ᠮᠠᠨ ᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠭᠤᠣᠯ ᠰᠡᠳᠦᠪᠲᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 5 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠨᠢᠭᠡ ᠰᠠᠷ᠎ᠠ ᠶᠢᠨ ᠬᠤᠭᠤᠴᠠᠭ᠎ᠠ ᠲᠠᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠭᠤᠣᠯ ᠰᠡᠳᠦᠪᠲᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽︿ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ﹀ ︵ᠳᠣᠷᠣᠭᠰᠢ ︿ᠳᠦᠷᠢᠮ﹀ ᠭᠡᠵᠦ ᠳᠥᠭᠦᠮᠴᠢᠯᠡᠨ᠎ᠡ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠪᠦᠭᠦ ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠢᠶᠠᠨ ᠪᠤᠯᠭᠠᠵᠤ᠂ ᠨᠡᠶᠢᠭᠡᠮ ᠳᠠᠶᠠᠭᠠᠷ ᠲᠤ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠶᠢ ᠵᠣᠷᠢᠵᠠᠢ᠃      ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠣᠯᠠᠨ ᠵᠦᠢᠯ ᠤᠨ ᠭᠡᠯᠪᠡᠷᠢ ᠪᠠᠷ ︽ᠳᠦᠷᠢᠮ︾ ᠢ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠤᠭᠤᠳᠬᠤ᠂ ᠬᠥᠮᠦᠵᠢᠯ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ︽ᠳᠦᠷᠢᠮ︾ ᠢ ᠨᠠᠮ ᠤᠨ ᠰᠤᠷᠭᠠᠭᠤᠯᠢ ᠳᠤ ᠣᠷᠣᠭᠤᠯᠵᠤ ᠬᠢᠴᠢᠶᠡᠯ ᠤᠨ ᠲᠠᠩᠬᠢᠮ ᠳᠤ ᠣᠷᠣᠭᠤᠯᠬᠤ  ᠶᠢ ᠠᠬᠢᠭᠤᠯᠬᠤ ᠪᠣᠯᠣᠨ᠎ᠠ᠃ ᠣᠯᠠᠨ ᠵᠦᠢᠯ ᠤᠨ ᠭᠡᠯᠪᠡᠷᠢ ᠪᠦᠬᠦᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠷᠣᠨ ᠨᠤᠲᠤᠭ᠂ ᠠᠵᠢᠯ ᠲᠥᠷᠥᠯ ᠤᠨ ᠣᠨᠴᠠᠯᠢᠭ ᠲᠠᠢ ᠤᠬᠠᠭᠤᠯᠭ᠎ᠠ ᠶᠢᠨ ᠠᠵᠢᠯ ᠤᠨ ᠠᠩᠭᠢ ︵ᠳᠤᠭᠤᠶᠢᠯᠠᠩ︶ ᠶᠢ ᠵᠣᠬᠢᠶᠠᠨ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢᠨ ︽ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠨᠢᠭᠡᠴᠢ᠂ ᠠᠵᠤ ᠠᠬᠤᠶᠢᠯᠠᠯ᠂ ᠰᠦᠯᠵᠢᠶ᠎ᠡ ᠳᠤ ᠣᠷᠣᠬᠤ︾ ᠶᠢ ᠪᠦᠭᠦ ᠲᠠᠯ᠎ᠠ ᠪᠠᠷ ᠠᠬᠢᠭᠤᠯᠤᠨ᠎ᠠ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠱᠠᠭᠠᠷᠳᠠᠯᠭ᠎ᠠ ᠶᠣᠰᠣᠭᠠᠷ᠂ ᠮᠡᠷᠭᠡᠵᠢᠯ ᠴᠢᠳᠠᠪᠤᠷᠢ ᠶᠢᠨ ᠤᠷᠤᠯᠳᠤᠭᠠᠨ᠂ ᠭᠤᠣᠯ ᠰᠡᠳᠦᠪᠲᠦ ᠶᠠᠷᠢᠶ᠎ᠠ ᠢᠯᠡᠳᠬᠡᠯ᠂ ᠮᠡᠳᠡᠯᠭᠡ ᠶᠢᠨ ᠤᠷᠤᠯᠳᠤᠭᠠᠨ᠂ ᠵᠣᠬᠢᠶᠠᠯ ᠤᠨ ᠤᠷᠤᠯᠳᠤᠭᠠᠨ ᠵᠡᠷᠭᠡ ᠭᠡᠯᠪᠡᠷᠢ ᠶᠢ ᠠᠪᠴᠤ᠂ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠎ᠡ ; ᠬᠠᠤᠯᠢᠵᠢᠯ ᠤᠨ ᠰᠢᠯᠢᠳᠡᠭ ᠸᠢᠳᠢᠤ᠋ ᠶᠢᠨ ᠪᠦᠲᠦᠭᠡᠯ ᠢ ᠡᠯᠰᠡᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠠᠵᠢᠯ ᠢ ᠪᠦᠭᠦ ᠲᠠᠯ᠎ᠠ ᠪᠠᠷ ᠠᠬᠢᠭᠤᠯᠬᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ᠂ ᠲᠣᠪᠤᠶᠢᠮ᠎ᠠ ᠠᠷᠭ᠎ᠠ ᠬᠢᠳᠡᠯ᠂ ᠨᠡᠶᠢᠲᠡᠯᠢᠭ ᠲᠤᠷᠰᠢᠯᠭ᠎ᠠ᠂ ᠰᠡᠳᠬᠢᠯ ᠬᠥᠳᠡᠯᠭᠡᠮ᠎ᠡ ᠥᠯᠢᠭᠡᠷ ᠵᠡᠷᠭᠡ ᠶᠢ ᠭᠤᠣᠯᠳᠠᠯᠭ᠎ᠠ ᠲᠠᠢ ᠡᠯᠰᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号