ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠰᠢᠶᠠᠩ ᠪᠠᠯᠭᠠᠰᠤᠨ ᠤ ᠳᠡᠰ ᠤᠨ ᠠᠶᠤᠯ ᠠᠴᠠ ᠵᠠᠶᠢᠯᠠᠬᠤ ᠭᠠᠵᠠᠷ ᠢᠶᠠᠷ ᠴᠡᠭ ᠳᠣᠭᠲᠠᠭᠠᠭᠰᠠᠨ ᠰᠤᠷᠭᠠᠭᠤᠯᠢ ᠶᠢᠨ ᠳᠠᠭᠤᠷᠢᠶᠠᠯ ᠦᠵᠡᠭᠦᠯᠦᠨ ᠳᠡᠯᠭᠡᠷᠡᠭᠦᠯᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/13
      ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠬᠤᠲᠠ ᠶᠢᠨ ᠮᠧᠨ ᠳᠧᠦ ᠭᠧᠦ ᠲᠣᠭᠤᠷᠢᠭ ᠤᠨ ᠮᠢᠶᠣᠣ ᠹᠧᠩ ᠱᠠᠨ ᠦᠨᠳᠦᠰᠦᠲᠡᠨ ᠤ ᠰᠤᠷᠭᠠᠭᠤᠯᠢ ᠳᠤ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠎ ᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠳᠡᠭᠡᠭᠰᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠡᠨᠡ ᠵᠢᠯ ᠤᠨ ᠪᠦᠬᠦ ᠤᠯᠤᠰ ᠎ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠠᠴᠠ ᠬᠥᠯᠥᠨ ᠪᠤᠶᠢᠷ ᠬᠤᠲᠠ ᠶᠢᠨ ᠠᠷᠤᠨ ᠬᠤᠰᠢᠭᠤᠨ ᠳᠤ ᠪᠦᠬᠦ ᠣᠷᠣᠨ ᠤ ᠰᠢᠶᠠᠩ ᠪᠠᠯᠭᠠᠰᠤᠨ ᠤ ᠳᠡᠰ ᠤᠨ ᠠᠶᠤᠯ ᠠᠴᠠ ᠵᠠᠶᠢᠯᠠᠬᠤ ᠭᠠᠵᠠᠷ ᠤᠨ ᠴᠡᠭ ᠳᠣᠭᠲᠠᠭᠠᠭᠰᠠᠨ ᠰᠤᠷᠭᠠᠭᠤᠯᠢ ᠶᠢᠨ  ᠳᠠᠭᠤᠷᠢᠶᠠᠯ ᠦᠵᠡᠭᠦᠯᠦᠨ ᠳᠡᠯᠭᠡᠷᠡᠭᠦᠯᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   

1.webp.jpg

2.webp.jpg

3.webp.jpg

4.webp.jpg

5.webp.jpg

6.webp.jpg

7.webp.jpg

8.webp.jpg

      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠤᠨ ᠬᠤᠰᠢᠭᠤᠨ ᠤ ᠹᠦ᠋ ᠰᠢᠩ ᠳᠤᠮᠳᠠᠳᠤ

ᠰᠤᠷᠭᠠᠭᠤᠯᠢ ᠳᠤ ᠲᠤᠷᠰᠢᠯᠲᠠ ᠶᠢᠨ ᠴᠡᠭ ᠤᠨ ᠰᠣᠷᠢᠯᠲᠠ ᠪᠠ ︽ᠠᠮᠤᠷ ᠲᠦᠪᠰᠢᠨ ᠤ ᠠᠷᠠᠯ︾᠎ ᠤᠨ ᠭᠠᠮᠰᠢᠭ ᠠᠴᠠ

ᠠᠪᠤᠷᠠᠬᠤ ᠡᠩᠨᠡᠭᠡᠨ ᠤ ᠲᠣᠮᠤ ᠪᠠᠭᠤᠴᠠ᠂ ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠭᠠᠵᠠᠷ᠂

ᠭᠠᠮᠰᠢᠭ ᠠᠴᠠ ᠠᠪᠤᠷᠠᠬᠤ ᠡᠳ᠋ ᠪᠣᠳᠠᠰ ᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠡᠷᠭᠡ ᠶᠢ ᠲᠣᠭᠤᠷᠢᠨ          

ᠦᠵᠡᠪᠡ᠃ ᠰᠣᠷᠢᠯᠲᠠ ᠨᠢ ᠭᠠᠵᠠᠷ ᠬᠥᠳᠡᠯᠦᠯᠲᠡ ᠶᠢᠨ ᠭᠠᠮᠰᠢᠭ ᠢᠶᠠᠷ ᠠᠬᠤᠢ ᠪᠠᠶᠢᠳᠠᠯ ᠪᠣᠯᠭᠠᠵᠤ᠂ ᠠᠬᠤᠢ

ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠢ ᠡᠬᠢᠯᠡᠨ ᠬᠡᠷᠡᠭᠯᠡᠬᠦ᠂ ᠡᠭᠴᠡ ᠨᠢᠰᠬᠡᠯ

ᠪᠠ ᠲᠡᠷᠭᠡ ᠬᠥᠰᠬᠡ ᠪᠠᠷ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ᠂ ᠰᠢᠷᠬᠠᠲᠤᠭᠰᠠᠳ ᠢ ᠠᠪᠤᠷᠠᠨ ᠵᠠᠰᠠᠬᠤ

ᠵᠡᠷᠭᠡ ᠲᠥᠷᠥᠯ ᠤᠨ ᠰᠣᠷᠢᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ ᠪᠡᠭᠡᠵᠢᠩ ᠬᠤᠲᠠ ᠶᠢᠨ ᠮᠧᠨ ᠳᠧᠦ ᠭᠧᠦ

ᠲᠣᠭᠤᠷᠢᠭ ᠤᠨ ᠮᠢᠶᠣᠣ ᠹᠧᠩ ᠱᠠᠨ ᠦᠨᠳᠦᠰᠦᠲᠡᠨ ᠤ ᠰᠤᠷᠭᠠᠭᠤᠯᠢ ᠲᠠᠢ ᠬᠤᠯᠪᠣᠭ᠎ᠠ ᠠᠪᠴᠤ ᠬᠠᠷᠢᠯᠴᠠᠨ

ᠦᠢᠯᠡᠳᠦᠯᠴᠡᠪᠡ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠤᠯᠠᠭᠠᠨ ᠵᠠᠭᠠᠯᠮᠠᠶᠢᠲᠠᠨ ᠤ

ᠨᠡᠶᠢᠭᠡᠮᠯᠢᠭ ᠬᠠᠮᠲᠤ ᠳᠤ ᠪᠠᠨ ᠹᠦ᠋ ᠰᠢᠩ ᠳᠤᠮᠳᠠᠳᠤ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ

ᠲᠤᠰᠠᠯᠠᠬᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ᠤ ᠫᠠᠶᠢᠰᠠ ᠶᠢ ᠰᠡᠬᠦᠪᠡ᠃

      ᠠᠷᠤᠨ ᠬᠤᠰᠢᠭᠤᠨ ᠤ ᠹᠦ᠋ ᠰᠢᠩ ᠳᠤᠮᠳᠠᠳᠤ ᠰᠤᠷᠭᠠᠭᠤᠯᠢ ᠶᠢᠨ ︽ᠠᠮᠤᠷ ᠲᠦᠪᠰᠢᠨ ᠤ ᠠᠷᠠᠯ︾

      ᠭᠠᠮᠰᠢᠭ ᠠᠴᠠ ᠠᠪᠤᠷᠠᠬᠤ ᠡᠩᠨᠡᠭᠡᠨ ᠤ ᠲᠣᠮᠤ ᠪᠠᠭᠤᠴᠠ᠄ ᠲᠤᠰᠬᠠᠢ ᠮᠡᠷᠭᠡᠵᠢᠯ ᠤᠨ ᠠᠪᠤᠷᠠᠨ ᠲᠤᠰᠠᠯᠠᠬᠤ

ᠡᠩᠨᠡᠭᠡᠨ ᠳᠤ ᠣᠷᠣᠬᠤ᠂ ᠲᠡᠷᠢᠭᠦᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ᠂ ᠠᠪᠤᠷᠠᠨ

ᠲᠤᠰᠠᠯᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠪᠠᠴᠢᠮ ᠪᠠᠶᠢᠳᠠᠯ ᠢ

ᠠᠷᠭᠠᠴᠠᠵᠤ ᠠᠪᠤᠷᠠᠨ ᠲᠤᠰᠠᠯᠠᠬᠤ ᠶᠢ ᠳᠠᠭᠠᠬᠤ ᠬᠤᠷᠳᠤᠴᠠ ᠪᠠ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ

ᠬᠡᠪᠴᠢᠶ᠎ᠡ 2.5 ᠮᠢᠩᠭᠠᠨ ᠮᠧᠲᠷ ᠲᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠶᠢᠨ

ᠦᠢᠯᠡᠴᠢᠯᠡᠬᠦ ᠴᠠᠭ ᠤᠨ ᠤᠷᠲᠤ 2 - 14 ᠡᠳᠦᠷ ᠪᠣᠯᠤᠨ᠎ᠠ᠃

      ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠭᠠᠵᠠᠷ᠄ ᠪᠠᠶᠢᠭᠠᠯᠢ ᠶᠢᠨ ᠭᠠᠮᠰᠢᠭ ᠭᠡᠨᠡᠳᠲᠡ ᠡᠭᠦᠰᠬᠦ

ᠦᠶ᠎ᠡ ᠳᠤ᠂ ᠰᠤᠷᠭᠠᠭᠤᠯᠢ ᠶᠢᠨ ᠣᠶᠢᠷ᠎ᠠ ᠬᠠᠪᠢ ᠶᠢᠨ ᠣᠯᠠᠨ ᠲᠦᠮᠡᠨ ᠦᠳᠲᠡᠷ ᠲᠦᠷᠭᠡᠨ ︽ᠠᠮᠤᠷ ᠲᠦᠪᠰᠢᠨ ᠤ

ᠠᠷᠠᠯ︾᠎ ᠳᠤ ᠰᠢᠯᠵᠢᠵᠦ ᠪᠣᠯᠤᠨ᠎ᠠ᠂ ᠠᠮᠤᠷ ᠲᠦᠪᠰᠢᠨ ᠤ ᠠᠷᠠᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ

ᠬᠡᠮᠵᠢᠶ᠎ᠡ᠂ ᠭᠠᠮᠰᠢᠭ ᠢ ᠰᠡᠷᠭᠡᠶᠢᠯᠡᠬᠦ ᠡᠬᠢ ᠪᠠᠶᠠᠯᠢᠭ ᠪᠠ ᠪᠠᠴᠢᠮ ᠪᠠᠶᠢᠳᠠᠯ ᠢ ᠠᠷᠭᠠᠴᠠᠬᠤ ᠨᠥᠭᠡᠴᠡ ᠨᠢ 2000

ᠬᠥᠮᠦᠨ ᠳᠤ ᠣᠬᠤᠷ ᠬᠤᠭᠤᠴᠠᠭᠠᠨ ᠤ ᠬᠠᠮᠠᠭᠠᠯᠠᠯᠲᠠ ᠶᠢ ᠬᠠᠩᠭᠠᠵᠤ ᠳᠡᠶᠢᠯᠦᠨ᠎ᠡ᠃

      ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠄ ᠣᠷᠣᠨ ᠪᠦᠰᠡ

ᠭᠠᠮᠰᠢᠭᠳᠠᠭᠰᠠᠨ ᠤ ᠳᠠᠷᠠᠭ᠎ᠠ᠂ ᠴᠡᠭ ᠲᠣᠭᠲᠠᠭᠠᠨ ᠣᠷᠣᠭᠤᠯᠬᠤ ᠪᠠ ᠰᠤᠷᠭᠠᠭᠤᠯᠢ ᠳᠠᠬᠢ ᠲᠤᠰᠬᠠᠢ ᠵᠠᠮ ᠢᠶᠠᠷ

ᠳᠠᠮᠵᠢᠭᠤᠯᠤᠨ ᠡᠳ᠋ ᠪᠣᠳᠠᠰ ᠢ ᠣᠷᠣᠭᠤᠯᠬᠤ᠂ ᠬᠠᠳᠠᠭᠠᠯᠠᠬᠤ ᠪᠠ ᠬᠤᠪᠢᠶᠠᠨ ᠲᠠᠷᠬᠠᠭᠠᠬᠤ ᠶᠢ ᠪᠡᠶᠡᠯᠡᠭᠦᠯᠦᠨ᠎ᠡ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢᠶᠠᠩ ᠪᠠᠯᠭᠠᠰᠤᠨ ᠤ ᠠᠶᠤᠯ ᠠᠴᠠ

ᠵᠠᠶᠢᠯᠠᠬᠤ ᠭᠠᠵᠠᠷ ᠤᠨ ᠴᠡᠭ ᠳᠣᠭᠲᠠᠭᠠᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠣᠷᠣᠨ ᠤ

ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂  ᠬᠡᠰᠡᠭ ᠪᠦᠯᠦᠭ

ᠳᠠᠭᠤᠷᠢᠶᠠᠯ ᠦᠵᠡᠭᠦᠯᠬᠦ ᠰᠤᠷᠭᠠᠭᠤᠯᠢ ᠶᠢ ᠪᠠᠶᠢᠭᠤᠯᠵᠤ᠂ ᠬᠡᠰᠡᠭ ᠪᠦᠯᠦᠭ ᠬᠡᠷᠡᠭᠯᠡᠭᠡᠨ ᠤ ᠴᠢᠳᠠᠪᠤᠷᠢ ᠶᠢ

ᠳᠡᠯᠭᠡᠷᠡᠭᠦᠯᠦᠨ᠂ ᠬᠡᠰᠡᠭ ᠪᠦᠯᠦᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠬᠡᠰᠡᠭ ᠪᠦᠯᠦᠭ

ᠬᠠᠮᠵᠢᠯᠴᠠᠬᠤ ᠵᠠᠭᠪᠤᠷ ᠢ ᠲᠡᠭᠦᠯᠳᠡᠷᠵᠢᠭᠦᠯᠦᠨ᠂ ᠢᠵᠢ ᠣᠨᠴᠠᠯᠢᠭᠲᠤ ᠬᠥᠭᠵᠢᠯᠲᠡ ᠶᠢᠨ ᠠᠷᠭ᠎ᠠ ᠵᠠᠮ ᠢ

ᠰᠦᠪᠡᠭᠴᠢᠯᠡᠵᠦ᠂ ᠢᠵᠢ ᠲᠡᠷᠢᠭᠦᠨ ᠤ ᠠᠷᠭ᠎ᠠ ᠪᠠᠷᠢᠯ ᠢ ᠡᠭᠦᠳᠴᠦ᠂ ᠦᠢᠯᠡᠴᠢᠯᠡᠭᠡᠨ ᠤ ᠬᠠᠷᠢᠶ᠎ᠠ ᠭᠠᠵᠠᠷ ᠤᠨ

ᠬᠥᠭᠵᠢᠯᠲᠡ ᠶᠢ ᠨᠥᠯᠥᠭᠡᠯᠡᠨ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠪᠴᠢᠶ᠎ᠡ ᠶᠢ

ᠥᠷᠭᠡᠳᠬᠡᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃

      ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠯ ᠰᠡᠷᠭᠡᠶᠢᠯᠡᠵᠦ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠵᠠᠷ ᠬᠥᠳᠡᠯᠦᠯᠲᠡ ᠶᠢᠨ ᠳᠣᠪᠴᠢᠶᠠᠨ ᠤ ᠬᠤᠪᠢᠳᠠᠨ

ᠬᠠᠮᠢᠶᠠᠷᠬᠤ ᠤᠳᠤᠷᠢᠳᠤᠯᠭ᠎ᠠ ᠠᠵᠢᠯ ᠤᠨ ᠪᠠᠶᠢᠷᠢᠯᠠᠭᠤᠯᠤᠯᠲᠠ ᠬᠢᠵᠦ᠂ ᠬᠥᠯᠥᠨ ᠪᠤᠶᠢᠷ ᠬᠤᠲᠠ ᠶᠢᠨ ᠠᠷᠤᠨ

ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠰᠠᠨᠠᠯ ᠢᠶᠠᠨ ᠰᠣᠯᠢᠯᠴᠠᠨ᠂ ᠡᠯ᠎ᠡ ᠠᠶᠢᠮᠠᠭ ᠬᠤᠲᠠ ᠶᠢᠨ

ᠬᠠᠮᠢᠶ᠎ᠠ ᠪᠦᠬᠦᠢ ᠨᠢᠭᠡᠴᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号