ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠢᠩᠬᠢᠮ ᠤᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠵᠣᠣ ᠵᠢᠶᠦ᠋ᠨ ᠮᠦᠽᠧᠢ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠣᠷᠣᠯᠴᠠᠵᠠᠢ᠃   

1.webp.jpg

      ᠵᠣᠣ ᠵᠢᠶᠦ᠋ᠨ ᠮᠦᠽᠧᠢ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂

ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ

ᠣᠶᠢᠯᠠᠭᠠᠬᠤ ᠵᠢᠴᠢ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠰᠤᠷᠤᠯᠴᠠᠯᠭ᠎ᠠ ᠪᠠ

ᠰᠣᠯᠢᠯᠴᠠᠭᠠᠨ ᠤ ᠲᠠᠪᠴᠠᠩ ᠢ ᠪᠠᠶᠢᠭᠤᠯᠵᠤ ᠥᠭᠪᠡ᠃ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠣᠯᠠᠨ ᠢᠶᠠᠷ ᠢᠶᠠᠨ

ᠤᠷᠢᠳ ᠬᠤᠵᠢᠳ ᠵᠣᠣ ᠵᠢᠶᠦ᠋ᠨ ᠠᠷᠤ ᠭᠠᠵᠠᠷ ᠮᠣᠷᠳᠠᠭᠰᠠᠨ ᠦᠵᠡᠭᠦᠯᠭᠡ ᠶᠢᠨ ᠣᠷᠳᠣᠨ᠂ ᠾᠦᠩᠨᠦ ᠶᠢᠨ

ᠲᠡᠦᠬᠡ ᠶᠢᠨ ᠮᠦᠽᠧᠢ ᠶᠢ ᠲᠣᠭᠤᠷᠢᠨ ᠦᠵᠡᠵᠦ᠂ ︽ᠵᠤᠤ ᠵᠢᠶᠦ᠋ᠨ ᠠᠷᠤ ᠭᠠᠵᠠᠷ ᠮᠣᠷᠳᠠᠭᠰᠠᠨ᠂ ᠾᠦᠩᠨᠦ ᠎ ᠶᠢᠨ

ᠡᠪᠰᠡᠯ ᠤᠷᠤᠭ︾᠎ ᠢᠶᠠᠷ ᠭᠤᠣᠯ ᠪᠣᠯᠭᠠᠭᠰᠠᠨ ᠲᠡᠦᠬᠡ ᠶᠢᠨ ᠳᠠᠭᠤᠷᠢᠰᠬᠠᠯ ᠶᠠᠷᠢᠶ᠎ᠠ ᠪᠣᠯᠤᠨ ᠳᠤᠮᠳᠠᠳᠤ ᠶᠢᠨ

ᠦᠨᠳᠦᠰᠦᠲᠡᠨ ᠤ ᠲᠡᠦᠬᠡᠨ ᠳᠡᠭᠡᠷᠡᠬᠢ ᠦᠨᠳᠦᠰᠦᠲᠡᠨ ᠤ ᠶᠠᠪᠤᠯᠴᠠᠭ᠎ᠠ᠂ ᠭᠦᠨᠵᠡᠭᠡᠢ ᠠᠭᠤᠰᠤᠯᠴᠠᠭ᠎ᠠ᠂ ᠬᠠᠮᠲᠤ ᠶᠢᠨ

ᠬᠥᠭᠵᠢᠯᠲᠡ ᠶᠢᠨ ᠥᠩᠭᠡᠷᠡᠯᠲᠡ ᠶᠢ ᠣᠶᠢᠯᠠᠭᠠᠪᠠ᠃ ᠳᠠᠷᠠᠭ᠎ᠠ ᠨᠢ᠂ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠪᠠᠭᠰᠢ ᠨᠠᠷ ᠲᠣᠭᠠᠵᠢᠭᠰᠠᠨ ᠮᠡᠷᠭᠡᠵᠢᠯ ᠢ ᠶᠠᠭᠠᠬᠢᠵᠤ ᠠᠰᠢᠭᠯᠠᠨ ᠲᠡᠦᠬᠡᠨ ᠳᠤᠷᠠᠰᠬᠠᠯ ᠢ          

︽ᠶᠠᠷᠢᠬᠤ︾ ᠲᠤᠬᠠᠢ ᠲᠠᠨᠢᠯᠴᠠᠭᠤᠯᠵᠤ᠂ ᠪᠣᠳᠠᠰ ᠢᠶᠠᠷ ᠲᠡᠦᠬᠡ ᠶᠢ ᠶᠠᠷᠢᠵᠤ᠂ ᠲᠡᠦᠬᠡᠨ ᠳᠤᠷᠠᠰᠬᠠᠯ ᠤᠨ ᠠᠷᠤ ᠳᠠᠬᠢ

ᠦᠨᠳᠦᠰᠦᠲᠡᠨ ᠤ ᠬᠠᠷᠢᠯᠴᠠᠭᠠᠨ ᠤ ᠦᠯᠢᠭᠡᠷ ᠢ ᠳᠠᠬᠢᠨ ᠢᠯᠡᠷᠡᠭᠦᠯᠪᠡ᠃

      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤ ᠪᠠᠨ ᠠᠵᠢᠯ ᠤᠨ

ᠪᠠᠶᠢᠷᠢ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠎ ᠢ ᠢᠳᠡᠪᠬᠢᠲᠡᠢ

ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠨᠡᠶᠢᠭᠡᠮ ᠡᠶ᠎ᠡ ᠵᠣᠬᠢᠴᠠᠩᠭᠤᠢ ᠠᠭᠤᠷ

ᠠᠮᠢᠰᠬᠤᠯ ᠢ ᠪᠤᠢ ᠪᠣᠯᠭᠠᠨ᠎ᠠ ᠭᠡᠵᠡᠭᠡᠪᠡ᠃

   

2.webp.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号