ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠢᠩᠬᠢᠮ ᠤᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠵᠣᠣ ᠵᠢᠶᠦ᠋ᠨ ᠮᠦᠽᠧᠢ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠣᠷᠣᠯᠴᠠᠵᠠᠢ᠃   

1.webp.jpg

      ᠵᠣᠣ ᠵᠢᠶᠦ᠋ᠨ ᠮᠦᠽᠧᠢ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂

ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ

ᠣᠶᠢᠯᠠᠭᠠᠬᠤ ᠵᠢᠴᠢ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠰᠤᠷᠤᠯᠴᠠᠯᠭ᠎ᠠ ᠪᠠ

ᠰᠣᠯᠢᠯᠴᠠᠭᠠᠨ ᠤ ᠲᠠᠪᠴᠠᠩ ᠢ ᠪᠠᠶᠢᠭᠤᠯᠵᠤ ᠥᠭᠪᠡ᠃ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠣᠯᠠᠨ ᠢᠶᠠᠷ ᠢᠶᠠᠨ

ᠤᠷᠢᠳ ᠬᠤᠵᠢᠳ ᠵᠣᠣ ᠵᠢᠶᠦ᠋ᠨ ᠠᠷᠤ ᠭᠠᠵᠠᠷ ᠮᠣᠷᠳᠠᠭᠰᠠᠨ ᠦᠵᠡᠭᠦᠯᠭᠡ ᠶᠢᠨ ᠣᠷᠳᠣᠨ᠂ ᠾᠦᠩᠨᠦ ᠶᠢᠨ

ᠲᠡᠦᠬᠡ ᠶᠢᠨ ᠮᠦᠽᠧᠢ ᠶᠢ ᠲᠣᠭᠤᠷᠢᠨ ᠦᠵᠡᠵᠦ᠂ ︽ᠵᠤᠤ ᠵᠢᠶᠦ᠋ᠨ ᠠᠷᠤ ᠭᠠᠵᠠᠷ ᠮᠣᠷᠳᠠᠭᠰᠠᠨ᠂ ᠾᠦᠩᠨᠦ  ᠶᠢᠨ

ᠡᠪᠰᠡᠯ ᠤᠷᠤᠭ︾ ᠢᠶᠠᠷ ᠭᠤᠣᠯ ᠪᠣᠯᠭᠠᠭᠰᠠᠨ ᠲᠡᠦᠬᠡ ᠶᠢᠨ ᠳᠠᠭᠤᠷᠢᠰᠬᠠᠯ ᠶᠠᠷᠢᠶ᠎ᠠ ᠪᠣᠯᠤᠨ ᠳᠤᠮᠳᠠᠳᠤ ᠶᠢᠨ

ᠦᠨᠳᠦᠰᠦᠲᠡᠨ ᠤ ᠲᠡᠦᠬᠡᠨ ᠳᠡᠭᠡᠷᠡᠬᠢ ᠦᠨᠳᠦᠰᠦᠲᠡᠨ ᠤ ᠶᠠᠪᠤᠯᠴᠠᠭ᠎ᠠ᠂ ᠭᠦᠨᠵᠡᠭᠡᠢ ᠠᠭᠤᠰᠤᠯᠴᠠᠭ᠎ᠠ᠂ ᠬᠠᠮᠲᠤ ᠶᠢᠨ

ᠬᠥᠭᠵᠢᠯᠲᠡ ᠶᠢᠨ ᠥᠩᠭᠡᠷᠡᠯᠲᠡ ᠶᠢ ᠣᠶᠢᠯᠠᠭᠠᠪᠠ᠃ ᠳᠠᠷᠠᠭ᠎ᠠ ᠨᠢ᠂ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠪᠠᠭᠰᠢ ᠨᠠᠷ ᠲᠣᠭᠠᠵᠢᠭᠰᠠᠨ ᠮᠡᠷᠭᠡᠵᠢᠯ ᠢ ᠶᠠᠭᠠᠬᠢᠵᠤ ᠠᠰᠢᠭᠯᠠᠨ ᠲᠡᠦᠬᠡᠨ ᠳᠤᠷᠠᠰᠬᠠᠯ ᠢ          

︽ᠶᠠᠷᠢᠬᠤ︾ ᠲᠤᠬᠠᠢ ᠲᠠᠨᠢᠯᠴᠠᠭᠤᠯᠵᠤ᠂ ᠪᠣᠳᠠᠰ ᠢᠶᠠᠷ ᠲᠡᠦᠬᠡ ᠶᠢ ᠶᠠᠷᠢᠵᠤ᠂ ᠲᠡᠦᠬᠡᠨ ᠳᠤᠷᠠᠰᠬᠠᠯ ᠤᠨ ᠠᠷᠤ ᠳᠠᠬᠢ

ᠦᠨᠳᠦᠰᠦᠲᠡᠨ ᠤ ᠬᠠᠷᠢᠯᠴᠠᠭᠠᠨ ᠤ ᠦᠯᠢᠭᠡᠷ ᠢ ᠳᠠᠬᠢᠨ ᠢᠯᠡᠷᠡᠭᠦᠯᠪᠡ᠃

      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤ ᠪᠠᠨ ᠠᠵᠢᠯ ᠤᠨ

ᠪᠠᠶᠢᠷᠢ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠢᠳᠡᠪᠬᠢᠲᠡᠢ

ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠨᠡᠶᠢᠭᠡᠮ ᠡᠶ᠎ᠡ ᠵᠣᠬᠢᠴᠠᠩᠭᠤᠢ ᠠᠭᠤᠷ

ᠠᠮᠢᠰᠬᠤᠯ ᠢ ᠪᠤᠢ ᠪᠣᠯᠭᠠᠨ᠎ᠠ ᠭᠡᠵᠡᠭᠡᠪᠡ᠃

   

2.webp.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号