ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ | ᠲᠤᠰᠬᠠᠶ ᠮᠡᠷᠭᠡᠵᠢᠯ ᠪᠣᠯᠤᠨ ᠠᠵᠤ ᠦᠢᠯᠡᠰ ᠤᠨ ᠵᠣᠬᠢᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ 19 ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠵᠢᠯᠣᠭᠤᠳᠬᠤ | ᠵᠦᠪᠯᠡᠯ ᠤᠨ ᠬᠤᠷᠠᠯ ᠢ ᠬᠤᠷᠠᠯᠳᠤᠭᠤᠯᠵᠤ᠂ 2023 ᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠭᠰᠡᠨ ᠪᠠᠶᠢᠳᠠᠯ ᠢ ᠳ᠋ᠦᠩᠨᠡᠭᠰᠡᠨ ᠤ ᠬᠠᠮᠲᠤ ᠬᠤᠶᠢᠰᠢᠳᠠ ᠶᠢᠨ | ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ | ᠠᠵᠢᠯ ᠳᠤ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠮᠠᠨ ᠤ ᠣᠷᠣᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 18 | ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠡᠯᠬᠢᠶ᠎ᠡ ᠪᠦᠷᠢ ᠳᠤ 2 ᠶᠡᠭᠡ ᠳᠡᠭᠡᠳᠦ ᠰᠤᠷᠭᠠᠭᠤᠯᠢ ᠶᠢᠨ | ᠭᠤᠤᠯᠳᠠᠯᠭ᠎ᠠ ᠲᠠᠢ ᠲᠤᠰᠬᠠᠶ ᠮᠡᠷᠭᠡᠵᠢᠯ ᠢ ᠲᠣᠬᠢᠷᠠᠭᠤᠯᠵᠤ ᠳᠡᠮᠵᠢᠬᠦ ᠵᠠᠷᠴᠢᠮ ᠶᠣᠰᠣᠭᠠᠷ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠ ᠰᠣᠷᠣᠭᠴᠢ ᠡᠯᠰᠡᠬᠦ | ᠲᠥᠯᠥᠪᠯᠡᠭᠡ ᠶᠢ ᠲᠣᠬᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠴᠢᠩᠭ᠎ᠠ ᠠᠩᠬᠠᠷᠴᠤ ᠬᠥᠭᠵᠢᠯᠲᠡ ᠳᠤ ᠬᠦᠴᠦᠨ ᠨᠡᠮᠡᠷᠢᠯᠡᠨ᠂ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ | ᠶᠡᠭᠡ ᠪᠠᠷ ᠬᠥᠮᠦᠵᠢᠭᠦᠯᠦᠨ ᠪᠣᠯᠪᠠᠰᠤᠷᠠᠭᠤᠯᠤᠨ᠎ᠠ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ | ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠢᠳᠡᠪᠬᠢᠲᠡᠶ ᠪᠠᠷ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠬᠥᠮᠦᠨ | ᠬᠥᠮᠦᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠥᠨᠳᠥᠷ ᠬᠢᠷᠢ ᠲᠦᠪᠰᠢᠨᠲᠦ ᠲᠤᠰᠬᠠᠶ ᠮᠡᠷᠭᠡᠵᠢᠯ᠂ | ᠣᠨᠴᠠᠯᠢᠭᠲᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠣᠨᠴᠠᠯᠢᠭᠲᠤ ᠨᠠᠷᠠᠲᠤ ᠲᠡᠮᠳᠡᠭᠲᠦ ᠶᠢᠨ ᠬᠥᠭᠵᠢᠯᠲᠡ ᠶᠢ ᠠᠬᠢᠭᠤᠯᠤᠨ᠎ᠠ᠃ 2023 | ᠣᠨ ᠳᠤ 327 ᠳᠤᠰᠬᠠᠢ ᠮᠡᠷᠭᠡᠵᠢᠯ ᠢ ᠰᠢᠨ᠎ᠡ ᠪᠠᠷ ᠨᠡᠮᠡᠨ᠂ 340 ᠳᠤᠰᠬᠠᠢ ᠮᠡᠷᠭᠡᠵᠢᠯ ᠢ ᠬᠦᠴᠦᠨ ᠦᠭᠡᠢ | ᠪᠣᠯᠭᠠᠵᠤ᠂ ᠪᠠᠶᠢᠭᠠᠯᠢ ᠲᠧᠭᠨᠢᠭ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠵᠡᠯᠡᠬᠦ | ᠬᠠᠷᠢᠴᠠᠯ 63 . 1 % ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ 77 . 6 % ᠬᠥᠷᠪᠡ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠥᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠦᠢᠯᠡᠴᠢᠯᠡᠬᠦ ᠯᠦᠭᠡ | ᠪᠠᠷᠢᠮᠵᠢᠶᠠᠯᠠᠨ ᠬᠠᠷᠢᠴᠠᠭᠤᠯᠵᠤ᠂ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ | ᠲᠣᠳᠣᠷᠬᠠᠶᠢᠯᠠᠨ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ | ᠠᠩᠬᠠᠷᠤᠯ ᠢᠶᠠᠨ ᠬᠠᠨᠳᠤᠭᠤᠯᠵᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠵᠣᠬᠢᠴᠠᠯᠳᠤᠬᠤ᠂ ᠠᠵᠤ ᠦᠢᠯᠡᠰ ᠤᠨ ᠪᠦᠲᠦᠴᠡ ᠯᠦᠭᠡ ᠵᠣᠬᠢᠴᠠᠯᠳᠤᠬᠤ ᠶᠢ ᠠᠬᠢᠭᠤᠯᠬᠤ | ᠬᠡᠷᠡᠭᠲᠡᠶ᠃ ᠠᠵᠢᠯ ᠣᠯᠭᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠤᠷ᠎ᠠ ᠴᠢᠳᠠᠪᠤᠷᠢᠲᠤ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠪᠠᠶᠢᠴᠠᠭᠠᠨ | ᠰᠣᠳᠤᠯᠬᠤ ᠶᠢ ᠥᠷᠨᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠲᠣᠬᠢᠷᠠᠭᠤᠯᠤᠯᠲᠠ᠂ ᠳᠠᠳᠤᠯᠭ᠎ᠠ | ᠪᠣᠯᠪᠠᠰᠤᠷᠠᠯ᠂ ᠰᠤᠷᠤᠭᠴᠢᠳ ᠤᠨ ᠠᠵᠢᠯ ᠣᠯᠭᠤᠯᠲᠠ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ ᠲᠤᠰᠬᠠᠶ | ᠮᠡᠷᠭᠡᠵᠢᠯ ᠢ ᠲᠣᠬᠢᠷᠠᠭᠤᠯᠵᠤ᠂ ᠪᠠᠶᠢᠷᠢᠰᠢᠯᠠᠭᠤᠯᠬᠤ ᠪᠦᠲᠦᠴᠡ ᠶᠢ ᠰᠢᠯᠢᠳᠡᠭᠵᠢᠭᠦᠯᠦᠨ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠵᠣᠬᠢᠴᠠᠬᠤ ᠴᠢᠨᠠᠷ᠂ ᠲᠠᠲᠠᠬᠤ ᠬᠦᠴᠦᠨ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠵᠠᠩᠭᠢᠯᠠᠭ᠎ᠠ ᠶᠢᠨ | ᠰᠤᠷᠭᠠᠭᠤᠯᠢ ᠡᠷᠬᠢᠯᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠬᠥᠭᠵᠢᠭᠡᠬᠦ ᠪᠠ ᠲᠠᠶᠢᠴᠢᠯᠠᠵᠥ᠂ ᠠᠵᠤ ᠦᠢᠯᠡᠳᠪᠦᠷᠢ ᠪᠠ | ᠰᠤᠷᠭᠠᠨ ᠬᠥᠮᠥᠵᠢᠯ ᠤᠨ ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠠᠬᠢᠭᠤᠯᠤᠨ᠂ ᠨᠡᠩ ᠤᠯᠠᠨ ︽ᠬᠤᠶᠠᠷ ᠥᠨᠳᠥᠷ ᠬᠤᠶᠠᠷ ᠰᠢᠯᠢᠳᠡᠭ︾ ᠰᠤᠷᠭᠠᠭᠤᠯᠢ ᠶᠢ ᠪᠠᠶᠢᠭᠤᠯᠤᠨ᠂ ᠴᠢᠨᠠᠷᠯᠢᠭ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠴᠢᠳᠠᠪᠤᠷᠢ ᠶᠢ ᠴᠠᠭᠠᠰᠢᠲᠠ | ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠥᠨᠳᠥᠷ | ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | | |