᠤᠨ ᠳᠤ ᠦᠯᠦ ᠬᠦᠷᠦᠭᠰᠡᠳ ᠣᠴᠢᠬᠤ ᠳᠤ ᠵᠣᠬᠢᠰ ᠦᠭᠡᠢ ᠭᠠᠵᠠᠷ ᠲᠤ ᠣᠴᠢᠵᠤ ᠲᠣᠭᠯᠠᠵᠤ ᠪᠣᠯᠬᠤ ᠦᠭᠡᠢ︔ ᠮᠠᠭᠤ ᠬᠥᠮᠦᠨ ᠲᠠᠢ ᠶᠠᠪᠤᠯᠴᠠᠬᠤ ᠦᠭᠡᠢ᠂ ᠲᠠᠮᠠᠬᠢ ᠲᠠᠲᠠᠬᠤ ᠦᠭᠡᠢ᠂ ᠠᠷᠢᠬᠢ ᠤᠤᠭᠤᠬᠤ ᠦᠭᠡᠢ ᠮᠥᠷᠲᠡᠭᠡᠨ ᠵᠣᠳᠤᠭᠠᠨ ᠳᠤ ᠣᠷᠣᠯᠴᠠᠬᠤ ᠦᠭᠡᠢ ᠪᠤᠶᠤ ᠳᠣᠷᠤᠮᠵᠢᠯᠠᠯ ᠤᠨ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ ᠭᠡᠵᠦ ᠰᠠᠨᠠᠭᠤᠯᠬᠤ ᠬᠡᠷᠡᠭᠲᠡᠢ ᠃      3. ᠬᠡᠦᠬᠡᠳ ᠲᠤ ᠪᠠᠨ ᠭᠠᠳᠠᠭᠰᠢ ᠭᠠᠷᠬᠤ ᠳᠤ ᠪᠠᠨ ᠴᠠᠭ ᠢᠮᠠᠭᠲᠠ ᠭᠡᠷ ᠤᠨ ᠠᠬᠠᠮᠠᠳ  ᠲᠠᠢ ᠪᠠᠨ ᠬᠠᠷᠢᠯᠴᠠᠵᠤ᠂ ᠴᠢᠳᠠᠬᠤ ᠶᠢᠨ ᠴᠢᠨᠡᠭᠡ ᠪᠠᠷ ᠬᠠᠨᠢ ᠨᠥᠬᠦᠳ ᠲᠠᠢ ᠪᠠᠨ ᠭᠠᠷᠴᠤ᠂ ᠬᠥᠮᠦᠨ ᠣᠯᠠᠨ ᠠᠮᠤᠷ ᠲᠦᠪᠰᠢᠨ ᠭᠠᠵᠠᠷ ᠢ ᠢ ᠰᠣᠩᠭᠤᠵᠤ ᠶᠠᠪᠤᠨ᠎ᠠ᠂ ᠡᠷᠭᠢᠨ ᠲᠣᠭᠤᠷᠢᠨ ᠤ ᠪᠠᠶᠢᠳᠠᠯ ᠢ ᠠᠵᠢᠭᠯᠠᠵᠤ᠂ ᠲᠠᠨᠢᠯ ᠪᠤᠰᠤ ᠬᠥᠮᠦᠨ ᠲᠠᠢ ᠦᠭᠡ ᠶᠠᠷᠢᠵᠤ ᠪᠣᠯᠬᠤ ᠦᠭᠡᠢ᠂ ᠬᠡᠷᠪᠡ ᠬᠥᠮᠦᠨ ᠳᠠᠭᠠᠬᠤ ᠪᠤᠶᠤ ᠵᠢᠭᠤᠷᠠᠯᠳᠤᠪᠠᠯ᠂ ᠠᠯᠢ ᠲᠦᠷᠭᠡᠨ ᠢᠶᠠᠷ ᠠᠭᠤᠳᠠᠮ ᠲᠠᠯᠠᠪᠠᠢ ᠪᠤᠶᠤ ᠬᠥᠮᠦᠨ ᠣᠯᠠᠨ ᠭᠠᠵᠠᠷ ᠲᠤ ᠣᠶᠢᠷᠠᠳᠴᠤ᠂ ᠴᠢᠬᠤᠯᠠ ᠲᠠᠢ ᠦᠶ᠎ᠡ ᠳᠤ ᠬᠥᠮᠦᠨ ᠳᠠᠭᠤᠳᠠᠨ᠎ᠠ︔ ᠳᠣᠣᠷ᠎ᠠ ᠣᠨ ᠤ ᠬᠡᠦᠬᠡᠳ ᠭᠠᠳᠠᠭᠰᠢ ᠭᠠᠷᠬᠤ ᠦᠶ᠎ᠡ ᠳᠤ ᠭᠡᠷ ᠤᠨ ᠠᠬᠠᠮᠠᠳ ᠵᠠᠪᠠᠯ ᠪᠡᠶ᠎ᠡ ᠪᠠᠷ ᠢᠶᠠᠨ ᠲᠣᠰᠴᠤ ᠬᠦᠷᠭᠡᠬᠦ ᠬᠡᠷᠡᠭᠲᠡᠢ ᠭᠡᠵᠦ ᠰᠠᠨᠠᠭᠤᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号