2024 ᠣᠨ ᠤ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠥᠷᠥᠯ ᠵᠦᠢᠯ ᠵᠢᠴᠢ ᠠᠵᠢᠯ ᠣᠯᠭᠤᠯᠲᠠ ᠶᠢᠨ ᠰᠤᠳᠤᠯᠭᠠᠨ ᠤ ᠠᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
      5 ᠳ᠋ᠤᠭᠠᠷ ᠰᠠᠷ᠎ᠠ ᠶᠢᠨ 16᠎ ᠤ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠶᠡᠭᠡ           ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠥᠷᠥᠯ ᠵᠦᠢᠯ ᠵᠢᠴᠢ ᠠᠵᠢᠯ ᠣᠯᠭᠤᠯᠲᠠ ᠶᠢᠨ ᠰᠤᠳᠤᠯᠭᠠᠨ ᠤ ᠠᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃

1.webp.jpg

      ᠬᠤᠷᠠᠯ ᠠᠴᠠ ᠣᠳᠣᠬᠠᠨ ᠤ ᠪᠠᠶᠢᠳᠠᠯ ᠳᠤ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ

ᠠᠵᠢᠯ ᠣᠯᠭᠤᠬᠤ ᠠᠵᠢᠯ ᠢ ᠶᠠᠭᠠᠬᠢᠵᠤ ᠰᠠᠶᠢᠲᠤᠷ ᠬᠢᠬᠦ ᠲᠤᠬᠠᠢ ᠭᠤᠣᠯᠳᠠᠯᠭ᠎ᠠ ᠲᠠᠢ ᠪᠠᠶᠢᠷᠢᠯᠠᠭᠤᠯᠬᠤ ᠶᠢᠨ ᠬᠠᠮᠲᠤ᠂

ᠤᠯᠤᠰ ᠤᠨ ︽ᠾᠥᠩ ᡁᠢ ᠠᠶᠠᠯᠠᠯ ᠢ ᠳᠤᠰᠠᠯᠠᠬᠤ ᠲᠥᠯᠥᠪᠯᠡᠭᠡ︾᠂ ᠥᠪᠡᠷᠲᠡᠭᠡᠨ ᠵᠠᠰᠠᠬᠤ ᠣᠷᠣᠨ ᠤ

︽ᠰᠡᠳᠬᠢᠯ ᠢ ᠳᠤᠯᠠᠭᠠᠴᠠᠭᠤᠯᠵᠤ ᠠᠶᠠᠯᠠᠯ ᠎ ᠢ ᠬᠠᠮᠠᠭᠠᠯᠠᠬᠤ︾ ᠲᠥᠷᠥᠯ ᠵᠦᠢᠯ ᠤᠨ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠰᠠᠭᠤᠷᠢᠨ ᠭᠠᠵᠠᠷ ᠪᠠ

ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ

ᠰᠤᠳᠤᠯᠭᠠᠨ ᠤ ᠲᠥᠷᠥᠯ ᠵᠦᠢᠯ ᠤᠨ ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠭᠦᠯᠵᠦ ᠰᠠᠨᠠᠯ ᠢᠶᠠᠨ

ᠰᠣᠯᠢᠯᠴᠠᠪᠠ᠃ ᠬᠤᠷᠠᠯ ᠠᠴᠠ ︽ᠾᠥᠩ ᡁᠢ ᠠᠶᠠᠯᠠᠯ ᠢ ᠲᠤᠰᠠᠯᠠᠬᠤ ᠲᠥᠯᠥᠪᠯᠡᠭᠡ︾᠎ ᠶᠢᠨ ᠪᠠᠭᠰᠢ ᠶᠢᠨ

ᠪᠣᠯᠪᠠᠰᠤᠷᠠᠯ ᠢ ᠵᠡᠷᠭᠡ ᠪᠠᠷ ᠡᠷᠬᠢᠯᠡᠵᠦ᠂ ᠪᠦᠬᠦ ᠣᠷᠣᠨ ᠤ 84 ᠶᠡᠭᠡ ᠳᠡᠭᠡᠳᠦ ᠰᠤᠷᠭᠠᠭᠤᠯᠢ ᠶᠢᠨ ᠠᠵᠢᠯ

ᠣᠯᠭᠤᠯᠲᠠ ᠶᠢ ᠵᠢᠯᠣᠭᠤᠳᠬᠤ ᠭᠤᠣᠯᠯᠠᠭᠴᠢ ᠪᠠᠭᠰᠢ ᠪᠣᠯᠪᠠᠰᠤᠷᠠᠯ ᠎ ᠳᠤ ᠣᠷᠣᠯᠴᠠᠪᠠ᠃

2.webp.jpg

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠦᠷᠭᠦᠯᠵᠢᠯᠡᠨ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ

ᠭᠤᠣᠯ ᠰᠢᠵᠢᠮ ᠪᠣᠯᠭᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠰᠤᠷᠤᠭᠴᠢ ᠡᠯᠰᠡᠬᠦ᠂ ᠴᠢᠳᠠᠪᠤᠷᠢᠲᠠᠨ ᠬᠥᠮᠦᠵᠢᠭᠦᠯᠬᠦ᠂ ᠠᠵᠢᠯ ᠣᠯᠭᠤᠯᠲᠠ ᠶᠢᠨ ᠬᠤᠯᠪᠤᠯᠳᠤᠨ

ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷᠯᠢᠭ ᠠᠵᠢᠯ ᠣᠯᠭᠤᠯᠲᠠ ᠶᠢ ᠵᠢᠯᠣᠭᠤᠳᠬᠤ

ᠦᠢᠯᠡᠴᠢᠯᠡᠭᠡᠨ ᠤ ᠳᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠬᠡᠰᠡᠭ ᠪᠦᠯᠦᠭ ᠳᠡᠭᠡᠳᠦ

ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠨᠠᠷᠢᠨ ᠨᠢᠮᠪᠠᠢ

ᠨᠠᠶᠢᠳᠠᠪᠤᠷᠢᠵᠢᠭᠤᠯᠤᠨ᠂ ᠤᠯᠤᠰ ᠤᠨ ︽ᠾᠥᠩ ᡁᠢ ᠠᠶᠠᠯᠠᠯ ᠢ ᠲᠤᠰᠠᠯᠠᠬᠤ︾ ᠪᠠ ᠥᠪᠡᠷᠲᠡᠭᠡᠨ ᠵᠠᠰᠠᠬᠤ ᠣᠷᠣᠨ ᠤ

︽ᠰᠡᠳᠬᠢᠯ ᠢ ᠳᠤᠯᠠᠭᠠᠴᠠᠭᠤᠯᠵᠤ ᠠᠶᠠᠯᠠᠯ ᠢ ᠬᠠᠮᠠᠭᠠᠯᠠᠬᠤ︾ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ︽ᠨᠢᠭᠡ

ᠬᠥᠮᠦᠨ ᠨᠢᠭᠡ ᠳᠠᠩᠰᠠ ᠡᠪᠬᠡᠮᠡᠯ︾᠂ ︽ᠨᠢᠭᠡ ᠬᠥᠮᠦᠨ ᠨᠢᠭᠡ ᠠᠷᠭ᠎ᠠ ᠪᠣᠳᠣᠯᠭ᠎ᠠ︾᠎ ᠶᠢᠨ ᠬᠠᠪᠰᠤᠷᠤᠨ ᠲᠡᠳᠬᠦᠬᠦ

ᠱᠠᠭᠠᠷᠳᠠᠯᠭ᠎ᠠ ᠶᠣᠰᠣᠭᠠᠷ᠂ ᠬᠦᠴᠢᠷᠳᠡᠯᠲᠡᠢ ᠲᠡᠭᠦᠰᠬᠦ ᠰᠤᠷᠤᠭᠴᠢ ᠨᠢᠭᠡ ᠪᠦᠷᠢ ᠳᠤ ᠪᠦᠲᠦᠮᠵᠢᠲᠡᠢ ᠠᠵᠢᠯ ᠤᠨ

ᠪᠠᠶᠢᠷᠢ ᠶᠢᠨ ᠮᠡᠳᠡᠭᠡ ᠵᠠᠩᠭᠢ ᠶᠢ 3᠎ ᠠᠴᠠ ᠳᠡᠭᠡᠭᠰᠢ ᠲᠠᠨᠢᠯᠴᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ

ᠠᠵᠢᠯ ᠤᠨ ᠪᠠᠶᠢᠷᠢ ᠶᠢ ᠤᠬᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠣᠯᠭᠤᠵᠤ

ᠬᠥᠮᠦᠨ ᠬᠥᠮᠦᠵᠢᠭᠦᠯᠬᠦ ᠳᠣᠭᠲᠠᠯᠴᠠᠭᠠᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠠᠵᠢᠯ ᠣᠯᠭᠤᠵᠤ

ᠬᠥᠮᠦᠨ ᠬᠥᠮᠦᠵᠢᠭᠦᠯᠬᠦ ᠰᠢᠨ᠎ᠡ ᠦᠷ᠎ᠡ ᠪᠦᠲᠦᠮᠵᠢ ᠪᠠᠷ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ

ᠣᠯᠭᠤᠬᠤ ᠠᠵᠢᠯ ᠤᠨ ᠰᠢᠨ᠎ᠡ ᠬᠥᠭᠵᠢᠯᠲᠡ ᠶᠢ ᠠᠬᠢᠭᠤᠯᠤᠨ᠎ᠠ᠃

      ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠬᠤ ᠡᠭᠦᠷᠭᠡ ᠴᠢᠳᠠᠮᠵᠢᠲᠤ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠤᠰ ᠤᠨ ︽ᠾᠥᠩ ᡁᠢ ᠠᠶᠠᠯᠠᠯ ᠎ ᠢ ᠲᠤᠰᠠᠯᠠᠬᠤ ᠲᠥᠯᠥᠪᠯᠡᠭᠡ︾ ᠪᠠ

ᠥᠪᠡᠷᠲᠡᠭᠡᠨ ᠵᠠᠰᠠᠬᠤ ᠣᠷᠣᠨ ᠤ ︽ᠰᠡᠳᠬᠢᠯ ᠢ ᠳᠤᠯᠠᠭᠠᠴᠠᠭᠤᠯᠵᠤ ᠠᠶᠠᠯᠠᠯ ᠢ ᠬᠠᠮᠠᠭᠠᠯᠠᠬᠤ︾ ᠲᠥᠷᠥᠯ ᠵᠦᠢᠯ ᠤᠨ

ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ

ᠰᠠᠭᠤᠷᠢᠨ ᠭᠠᠵᠠᠷ ᠎ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠤᠨ ᠠᠵᠢᠯ ᠣᠯᠭᠤᠯᠲᠠ ᠶᠢᠨ ᠰᠤᠳᠤᠯᠭᠠᠨ ᠤ ᠲᠥᠷᠥᠯ ᠵᠦᠢᠯ ᠤᠨ ᠬᠠᠷᠢᠭᠤᠴᠠᠯᠭᠠᠲᠠᠨ ᠨᠠᠷ

ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号