ᠮᠣᠩᠭᠤᠯ ᠤᠯᠤᠰ ᠤᠨ ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠮᠠᠨ ᠤ ᠣᠷᠣᠨ ᠳᠤ ᠢᠷᠡᠵᠦ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
      ᠮᠠᠨ ᠤ ᠣᠷᠣᠨ ᠪᠣᠯᠤᠨ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠣᠩᠭᠤᠯ ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠶᠠᠮᠤᠨ ᠤ ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠤᠨ ᠬᠢᠨ ᠢ ᠤᠷᠢᠵᠤ᠂ ᠪᠤᠭᠤᠲᠤ ᠬᠤᠲᠠ ᠳᠤ ᠰᠤᠷᠭᠠᠨ ᠬᠥᠮᠦᠵᠢᠯ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃

1.png

      ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠱᠢ

ᠵᠢᠶ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢ ᠲᠣᠭᠤᠷᠢᠨ ᠦᠵᠡᠪᠡ

2.jpg

      ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠪᠤᠭᠤᠲᠤ ᠬᠤᠲᠠ ᠶᠢᠨ ᠶᠢᠰᠦᠳᠦᠭᠡᠷ ᠳᠤᠮᠳᠠᠳᠤ

ᠰᠤᠷᠭᠠᠭᠤᠯᠢ ᠶᠢᠨ ᠭᠠᠳᠠᠭᠠᠳᠤ ᠬᠡᠯᠡᠨ ᠤ ᠰᠤᠷᠭᠠᠭᠤᠯᠢ ᠶᠢ ᠲᠣᠭᠤᠷᠢᠨ ᠦᠵᠡᠪᠡ

3.png

      ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ

ᠲᠣᠭᠤᠷᠢᠭ ᠤᠨ ᠬᠤᠪᠤᠷ ᠰᠢᠷᠤᠢ ᠶᠢᠨ ᠣᠳᠣᠨ ᠬᠡᠦᠬᠡᠳ ᠤᠨ ᠴᠡᠴᠡᠷᠯᠢᠭ ᠢ ᠲᠣᠭᠤᠷᠢᠨ ᠦᠵᠡᠪᠡ

4.png

      ᠰᠤᠷᠭᠠᠨ ᠬᠥᠮᠦᠵᠢᠯ ᠤᠨ ᠪᠠᠶᠢᠴᠠᠭᠠᠬᠤ ᠪᠦᠯᠬᠦᠮ ᠪᠤᠭᠤᠲᠤ ᠶᠢᠨ ᠮᠧᠬᠠᠨᠢᠭ ᠤᠨ ᠠᠵᠤ ᠦᠢᠯᠡᠳᠪᠦᠷᠢ ᠶᠢᠨ

ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠲᠥᠪ ᠢ ᠲᠣᠭᠤᠷᠢᠨ ᠦᠵᠡᠪᠡ

      ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ

ᠬᠤᠶᠠᠳᠤᠭᠠᠷ ᠬᠡᠦᠬᠡᠳ ᠤᠨ ᠴᠡᠴᠡᠷᠯᠢᠭ᠂ ᠱᠢ ᠵᠢᠶ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ᠂ ᠪᠤᠭᠤᠲᠤ ᠬᠤᠲᠠ ᠶᠢᠨ

ᠶᠢᠰᠦᠳᠦᠭᠡᠷ ᠳᠤᠮᠳᠠᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠰᠤᠷᠭᠠᠭᠤᠯᠢ᠂ ᠬᠤᠪᠣᠷ ᠰᠢᠷᠤᠢ ᠶᠢᠨ ᠳᠡᠭᠡᠳᠦ

ᠰᠢᠨ᠎ᠡ ᠮᠡᠷᠭᠡᠵᠢᠯ ᠤᠨ ᠲᠣᠭᠤᠷᠢᠭ ᠤᠨ ᠬᠤᠪᠣᠷ ᠰᠢᠷᠣᠶ ᠶᠢᠨ ᠣᠳᠣᠨ ᠬᠡᠦᠬᠡᠳ ᠤᠨ ᠴᠡᠴᠡᠷᠯᠢᠭ᠂ ᠪᠤᠭᠤᠲᠤ

ᠬᠤᠲᠠ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠮᠧᠬᠠᠨᠢᠭ ᠤᠨ ᠠᠵᠤ ᠦᠢᠯᠡᠳᠪᠦᠷᠢ ᠶᠢᠨ

ᠠᠵᠢᠯ ᠮᠡᠷᠭᠡᠵᠢᠯ ᠤᠨ ᠰᠤᠷᠭᠠᠭᠤᠯᠢ᠂ ᠪᠤᠭᠤᠲᠤ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠮᠡᠷᠭᠡᠵᠢᠯ ᠤᠨ

ᠰᠤᠷᠭᠠᠭᠤᠯᠢ᠂ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠭᠠᠵᠠᠷ ᠢ

ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠭᠰᠡᠨ ᠪᠥᠭᠡᠳ ᠰᠤᠷᠭᠠᠭᠤᠯᠢ ᠡᠷᠭᠢᠯᠡᠬᠦ ︵ᠬᠡᠦᠬᠡᠳ ᠤᠨ          

ᠴᠡᠴᠡᠷᠯᠢᠭ︶ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠬᠢᠴᠢᠶᠡᠯ ᠤᠨ ᠲᠣᠬᠢᠷᠠᠭᠤᠯᠤᠯᠲᠠ᠂

ᠪᠠᠭᠰᠢ ᠬᠥᠮᠦᠵᠢᠭᠦᠯᠬᠦ᠂ ᠡᠷᠳᠡᠮ ᠰᠢᠨᠵᠢᠯᠡᠭᠡᠨ ᠤ ᠰᠤᠳᠤᠯᠭᠠᠨ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃

5.jpg

      ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠭᠠᠨ ᠬᠥᠮᠦᠵᠢᠯ ᠤᠨ

ᠰᠣᠯᠢᠯᠴᠠᠭᠠᠨ ᠤ ᠶᠠᠷᠢᠯᠴᠠᠬᠤ ᠬᠤᠷᠠᠯ ᠢ ᠡᠷᠬᠢᠯᠡᠪᠡ᠃ ᠲᠣᠭᠤᠷᠢᠨ ᠦᠵᠡᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ

ᠲᠣᠰ ᠲᠣᠰ ᠤᠨ ᠰᠤᠷᠭᠠᠨ ᠬᠥᠮᠦᠵᠢᠯ ᠤᠨ ᠲᠤᠷᠰᠢᠯᠭ᠎ᠠ ᠪᠣᠯᠤᠨ ᠦᠢᠯᠡᠳᠦᠯᠭᠡ ᠶᠢᠨ ᠵᠠᠭᠪᠤᠷ ᠤᠨ ᠲᠤᠬᠠᠶ ᠰᠣᠯᠢᠯᠴᠠᠨ

ᠶᠠᠷᠢᠯᠴᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠨ

ᠰᠤᠷᠤᠯᠴᠠᠵᠤ ᠬᠠᠷᠢᠯᠴᠠᠨ ᠲᠣᠯᠢᠯᠠᠬᠤ ᠶᠢ ᠠᠬᠢᠭᠤᠯᠤᠨ᠂ ᠤᠯᠠᠮ ᠴᠠᠭᠠᠰᠢᠲᠠ ᠬᠠᠮᠲᠤᠷᠠᠯᠴᠠᠬᠤ ᠳᠤ ᠰᠠᠶᠢᠨ ᠰᠠᠶᠢᠬᠠᠨ

ᠲᠠᠪᠴᠠᠩ ᠬᠠᠩᠭᠠᠪᠠ᠃

      ᠡᠨᠡ ᠤᠳᠠᠭᠠᠨ ᠤ ᠠᠵᠢᠯᠯᠠᠭ᠎ᠠ ᠶᠢ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ

ᠳᠠᠭᠠᠭᠠᠴᠢᠯᠠᠨ ᠡᠷᠭᠢᠯᠡᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号