ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/16
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠩᠯᠢᠶᠣᠤ ᠬᠤᠲᠠ ᠳᠤ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ 2024 ᠣᠨ ᠤ ᠪᠦᠬᠦ ᠤᠯᠤᠰ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ           ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠵᠢᠴᠢ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠣᠷᠣᠨ ᠤ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠳ᠋ᠦᠩᠨᠡᠭᠰᠡᠨ ᠤ ᠬᠠᠮᠲᠤ ᠳᠠᠷᠠᠭ᠎ᠠ ᠠᠯᠬᠤᠮ ᠤᠨ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   

1.webp.jpg

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ

ᠬᠥᠳᠡᠯᠮᠦᠷᠢ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠡᠭᠦᠷᠭᠡ

ᠬᠠᠷᠢᠭᠤᠴᠠᠯᠭ᠎ᠠ ᠶᠢ ᠭᠦᠢᠴᠡᠳ ᠲᠠᠨᠢᠵᠤ᠂ ᠬᠠᠨᠳᠤᠰᠢ ᠪᠠ ᠡᠭᠦᠷᠭᠡ ᠶᠢ ᠣᠨᠣᠪᠴᠢᠲᠠᠢ ᠡᠵᠡᠮᠳᠡᠨ᠂ ᠪᠡᠶ᠎ᠡ ᠶᠢᠨ ᠲᠠᠮᠢᠷ᠂

ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠳᠤᠮᠳᠠᠳᠤ ᠪᠠᠭ᠎ᠠ ᠰᠤᠷᠭᠠᠭᠤᠯᠢ ᠶᠢᠨ

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ

ᠳᠣᠭᠲᠠᠯᠴᠠᠭ᠎ᠠ ᠪᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠪᠦᠬᠦ

ᠶᠠᠪᠤᠴᠠ ᠳᠤ ᠣᠷᠣᠭᠤᠯᠵᠤ᠂ ᠰᠤᠷᠤᠭᠴᠢᠳ ᠤᠨ ᠡᠷᠡᠭᠦᠯ ᠮᠡᠨᠳᠦ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ

ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠰᠤᠷᠤᠭᠴᠢᠳ ᠤᠨ ᠪᠡᠶ᠎ᠡ

ᠮᠠᠬᠠᠪᠣᠳ ᠤᠨ ᠡᠷᠡᠭᠦᠯ ᠮᠡᠨᠳᠦ ᠶᠢ ᠳᠡᠭᠡᠭᠰᠢᠯᠡᠭᠦᠯᠬᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ

ᠬᠥᠭᠵᠢᠭᠦᠯᠬᠦ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ᠂ ᠭᠤᠸ᠎ᠠ

ᠰᠠᠶᠢᠬᠠᠨ ᠤ ᠬᠥᠮᠦᠵᠢᠯ ᠤᠨ ᠠᠵᠢᠯᠯᠠᠭ᠎ᠠ ᠪᠠ ᠰᠤᠷᠤᠭᠴᠢᠳ ᠤᠨ ᠴᠡᠷᠢᠭ ᠤᠨ ᠪᠣᠯᠪᠠᠰᠤᠷᠠᠯ ᠵᠡᠷᠭᠡ ᠭᠤᠣᠯᠳᠠᠯᠭ᠎ᠠ ᠎ ᠲᠠᠢ

ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠢᠴᠢᠶᠡᠯ ᠢ ᠪᠦᠷᠢᠨ ᠭᠦᠢᠴᠡᠳ ᠰᠠᠶᠢᠲᠤᠷ ᠨᠡᠭᠡᠭᠡᠵᠦ᠂ ᠪᠠᠭᠰᠢ ᠶᠢᠨ

ᠡᠩᠨᠡᠭᠡ ᠶᠢ ᠪᠦᠷᠢᠨ ᠭᠦᠢᠴᠡᠳ ᠪᠠᠶᠢᠭᠤᠯᠤᠨ ᠬᠦᠴᠦᠷᠬᠡᠭᠵᠢᠭᠦᠯᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ

ᠬᠠᠮᠠᠭᠠᠯᠠᠯ ᠤᠷᠠᠯᠢᠭ ᠬᠥᠳᠡᠯᠮᠦᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ

ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ

ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

   

2.png

      ᠬᠤᠷᠠᠯ ᠤᠨ ᠬᠤᠭᠤᠴᠠᠭᠠᠨ ᠳᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ

ᠰᠠᠯᠠᠭ᠎ᠠ ᠮᠥᠴᠢᠷ ᠤᠨ ᠬᠢᠨ ᠠᠵᠢᠯ ᠥᠷᠨᠢᠭᠦᠯᠦᠭᠰᠡᠨ ᠪᠠᠶᠢᠳᠠᠯ᠂ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠵᠡᠷᠭᠡ ᠶᠢ

ᠬᠠᠷᠢᠭᠤ ᠮᠡᠳᠡᠭᠦᠯᠵᠦ ᠰᠠᠨᠠᠯ ᠢᠶᠠᠨ ᠰᠣᠯᠢᠯᠴᠠᠨ᠂ ᠲᠦᠩᠯᠢᠶᠣᠤ ᠬᠤᠲᠠ ᠶᠢᠨ ᠬᠡᠰᠡᠭ ᠳᠤᠮᠳᠠᠳᠤ ᠪᠠᠭ᠎ᠠ

ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠠᠯᠢᠭ᠂ ᠬᠥᠳᠡᠯᠮᠦᠷᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ

ᠬᠥᠮᠦᠵᠢᠯ ᠪᠠ ᠲᠦᠷᠭᠡᠨ ᠠᠪᠤᠷᠠᠬᠤ ᠤᠷ᠎ᠠ ᠴᠢᠳᠠᠪᠤᠷᠢ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠠᠬᠤᠢ ᠲᠠᠯᠠᠪᠠᠢ ᠳᠤ

ᠲᠣᠭᠤᠷᠢᠨ ᠦᠵᠡᠪᠡ᠃

   

3.png

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶᠎ ᠤᠨ

ᠳᠣᠪᠴᠢᠶᠠᠨ ᠤ ᠬᠤᠪᠢᠳᠠᠨ ᠬᠠᠮᠢᠶᠠᠷᠬᠤ ᠳᠠᠷᠤᠭ᠎ᠠ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠶᠢᠨ

ᠰᠠᠯᠠᠭᠠᠨ ᠤ ᠳᠠᠷᠤᠭ᠎ᠠ ᠬᠤᠷᠠᠯ ᠳᠤ ᠣᠷᠣᠯᠴᠠᠵᠤ᠂ ᠲᠦᠩᠯᠢᠶᠣᠤ ᠬᠤᠲᠠ ᠶᠢᠨ ᠡᠯ᠎ᠡ ᠬᠤᠰᠢᠭᠤ ᠰᠢᠶᠠᠨ ᠬᠤᠲᠠ

ᠲᠣᠭᠤᠷᠢᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠳᠠᠷᠤᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠠᠬᠤᠢ ᠲᠠᠯᠠᠪᠠᠢ ᠳᠤ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号