3 ᠳ᠋ᠤᠭᠠᠷ ᠰᠠᠷ᠎ᠠ ᠶᠢᠨ 29 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ | ᠣᠷᠣᠨ ᠲᠣᠭᠠᠨ ᠤ ᠠᠯᠪᠠᠨ ᠭᠡᠷ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠠ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ | ᠲᠣᠭᠲᠠᠴᠠ ᠶᠢ ᠰᠢᠯᠢᠳᠡᠭᠵᠢᠭᠦᠯᠦᠨ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ | ᠮᠡᠳᠡᠭᠳᠡᠯ︾ ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ ︹2024︺ 91 ᠳ᠋ᠦ᠋ᠭᠡᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠠᠢ ᠬᠠᠮᠲᠤᠷᠠᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ᠂ | ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠮᠬᠢᠯᠡᠬᠦ ᠶᠢᠨ ᠬᠠᠮᠲᠤ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠵᠦ᠂ ᠵᠢᠷᠭᠤᠭᠠᠨ | ᠲᠥᠷᠥᠯ ᠤᠨ 48 ᠠᠵᠤ ᠠᠬᠤᠶᠢᠯᠠᠯ ᠢ ᠪᠠᠭᠲᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾ ᠢ ᠭᠠᠷᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ | ᠮᠡᠲᠦ᠄ | ᠨᠢᠭᠡ ᠳᠤ᠂ ᠮᠠᠨ ᠤ ᠣᠷᠣᠨ ᠳᠤ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠬᠡᠯᠪᠡᠷᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠠᠵᠤ ᠦᠢᠯᠡᠰ ᠢ ᠪᠦᠬᠦ ᠤᠯᠤᠰ ᠲᠤ ᠪᠠᠶᠢᠷᠢᠰᠢᠭᠤᠯᠵᠤ᠂ | ᠶᠡᠷᠦᠩᠬᠡᠢ ᠬᠡᠯᠲᠡᠰ ᠢ ᠮᠠᠨ ᠤ ᠣᠷᠣᠨ ᠳᠤ ᠰᠢᠯᠵᠢᠭᠦᠯᠦᠨ ᠳᠠᠩᠰᠠᠯᠠᠭᠤᠯᠤᠭᠰᠠᠨ᠂ ᠶᠡᠷᠦᠩᠬᠡᠢ ᠬᠡᠯᠲᠡᠰ ᠨᠢ ᠨᠢᠭᠡᠳᠦᠯᠲᠡᠢ | ᠳ᠋ᠦᠩᠨᠡᠨ ᠪᠣᠳᠣᠵᠤ᠂ ᠲᠣᠭᠠᠴᠠᠭ᠎ᠠ ᠬᠢᠭᠰᠡᠨ ᠪᠦᠯᠦᠭᠯᠡᠯᠵᠢᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ | ᠨᠡᠶᠢᠲᠡ 3 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠬᠤᠶᠠᠷ ᠲᠤ᠂ | ᠬᠡᠲᠦ ᠲᠣᠮᠣ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠳᠠᠷᠤᠢ ᠨᠢᠭᠡᠨᠲᠡ ᠨᠡᠶᠢᠲᠡᠯᠡᠭᠰᠡᠨ | ᠳᠡᠯᠡᠬᠡᠢ ᠶᠢᠨ ᠲᠠᠪᠤᠨ ᠵᠠᠭᠤᠨ ᠬᠦᠴᠦᠷᠬᠡᠭ ᠪᠠ ᠳᠤᠮᠳᠠᠳᠤ ᠤᠯᠤᠰ ᠤᠨ ᠲᠠᠪᠤᠨ ᠵᠠᠭᠤᠨ ᠬᠦᠴᠦᠷᠬᠡᠭ ᠲᠤ | ᠰᠣᠩᠭᠤᠭᠳᠠᠭᠰᠠᠨ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠢᠴᠢ ᠨᠢᠭᠡᠨᠲᠡ | ᠨᠡᠶᠢᠲᠡᠯᠡᠭᠰᠡᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 150 ᠳ᠋ᠦᠩᠰᠢᠭᠤᠷ ᠲᠥᠭᠦᠷᠢᠭ ᠢ ᠳᠠᠪᠠᠭᠰᠠᠨ ᠥᠪᠡᠷᠲᠡᠭᠡᠨ | ᠵᠠᠰᠠᠬᠤ ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ︔ ᠨᠡᠶᠢᠲᠡ 16 | ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠭᠤᠷᠪᠠ ᠳᠤ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠡᠵᠡᠨ ᠪᠣᠯᠬᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠄ ᠲᠤᠬᠠᠶᠢᠯᠠᠪᠠᠯ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢᠨ ᠡᠵᠡᠨ ᠠᠵᠤ ᠠᠬᠤᠶᠢᠯᠠᠯ ᠢ ᠭᠤᠶᠤᠴᠢᠯᠠᠨ | ᠮᠡᠳᠡᠭᠦᠯᠬᠦ ᠪᠠ ᠬᠠᠮᠢᠶᠠᠷᠬᠤ ᠠᠷᠭ᠎ᠠ︾ ᠶᠢ ᠦᠨᠳᠦᠰᠦᠯᠡᠵᠦ ᠰᠣᠩᠭᠤᠭᠰᠠᠨ ᠥᠪᠡᠷᠲᠡᠭᠡᠨ ᠵᠠᠰᠠᠬᠤ ᠣᠷᠣᠨ ᠤ 16 | ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠡᠵᠡᠨ ᠠᠵᠤ ᠠᠬᠤᠶᠢᠯᠠᠯ ᠳᠣᠲᠣᠷᠠᠬᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 8 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ | ᠢᠶᠠᠷ ᠵᠢᠭᠰᠠᠭᠠᠪᠠ᠃ ᠳᠥᠷᠪᠡ ᠳᠤ᠂ ᠵᠠᠬ᠎ᠠ ᠳᠡᠯᠭᠡᠭᠦᠷ ᠲᠤ ᠭᠠᠷᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠄ ᠲᠤᠬᠠᠶᠢᠯᠠᠪᠠᠯ ᠣᠲᠣ ᠪᠣᠯᠲᠠᠯ᠎ᠠ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠲᠤ | ᠭᠠᠷᠤᠭᠰᠠᠨ ᠠᠵᠤ ᠠᠬᠤᠶᠢᠯᠠᠯ ᠤᠨ ᠳᠣᠲᠣᠷ᠎ᠠ᠂ ᠬᠢᠯᠢ ᠶᠢᠨ ᠳᠣᠲᠣᠷᠠᠬᠢ A ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠪᠥᠭᠡᠳ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠢᠨᠠᠨ | ᠰᠢᠨᠵᠢᠬᠦ ᠨᠡᠷᠡᠰ ᠲᠤ ᠣᠷᠣᠭᠤᠯᠤᠭᠠᠳᠤᠢ ᠠᠵᠤ ᠠᠬᠤᠶᠢᠯᠠᠯ︔ ᠨᠡᠶᠢᠲᠡ 11 ᠡᠷᠦᠬᠡ ᠪᠠᠶᠢᠵᠤ᠂ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠢᠶᠠᠷ ᠵᠢᠭᠰᠠᠭᠠᠪᠠ︔ ᠲᠠᠪᠤ ᠳᠤ᠂ ᠠᠵᠢᠯ ᠲᠥᠷᠥᠯ ᠤᠨ | ᠳᠠᠭᠠᠭᠤᠯᠤᠭᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠤᠯᠤᠰ ᠠᠷᠠᠳ ᠤᠨ ᠠᠵᠤ | ᠠᠬᠤᠢ ᠶᠢᠨ ᠠᠵᠢᠯ ᠲᠥᠷᠥᠯ ᠢ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ 17 ᠠᠵᠢᠯ ᠲᠥᠷᠥᠯ ᠤᠨ ᠲᠦᠷᠦᠭᠦᠤ | ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠷ ᠨᠢᠭᠡᠳᠦᠭᠡᠷ ᠲᠤ ᠵᠢᠭᠰᠠᠭᠠᠭᠳᠠᠭᠰᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 4 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ | ᠳᠠᠷᠠᠭᠠᠯᠠᠯ ᠢᠶᠠᠷ ᠵᠢᠭᠰᠠᠭᠠᠪᠠ᠃ ᠵᠢᠷᠭᠤᠭ᠎ᠠ ᠳᠤ᠂ ᠭᠤᠣᠯᠳᠠᠯᠭ᠎ᠠ ᠲᠠᠢ ᠪᠤᠶᠢᠵᠢᠭᠤᠯᠬᠤ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ᠄ ᠲᠤᠬᠠᠶᠢᠯᠠᠪᠠᠯ ᠠᠶᠢᠮᠠᠭ ᠬᠤᠲᠠ ᠲᠠᠨᠢᠯᠴᠠᠭᠤᠯᠤᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ | ᠣᠷᠣᠨ ᠪᠤᠶᠤ ᠠᠶᠢᠮᠠᠭ ᠬᠤᠲᠠ ᠯᠤᠭ᠎ᠠ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠶᠡᠷᠦᠩᠬᠡᠢ ᠪᠡᠯᠡ | ᠣᠷᠣᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢ᠂ ᠲᠥᠰᠥᠯ ᠢ ᠨᠢᠭᠡᠨᠲᠡ ᠠᠵᠢᠯ | ᠡᠬᠢᠯᠡᠭᠦᠯᠦᠭᠰᠡᠨ ᠪᠤᠶᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠠᠬᠢᠴᠠ ᠨᠢ ᠤᠷᠤᠭᠰᠢᠲᠠᠢ᠂ | ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠵᠤ ᠳᠡᠶᠢᠯᠬᠦ ᠮᠥᠷᠲᠡᠭᠡᠨ ᠨᠢᠭᠡᠨᠲᠡ ᠮᠠᠨ ᠤ ᠣᠷᠣᠨ ᠳᠤ | ᠳᠠᠩᠰᠠᠯᠠᠭᠤᠯᠤᠭᠰᠠᠨ ᠲᠣᠮᠣ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 6 ᠡᠷᠦᠬᠡ | ᠪᠠᠶᠢᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠵᠢᠭᠰᠠᠭᠠᠪᠠ᠃ ᠳᠡᠭᠡᠷᠡᠬᠢ ᠡᠯ᠎ᠡ ᠲᠥᠷᠥᠯ ᠳᠣᠲᠣᠷᠠᠬᠢ | ᠳᠠᠪᠬᠤᠷᠳᠠᠭᠰᠠᠨ ᠠᠵᠤ ᠠᠬᠤᠶᠢᠯᠠᠯ ᠢ ᠤᠷᠢᠳ ᠢᠶᠠᠷ ᠡᠮᠦᠨᠡᠬᠢ ᠲᠥᠷᠥᠯ ᠳᠣᠲᠣᠷ᠎ᠠ ᠢᠯᠡᠷᠡᠭᠦᠯᠦᠭᠰᠡᠨ ᠮᠥᠷᠲᠡᠭᠡᠨ | ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ | ᠪᠠᠭᠲᠠᠭᠠᠭᠰᠠᠨ ᠦᠭᠡᠢ᠃ | ᠡᠳᠦᠭᠡ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠷᠡᠰ︾ ᠢ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 16 ᠤ ᠡᠳᠦᠷ | ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠬᠤᠪᠢ ᠬᠥᠮᠥᠨ᠂ ᠨᠢᠭᠡᠴᠢ ᠵᠠᠬᠢᠳᠠᠯ ᠢᠷᠡᠭᠦᠯᠬᠦ᠂ | ᠤᠲᠠᠰᠤᠳᠠᠬᠤ ᠵᠡᠷᠭᠡ ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠤᠰᠬᠠᠵᠤ ᠪᠣᠯᠣᠨ᠎ᠠ᠃ ᠠᠰᠠᠭᠤᠳᠠᠯ ᠢ | ᠲᠤᠰᠬᠠᠬᠤ ᠳᠤ ᠪᠠᠨ ᠦᠨᠡᠨ ᠪᠣᠳᠠᠲᠠᠢ ᠦᠨᠳᠦᠰᠦ ᠪᠠᠷᠢᠮᠲᠠ ᠲᠠᠢ ᠪᠠᠶᠢᠵᠤ᠂ ᠨᠢᠭᠡᠴᠢ ᠶᠢᠨ ᠨᠡᠷ᠎ᠡ ᠪᠠᠷ ᠠᠰᠠᠭᠤᠳᠠᠯ | ᠲᠤᠰᠬᠠᠪᠠᠯ᠂ ᠠᠯᠪᠠᠨ ᠲᠠᠮᠠᠭ᠎ᠠ ᠳᠠᠷᠤᠬᠤ ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠠᠰᠠᠭᠤᠳᠠᠯ ᠲᠤᠰᠬᠠᠪᠠᠯ᠂ | ᠲᠣᠰ ᠬᠥᠮᠥᠨ ᠤ ᠦᠨᠡᠨ ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠵᠡᠷᠭᠡ | ᠮᠡᠳᠡᠭᠡ ᠵᠠᠩᠭᠢ ᠪᠠᠨ ᠬᠠᠩᠭᠠᠬᠤ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾ ᠵᠢᠴᠢ ᠪᠠᠷᠢᠮᠵᠢᠶ᠎ᠠ ᠳᠤ ᠪᠥᠬᠦ ᠣᠷᠣᠨ ᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳ᠋ᠠᠶᠢᠲ᠋ᠠ ᠶᠢᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ | ᠬᠥᠳᠡᠯᠦᠩᠭᠦᠢ ᠲᠣᠬᠢᠷᠠᠭᠤᠯᠵᠤ᠂ ᠪᠠᠷᠢᠮᠵᠢᠶ᠎ᠠ ᠳᠤ ᠰᠢᠨ᠎ᠡ ᠪᠠᠷ ᠬᠦᠷᠦᠭᠰᠡᠨ ᠠᠵᠤ ᠠᠬᠤᠶᠢᠯᠠᠯ ᠢ ᠴᠠᠭ ᠲᠤᠬᠠᠢ ᠳᠤ ᠨᠢ | ᠨᠡᠷᠡᠰ ᠲᠤ ᠣᠷᠣᠭᠤᠯᠵᠤ᠂ ᠪᠠᠷᠢᠮᠵᠢᠶ᠎ᠠ ᠠᠴᠠ ᠳᠣᠣᠷ᠎ᠠ ᠠᠵᠤ ᠠᠬᠤᠶᠢᠯᠠᠯ ᠪᠠ ᠵᠥᠪᠯᠡᠯᠴᠡᠭᠡᠷ ᠶᠣᠰᠣᠭᠠᠷ ᠲᠣᠭᠲᠠᠭᠰᠠᠨ | ᠬᠤᠭᠤᠴᠠᠭᠠᠨ ᠳᠤ ᠨᠠᠶᠢᠳᠠᠪᠤᠷᠢᠵᠢᠭᠤᠯᠤᠭᠰᠠᠨ ᠦᠭᠡᠢ ᠭᠤᠣᠯᠳᠠᠯᠭ᠎ᠠ ᠲᠠᠢ ᠪᠤᠶᠢᠵᠢᠭᠤᠯᠬᠤ ᠲᠥᠷᠥᠯ ᠤᠨ ᠠᠵᠤ | ᠠᠬᠤᠶᠢᠯᠠᠯ ᠢ ᠨᠡᠷᠡᠰ ᠠᠴᠠ ᠰᠢᠯᠵᠢᠭᠦᠯᠦᠨ ᠭᠠᠷᠭᠠᠨ᠎ᠠ᠃ | ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶᠠᠨ ᠤ ᠶᠡᠷᠦᠩᠬᠡᠶᠢᠯᠡᠭᠰᠡᠨ ᠭᠠᠵᠠᠷ | ᠬᠠᠷᠢᠯᠴᠠᠬᠤ ᠬᠥᠮᠥᠨ ᠵᠢᠴᠢ ᠤᠲᠠᠰᠤ᠄ ᠴᠧᠨ ᠰᠧ ᠵᠧᠩ 0471-6659401 | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠷᠡᠰ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ | | | |