ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠵᠤ ᠤᠭ ᠰᠠᠨᠠᠭ᠎ᠠ ᠶᠢ ᠦᠷᠭᠦᠯᠵᠢᠯᠡᠨ ᠵᠠᠯᠭᠠᠮᠵᠢᠯᠠᠰᠤᠭᠠᠢ — ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/8
      4 ᠳ᠋ᠦ᠋ᠭᠡᠷ ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ           ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠵᠣᠬᠢᠶᠠᠨ ᠪᠠᠶᠢᠭᠤᠯᠤᠭᠰᠠᠨ ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠪᠥᠷ ᠮᠣᠩᠭᠤᠯ ᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠶᠠᠪᠤᠭᠳᠠᠭᠤᠯᠵᠤ᠂ 1500 ᠰᠢᠬᠠᠮ ᠡᠯ᠎ᠡ ᠡᠲᠡᠭᠡᠳ ᠎ ᠤᠨ ᠲᠥᠯᠦᠭᠡᠯᠡᠭᠴᠢ ᠦᠷᠡᠭᠳᠡᠭᠰᠡᠨ ᠪᠠᠭᠠᠲᠤᠷᠴᠤᠳ ᠢᠶᠠᠨ ᠲᠤᠶᠢᠯ ᠢᠶᠠᠷ ᠳᠤᠷᠠᠰᠤᠨ ᠰᠠᠨᠠᠭᠠᠯᠵᠠᠵᠤ᠂ ᠡᠮᠭᠡᠨᠢᠨ ᠭᠠᠰᠢᠭᠤᠳᠠᠵᠤ ᠪᠠᠶᠢᠭ᠎ᠠ ᠰᠡᠳᠬᠢᠯ ᠢᠶᠠᠨ ᠢᠯᠡᠳᠭᠡᠪᠡ ᠃

1.jpg

      ᠬᠠᠩᠰᠢ ᠶᠢᠨ ᠡᠳᠦᠷ ᠴᠡᠴᠡᠭ ᠳᠡᠯᠭᠡᠷᠡᠨ ᠲᠡᠭᠷᠢ ᠴᠡᠯᠮᠡᠶᠢᠵᠦ᠂ ᠥᠪᠥᠷ ᠮᠣᠩᠭᠤᠯ ᠤᠨ ᠬᠤᠪᠢᠰᠬᠠᠯᠲᠤ

ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠥᠪ ᠬᠢᠴᠢᠶᠡᠩᠭᠦᠢ ᠬᠠᠷᠠᠭᠳᠠᠨ᠎ᠠ᠃ ᠰᠡᠬᠦ᠋ᠢᠨ

ᠰᠦᠨᠳᠡᠷᠯᠡᠭᠰᠡᠨ ᠳᠤᠷᠠᠰᠬᠠᠯ ᠤᠨ ᠬᠥᠰᠢᠶᠡᠨ ᠳᠡᠭᠡᠷᠡᠬᠢ ︽ᠠᠷᠠᠳ ᠤᠨ ᠪᠠᠭᠠᠲᠤᠷᠴᠤᠳ ᠥᠨᠢᠳᠡ ᠪᠠᠯᠠᠷᠠᠰᠢ          

ᠦᠭᠡᠢ︾ ᠭᠡᠬᠦ ᠨᠠᠢᠮᠠᠨ ᠦᠰᠦᠭ ᠣᠨᠴᠠ ᠶᠢᠨ ᠰᠦᠷᠯᠢᠭ ᠬᠠᠷᠠᠭᠳᠠᠨ᠎ᠠ᠃ ᠦᠳᠡ ᠶᠢᠨ ᠡᠮᠦᠨᠡᠬᠢ 10᠄ 30

ᠮᠢᠨᠦ᠋ᠲ ᠲᠤ᠂ ᠠᠷᠠᠳ ᠎ ᠤᠨ ᠴᠠᠭᠳᠠᠭ᠎ᠠ᠂ ᠴᠡᠷᠢᠭ ᠠᠴᠠ ᠬᠠᠯᠠᠭᠳᠠᠭᠰᠠᠳ᠂ ᠡᠷᠦᠬᠡ ᠶᠢᠨ ᠴᠡᠷᠢᠭ᠂ ᠶᠡᠭᠡ ᠳᠡᠭᠡᠳᠦ

ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ᠂ ᠨᠡᠶᠢᠭᠡᠮ ᠤᠨ ᠡᠯ᠎ᠡ ᠡᠲᠡᠭᠡᠳ ᠪᠣᠯᠤᠨ ᠬᠤᠳᠠ ᠶᠢᠨ

ᠠᠷᠠᠳ ᠤᠨ ᠲᠥᠯᠥᠭᠡᠯᠡᠭᠴᠢᠳ ᠵᠡᠷᠭᠡ1500 ᠰᠢᠬᠠᠮ ᠬᠥᠮᠦᠨ ᠲᠡᠷᠢ ᠲᠡᠭᠰᠢ ᠵᠢᠭᠰᠠᠵᠤ᠂ ᠬᠤᠪᠢᠰᠬᠠᠯᠲᠤ

ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢ ᠭᠦᠨ ᠰᠡᠳᠬᠢᠯᠭᠡ ᠪᠠᠷ ᠪᠠᠷᠠᠯᠠᠪᠠ᠃ ᠤᠯᠤᠰ ᠤᠨ

ᠰᠦᠯᠳᠡ ᠳᠠᠭᠤᠨ ᠤ ᠠᠶᠠᠰ ᠢ ᠲᠠᠭᠠᠨ᠂ ᠪᠥᠭᠦᠳᠡᠭᠡᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ

ᠳᠠᠭᠤᠯᠠᠵᠤ᠂ ᠡᠬᠡ ᠤᠯᠤᠰ ᠢᠶᠠᠨ ᠬᠠᠶᠢᠷᠠᠯᠠᠵᠤ ᠦᠷᠡᠭᠳᠡᠭᠰᠡᠨ ᠪᠠᠭᠠᠲᠤᠷᠴᠤᠳ ᠢᠶᠠᠨ ᠬᠦᠨᠳᠦᠳᠬᠡᠨ ᠪᠢᠰᠢᠷᠡᠵᠦ ᠪᠠᠶᠢᠭ᠎ᠠ

ᠰᠡᠳᠬᠢᠯᠭᠡ ᠪᠠᠨ ᠢᠯᠡᠳᠬᠡᠪᠡ᠃

2.jpg

      ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠦᠨᠡᠨᠴᠢ ᠰᠢᠳᠤᠷᠭᠤ ᠰᠡᠳᠬᠢᠯ ᠢᠶᠠᠨ

ᠦᠷᠭᠦᠯᠵᠢᠯᠡᠨ ᠪᠢᠴᠢᠭᠯᠡᠨᠡᠮ᠃ ᠭᠠᠭᠴᠠ ᠬᠦ ᠲᠡᠦᠬᠡ ᠪᠠᠨ ᠪᠠᠲᠤ ᠴᠡᠭᠡᠵᠢᠯᠡᠪᠡᠯ ᠰᠠᠶ᠋ᠢ ᠣᠳᠣ ᠶᠢᠨ ᠡᠩᠬᠡ ᠲᠠᠶᠢᠪᠤᠩ

ᠲᠣᠭᠲᠠᠭᠤᠨ ᠪᠠᠶᠢᠳᠠᠯ ᠤᠨ ᠬᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠢᠯᠡᠭᠦᠦ ᠣᠶᠢᠯᠠᠭᠠᠵᠤ ᠴᠢᠳᠠᠨ᠎ᠠ᠃ ᠪᠦᠬᠦ

ᠬᠥᠮᠦᠰ ᠲᠥᠪ ᠵᠣᠭᠰᠣᠵᠤ ᠨᠠᠮᠠᠨᠴᠢᠯᠠᠪᠠ᠃

3.jpg

      ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ

ᠵᠠᠯᠭᠠᠮᠵᠢᠯᠠᠨᠠᠮ᠃ ᠰᠤᠷᠤᠭᠴᠢᠳ ᠤᠨ ᠲᠥᠯᠥᠭᠡᠯᠡᠭᠴᠢ ᠠᠷᠠᠳ ᠤᠨ ᠪᠠᠭᠠᠲᠤᠷᠴᠤᠳ ᠲᠤ ᠵᠣᠷᠢᠭ ᠢᠶᠠᠨ ᠢᠯᠡᠳᠭᠡᠵᠦ᠂

ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠬᠢᠵᠠᠭᠠᠯᠠᠰᠢ ᠦᠭᠡᠢ

ᠳᠤᠷᠠᠰᠤᠨ ᠰᠠᠨᠠᠭᠠᠯᠵᠠᠵᠤ ᠪᠠᠶᠢᠬᠤ ᠎ ᠪᠠᠨ ᠢᠯᠡᠳᠬᠡᠪᠡ᠃ ᠴᠡᠴᠡᠭ ᠬᠦᠷᠭᠡᠬᠦ ᠠᠶᠠᠰ ᠤᠨ ᠳᠤᠮᠳᠠ᠂ ᠤᠯᠠᠨ ᠢᠶᠠᠷ ᠢᠶᠠᠨ

ᠭᠠᠷ ᠲᠤ ᠪᠠᠨ ᠰᠣᠷᠭᠤᠭ ᠴᠡᠴᠡᠭ ᠠᠳᠬᠤᠨ ᠭᠦᠨ ᠰᠡᠳᠬᠢᠯᠭᠡ ᠲᠠᠢ ᠱᠠᠳᠤ ᠥᠭᠰᠥᠵᠦ᠂ ᠰᠣᠷᠭᠤᠭ ᠴᠡᠴᠡᠭ ᠢ

ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶᠡᠨ ᠳᠡᠭᠡᠷ᠎ᠡ ᠲᠠᠯᠪᠢᠨ ᠭᠠᠰᠢᠭᠤᠳᠠᠵᠤ

ᠪᠠᠶᠢᠭ᠎ᠠ ᠰᠡᠳᠬᠢᠯ ᠢᠶᠠᠨ ᠢᠯᠡᠳᠭᠡᠪᠡ᠃ ᠳᠠᠷᠠᠭ᠎ᠠ ᠨᠢ᠂ ᠤᠯᠠᠨ ᠢᠶᠠᠷ ᠢᠶᠠᠨ ᠦᠵᠡᠭᠦᠯᠭᠡ ᠶᠢᠨ ᠲᠢᠩᠬᠢᠮ ᠳᠤ ᠬᠦᠷᠴᠦ᠂

ᠬᠤᠪᠢᠰᠬᠠᠯ ᠤᠨ ᠦᠯᠢᠭᠡᠷ ᠢ ᠰᠣᠨᠣᠰᠪᠠ᠃

4.jpg

      ᠬᠥᠬᠡᠬᠤᠲᠠ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ

ᠨᠡᠶᠢᠭᠡᠮ ᠤᠨ ᠬᠥᠭᠵᠢᠯᠲᠡ ᠶᠢᠨ ᠲᠥᠪ ᠤᠨ ᠪᠠᠶᠢᠩᠭᠤ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠡᠤ ᠶᠠᠨ

ᠴᠤᠤ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯᠲᠤ ᠤᠳᠤᠮᠰᠢᠯ ᠢ

ᠵᠠᠯᠭᠠᠮᠵᠢᠯᠠᠨ᠎ᠠ᠃ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠪᠦᠬᠦ ᠨᠡᠶᠢᠭᠡᠮ ᠤᠨ ᠡᠬᠡ ᠣᠷᠣᠨᠴᠢ

ᠦᠵᠡᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠶᠢ ᠳᠡᠭᠡᠭᠰᠢᠯᠡᠭᠦᠯᠪᠡ ᠭᠡᠵᠡᠢ᠃

5.jpg

      ᠬᠥᠬᠡᠬᠤᠲᠠ ᠶᠢᠨ ᠱᠢ ᠲᠧᠦ ᠰᠢᠶᠠᠩ ᠪᠠᠭ᠎ᠠ ᠰᠤᠷᠭᠠᠭᠤᠯᠢ ᠶᠢᠨ ᠰᠤᠷᠤᠭᠴᠢ ᠯᠢ ᠰᠢᠤᠸᠠᠨ ᠪᠠᠭᠠᠴᠤᠳ

ᠮᠠᠨᠳᠤᠪᠠᠯ ᠤᠯᠤᠰ ᠮᠠᠨᠳᠤᠨ᠎ᠠ᠂ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠪᠢᠳᠡ ᠦᠷᠡᠭᠳᠡᠭᠰᠡᠨ

ᠪᠠᠭᠠᠲᠤᠷᠴᠤᠳ ᠤᠨ ᠦᠬᠦᠬᠦ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠴᠢᠷᠮᠠᠶᠢᠨ

ᠰᠤᠷᠤᠯᠴᠠᠵᠤ᠂ ᠬᠦᠰᠡᠯᠡᠩ ᠲᠠᠢ᠂ ᠬᠠᠷᠢᠭᠤᠴᠠᠯᠭ᠎ᠠ ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ

ᠪᠣᠯᠬᠤ ᠪᠠᠷ ᠴᠢᠷᠮᠠᠶᠢᠨ᠎ᠠ ᠭᠡᠪᠡ᠃

6.jpg

      ᠬᠠᠯᠠᠭᠳᠠᠭᠰᠠᠨ ᠴᠡᠷᠢᠭ ᠸᠠᠩ ᠴᠢᠩ ᠱᠠᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ

ᠰᠠᠨᠠᠭᠠᠯᠵᠠᠵᠤ᠂ ᠪᠠᠭᠠᠲᠤᠷᠴᠤᠳ ᠲᠤ ᠢᠶᠠᠨ ᠬᠦᠨᠳᠦᠳᠬᠡᠯ ᠳᠡᠪᠰᠢᠭᠦᠯᠦᠨᠡᠮ᠂ ᠡᠨᠡ ᠨᠢ ᠨᠠᠳᠠ ᠳᠤ ᠠᠪᠴᠤ ᠬᠡᠯᠡᠪᠡᠯ

ᠨᠢᠭᠡ ᠤᠳᠠᠭᠠᠨ ᠤ ᠤᠶᠤᠨ ᠰᠠᠨᠠᠭᠠᠨ ᠤ ᠠᠷᠢᠭᠤᠳᠬᠠᠯ ᠪᠣᠯᠬᠤ ᠪᠥᠭᠡᠳ ᠪᠠᠰᠠ ᠴᠤ ᠢᠷᠡᠭᠡᠳᠦᠢ ᠵᠦᠭ ᠲᠡᠮᠡᠦᠯᠬᠦ

ᠤᠷᠢᠶᠠᠯᠠᠭ᠎ᠠ ᠪᠣᠯᠤᠨ᠎ᠠ᠃ ᠬᠠᠯᠠᠭᠳᠠᠭᠰᠠᠨ ᠴᠡᠷᠢᠭ ᠪᠣᠯᠤᠭᠰᠠᠨ ᠤ ᠬᠤᠪᠢ ᠳᠤ᠂ ᠪᠢ ᠦᠷᠡᠭᠳᠡᠭᠰᠡᠨ

ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ

ᠪᠠᠲᠤᠳᠬᠠᠨ᠂ ᠠᠬᠠᠮᠠᠳ ᠬᠤᠪᠢᠰᠬᠠᠯᠴᠢ ᠶᠢᠨ ᠤᠯᠠ ᠮᠥᠷ ᠢ ᠲᠠᠭᠠᠨ ᠡᠷᠡᠮᠡᠬᠡᠶᠢᠯᠡᠨ ᠤᠷᠤᠭᠰᠢᠯᠠᠨ᠎ᠠ ᠭᠡᠪᠡ᠃

7.jpg

      ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠎ ᠢᠶᠠᠨ

ᠳᠠᠬᠢᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠬᠤᠪᠢᠰᠬᠠᠯᠲᠤ ᠤᠯᠠᠮᠵᠢᠯᠠᠯ ᠢ

ᠵᠠᠯᠭᠠᠮᠵᠢᠯᠠᠵᠤ᠂ ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠦᠨ᠂ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠬᠤ

᠎ ᠶᠢᠨ ᠲᠥᠯᠦᠭᠡ ᠶᠤᠮ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠴᠦ ᠵᠠᠯᠭᠠᠭ᠎ᠠ ᠪᠠᠷ ︽ᠰᠦᠭ ᠢ ᠱᠤᠭᠤᠬᠤ ·

2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ︾᠎ ᠪᠠᠷ ᠭᠤᠣᠯ ᠰᠡᠳᠦᠪ

ᠪᠣᠯᠭᠠᠭᠰᠠᠨ ᠤᠯᠠᠨ ᠶᠠᠩᠵᠤ ᠬᠡᠯᠪᠡᠷᠢ ᠶᠢᠨ ᠲᠠᠬᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠦᠷᠡᠭᠳᠡᠭᠰᠡᠨ

ᠪᠠᠭᠠᠲᠤᠷᠴᠤᠳ ᠎ ᠢ ᠬᠦᠨᠳᠦᠳᠬᠡᠨ ᠪᠢᠰᠢᠷᠡᠵᠦ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠭᠡᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号