5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ ᠠᠪᠤᠭ᠎ᠠ ᠦᠭᠡᠢ | ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠨᠥᠬᠦᠷ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠳᠡᠳ᠋ ᠳᠠᠷᠤᠭ᠎ᠠ ᠸᠠᠩ ᠮᠢᠨ ᠡᠷᠬᠢᠯᠡᠪᠡ᠃ | ᠬᠤᠷᠠᠯ ᠠᠴᠠ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ | ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ ᠠᠪᠤᠭ᠎ᠠ ᠦᠭᠡᠢ ᠪᠠᠷᠢᠯᠭ᠎ᠠ ᠶᠢ ᠲᠤᠰᠬᠠᠢ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢ ᠳᠡᠭᠡᠳᠦᠯᠡᠬᠦ ᠲᠤᠬᠠᠢ | ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ | ᠱᠠᠲᠤ ᠲᠡᠶᠢᠰᠢ ᠥᠷᠭᠡᠳᠬᠡᠬᠦ ᠶᠢ ᠠᠬᠢᠭᠤᠯᠬᠤ ᠪᠣᠳᠠᠲᠤ ᠬᠡᠷᠡᠭᠴᠡᠭᠡ᠂ ᠠᠷᠠᠳ ᠣᠯᠠᠨ ᠤ ᠬᠦᠰᠡᠨ ᠡᠷᠡᠮᠡᠯᠵᠡᠵᠦ | ᠪᠠᠶᠢᠭ᠎ᠠ ᠪᠣᠳᠠᠲᠤ ᠶᠠᠪᠤᠳᠠᠯ᠂ ᠨᠠᠮ ᠤᠨ ᠲᠥᠷᠥ ᠪᠠᠷᠢᠬᠤ ᠰᠠᠭᠤᠷᠢ ᠲᠠᠢ ᠬᠤᠯᠪᠣᠭᠳᠠᠬᠤ ᠶᠡᠭᠡ ᠶᠠᠪᠤᠳᠠᠯ | ᠮᠥᠨ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠴᠡᠭᠴᠡᠯᠡᠨ ᠵᠠᠰᠠᠬᠤ ᠠᠵᠢᠯ ᠢ ︽ᠬᠤᠶᠠᠷ ᠢ | ᠳᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ | ᠰᠢᠯᠭᠠᠨ ᠪᠠᠶᠢᠴᠠᠭᠠᠯᠲᠠ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠥᠷᠨᠢᠭᠦᠯᠬᠦ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ | ᠰᠡᠳᠬᠢᠯᠭᠡ᠂ ᠲᠤᠯᠭᠠᠮ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠣᠭᠲᠠᠭᠠᠵᠤ | ᠳᠠᠷᠤᠮᠠᠯᠯᠠᠨ ᠲᠠᠷᠬᠠᠭᠠᠭᠰᠠᠨ ᠠᠵᠢᠯ ᠤᠨ ᠲᠥᠰᠦᠯ ᠶᠣᠰᠣᠭᠠᠷ᠂ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ | ᠵᠠᠮ ᠱᠤᠭᠤᠮ ᠤᠨ ᠵᠢᠷᠤᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠲᠤᠰᠬᠠᠢ ᠴᠡᠭᠴᠡᠯᠡᠨ ᠵᠠᠰᠠᠬᠤ | ᠠᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ᠴᠢᠨᠠᠷᠯᠢᠭ ᠠᠬᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠨᠡᠩ ᠬᠠᠲᠠᠭᠤ ᠴᠢᠩᠭ᠎ᠠ ᠠᠵᠢᠯ ᠤᠨ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠬᠦᠷᠢᠶᠡᠨ ᠤ ᠴᠡᠭᠴᠡᠯᠡᠨ | ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ︽ᠭᠤᠣᠯ ᠳᠠᠶᠢᠯᠠᠯᠳᠤᠭᠠᠨ︾ ᠢ | ᠡᠷᠡᠰ ᠰᠠᠶᠢᠲᠤᠷ ᠬᠢᠵᠦ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠰᠤᠷᠭᠠᠭᠤᠯᠢ ᠡᠷᠬᠢᠯᠡᠬᠦ | ᠠᠵᠢᠯᠯᠠᠭ᠎ᠠ ᠶᠢ ᠵᠢᠷᠤᠮᠵᠢᠭᠤᠯᠬᠤ ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠨᠡᠩ | ᠴᠢᠩᠭ᠎ᠠ ᠬᠠᠷᠢᠭᠤᠴᠠᠯᠭ᠎ᠠ ᠶᠢᠨ ᠬᠡᠯᠬᠢᠶ᠎ᠡ ᠪᠠᠷ ᠲᠤᠰᠬᠠᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠭᠤᠯᠤᠨ ᠭᠦᠢᠴᠡᠳᠬᠡᠬᠦ᠂ ᠰᠢᠪᠠᠳᠠᠭᠤᠯᠤᠨ | ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠪᠦᠬᠦᠯᠢ | ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ | ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | |