ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠢᠯᠭᠠᠷᠠᠭᠰᠠᠨ ᠪᠠᠭᠰᠢ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/4/9
      4 ᠳ᠋ᠦ᠋ᠭᠡᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠣᠷᠤᠮᠵᠢᠯᠠᠯ ᠢ ᠰᠡᠷᠭᠡᠶᠢᠯᠡᠨ ᠵᠠᠰᠠᠬᠤ ᠰᠢᠯᠭᠠᠷᠠᠭᠰᠠᠨ ᠪᠠᠭᠰᠢ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠡᠬᠢᠯᠡᠵᠦ᠂ ᠪᠥᠬᠦ ᠣᠷᠣᠨ ᠤ 140 ᠪᠠᠭᠰᠢ ᠪᠣᠯᠪᠠᠰᠤᠷᠠᠯ ᠳᠤ ᠣᠷᠣᠯᠴᠠᠪᠠ᠃

1.jpg

      ᠡᠨᠡ ᠤᠳᠠᠭᠠᠨ ᠤ ᠪᠣᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠤᠯᠯᠠᠨ ᠡᠷᠭᠢᠯᠡᠵᠦ᠂ ᠪᠣᠯᠪᠠᠰᠤᠷᠠᠯ ᠤᠨ ᠠᠩᠭᠢ ᠦᠢᠯᠡᠳᠦᠯᠴᠡᠬᠦ ᠮᠠᠶ᠋ᠢᠭ ᠤᠨ ᠬᠢᠴᠢᠶᠡᠯᠯᠡᠬᠦ ᠠᠷᠭ᠎ᠠ ᠶᠢ ᠠᠪᠴᠤ᠂

ᠤᠯᠤᠰ ᠤᠨ ᠳᠣᠲᠣᠭᠠᠳᠤ ᠶᠢᠨ 4 ᠨᠠᠷᠠᠲᠤ ᠲᠤᠰᠬᠠᠶ ᠮᠡᠷᠭᠡᠵᠢᠯᠲᠡᠨ ᠢ ᠤᠷᠢᠨ ᠲᠣᠷᠤᠮᠵᠢᠯᠠᠯ ᠢ ᠢᠯᠡᠷᠡᠭᠦᠯᠬᠦ᠂

ᠰᠢᠢᠳᠪᠦᠷᠢᠯᠡᠬᠦ᠂ ᠤᠷᠢᠳᠴᠢᠯᠠᠨ ᠰᠡᠷᠭᠡᠶᠢᠯᠡᠬᠦ ᠪᠠ ᠬᠠᠮᠢᠶᠠᠷᠬᠤ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠶ

ᠲᠠᠶᠢᠯᠤᠮᠵᠢ ᠬᠢᠯᠭᠡᠪᠡ᠃

2.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠣᠯᠪᠠᠰᠤᠷᠠᠯ ᠎ ᠳᠤ ᠣᠷᠣᠯᠴᠠᠭᠰᠠᠨ

ᠪᠠᠭᠰᠢ ᠨᠠᠷ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂

ᠳᠣᠷᠣᠮᠵᠢᠯᠠᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ

ᠤᠴᠠᠷᠠᠭᠤᠯᠤᠭᠰᠠᠨ ᠬᠦᠨᠳᠦ ᠨᠣᠴᠢᠲᠠᠶ ᠨᠥᠯᠥᠭᠡ ᠪᠠ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠳᠤ

ᠦᠵᠡᠭᠦᠯᠦᠭᠰᠡᠨ ᠴᠢᠬᠤᠯᠠ ᠨᠥᠯᠥᠭᠡ ᠶᠢ ᠭᠦᠢᠴᠡᠳ ᠲᠠᠨᠢᠬᠤ ᠬᠡᠷᠡᠭᠲᠡᠶ᠃ ᠰᠤᠷᠤᠯᠴᠠᠬᠤ ᠠᠴᠠ ᠡᠮᠦᠨ᠎ᠡ ᠰᠡᠳᠬᠢᠬᠦ᠂

ᠰᠡᠳᠬᠢᠬᠦ ᠶᠢᠨ ᠳᠠᠭᠠᠤ ᠰᠤᠷᠤᠯᠴᠠᠬᠤ᠂ ᠰᠤᠷᠤᠯᠴᠠᠬᠤ ᠶᠢᠨ ᠳᠠᠭᠠᠤ ᠪᠣᠯᠪᠠᠰᠤᠷᠠᠬᠤ᠂ ᠪᠣᠯᠪᠠᠰᠤᠷᠠᠬᠤ ᠶᠢᠨ ᠳᠠᠭᠠᠤ

ᠣᠶᠢᠯᠠᠭᠠᠬᠤ ᠶᠢ ᠪᠠᠷᠢᠮᠲᠠᠯᠠᠵᠤ᠂ ᠪᠠᠭᠰᠢ ᠶᠢᠨ ᠰᠤᠷᠤᠭᠴᠢᠳ ᠤᠨ ᠳᠣᠷᠤᠮᠵᠢᠯᠠᠯ ᠢ ᠰᠡᠷᠭᠡᠶᠢᠯᠡᠨ ᠵᠠᠰᠠᠬᠤ ᠴᠢᠳᠠᠪᠤᠷᠢ ᠶᠢ

ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠢᠯᠭᠠᠷᠠᠭᠰᠠᠨ ᠪᠠᠭᠰᠢ ᠨᠠᠷ

ᠳᠠᠷᠤᠢ ᠳᠤ ᠨᠢ ᠲᠤᠰ ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠪᠠᠨ ᠰᠤᠷᠤᠭᠴᠢᠳ ᠤᠨ ᠳᠣᠷᠣᠮᠵᠢᠯᠠᠯ ᠢ

ᠰᠡᠷᠭᠡᠶᠢᠯᠡᠨ ᠵᠠᠰᠠᠬᠤ ᠲᠤᠰᠬᠠᠶ ᠠᠵᠢᠯ ᠢ ᠥᠷᠨᠢᠭᠦᠯᠵᠦ᠂ ᠪᠠᠭᠰᠢ᠂ ᠰᠤᠷᠤᠭᠴᠢ᠂ ᠭᠡᠷ ᠤᠨ ᠠᠬᠠᠮᠠᠳ ᠤᠨ ᠬᠥᠮᠦᠵᠢᠯ

ᠪᠣᠯᠪᠠᠰᠤᠷᠠᠯ ᠢ ᠪᠦᠬᠦ ᠲᠠᠯ᠎ᠠ ᠪᠠᠷ ᠡᠬᠢᠯᠡᠭᠦᠯᠵᠦ᠂ ᠰᠤᠷᠤᠯᠴᠠᠭᠰᠠᠨ ᠦᠷ᠎ᠡ ᠪᠦᠲᠦᠭᠡᠯ ᠢ ᠰᠡᠷᠭᠡᠶᠢᠯᠡᠬᠦ ᠴᠢᠳᠠᠪᠤᠷᠢ

ᠪᠣᠯᠭᠠᠨ ᠬᠤᠪᠢᠷᠠᠭᠤᠯᠵᠤ᠂ ᠪᠦᠬᠦ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠠᠵᠢᠯ ᠤᠨ ᠪᠣᠳᠠᠲᠤ

ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ

ᠰᠤᠷᠭᠠᠭᠤᠯᠢ ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠲᠥᠰᠦᠯ︾ ᠵᠡᠷᠭᠡ ᠪᠢᠴᠢᠭ

ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠤᠷᠢᠳᠴᠢᠯᠠᠨ ᠰᠡᠷᠭᠡᠶᠢᠯᠡᠬᠦ᠂ ᠰᠢᠢᠳᠪᠦᠷᠢᠯᠡᠬᠦ ᠠᠵᠢᠯ ᠤᠨ ᠳᠣᠭᠲᠠᠴᠠ

ᠪᠠ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ ᠤᠨ ᠳᠣᠷᠣᠮᠵᠢᠯᠠᠯ ᠢ ᠵᠠᠰᠠᠬᠤ

ᠵᠥᠪᠯᠡᠯ ᠤᠨ ᠡᠭᠦᠷᠭᠡ ᠬᠠᠷᠢᠭᠤᠴᠠᠯᠭ᠎ᠠ ᠪᠠ ᠴᠢᠳᠠᠮᠵᠢ ᠶᠢ ᠭᠦᠢᠴᠡᠳ ᠪᠠᠳᠠᠷᠠᠭᠤᠯᠤᠨ᠂ ᠬᠠᠤᠯᠢ ᠪᠠᠷ ᠵᠠᠰᠠᠬᠤ

ᠬᠥᠮᠦᠵᠢᠯ ᠪᠠ ᠠᠮᠤᠷ ᠲᠦᠪᠰᠢᠨ ᠤ ᠬᠥᠮᠦᠵᠢᠯ ᠲᠠᠢ ᠤᠶᠠᠯᠳᠤᠭᠤᠯᠤᠨ᠂ ᠰᠤᠷᠭᠠᠨ ᠬᠥᠮᠦᠵᠢᠭᠦᠯᠵᠦ ᠬᠥᠲᠥᠯᠥᠨ

ᠵᠢᠯᠣᠭᠤᠳᠬᠤ ᠪᠠ ᠵᠥᠪ ᠣᠨᠣᠪᠴᠢᠲᠠᠢ  ᠤᠬᠠᠭᠤᠯᠬᠤ ᠶᠢ ᠴᠢᠩᠭᠠᠳᠬᠠᠵᠤ᠂ ᠰᠤᠷᠭᠠᠭᠤᠯᠢ᠂ ᠬᠡᠷ ᠪᠦᠯᠢ᠂ ᠨᠡᠶᠢᠭᠡᠮ

ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠬᠠᠮᠲᠤ ᠳᠤ ᠪᠠᠨ ᠬᠥᠮᠦᠵᠢᠭᠦᠯᠬᠦ ᠶᠢ ᠶᠡᠭᠡ ᠪᠠᠷ ᠠᠬᠢᠭᠤᠯᠵᠤ᠂

ᠰᠤᠷᠤᠭᠴᠢᠳ ᠤᠨ ᠳᠣᠷᠤᠮᠵᠢᠯᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号