ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ᠂ ᠪᠤᠭᠤᠲᠤ ᠬᠤᠲᠠ ᠶᠢᠨ ᠴᠢᠩ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠰᠤᠳᠤᠯᠭᠠᠨ ᠤ ᠲᠥᠪ ᠢ ᠪᠠᠶᠢᠭᠤᠯᠪᠠ
ᠨᠡᠶᠢᠲᠡᠯᠡᠭᠰᠡᠨ ᠴᠠᠭ᠄
2024/5/23
      5 ᠳ᠋ᠤᠭᠠᠷ ᠰᠠᠷ᠎ᠠ ᠶᠢᠨ 8᠎ ᠤ ᠡᠳᠦᠷ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ︾᠎ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠰᠤᠳᠤᠯᠭᠠᠨ ᠤ ᠲᠥᠪ ᠤᠨ ᠡᠬᠢᠯᠡᠯᠲᠡ ᠶᠢᠨ ᠶᠣᠰᠣᠯᠠᠯ ᠵᠢᠴᠢ ᠦᠢᠯᠡᠳᠦᠯᠭᠡ ᠶᠢᠨ ᠰᠠᠭᠤᠷᠢᠨ ᠭᠠᠵᠠᠷ ᠤᠨ ᠰᠤᠷᠭᠠᠭᠤᠯᠢ ᠳᠤ ᠫᠠᠶᠢᠰᠠ ᠣᠯᠭᠤᠬᠤ ᠶᠣᠰᠣᠯᠠᠯ ᠢ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠭᠤᠯᠪᠠ᠃   

1.webp.jpg

              ᠰᠣᠳᠤᠯᠭᠠᠨ ᠤ ᠲᠥᠪ ᠪᠠᠶᠢᠭᠤᠯᠤᠭᠳᠠᠪᠠ

      ︽ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠡᠳᠬᠢᠴᠡ ᠶᠢᠨ

ᠡᠷᠡᠭᠦᠯ ᠮᠡᠨᠳᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠰᠤᠳᠤᠯᠭᠠᠨ ᠎ ᠤ ᠲᠥᠪ︾ ᠪᠠᠭᠰᠢ ᠶᠢ ᠬᠠᠮᠲᠤ ᠳᠤ ᠪᠠᠨ

ᠬᠥᠮᠦᠵᠢᠭᠦᠯᠬᠦ᠂ ᠪᠦᠯᠬᠦᠮ ᠨᠡᠶᠢᠲᠡ ᠶᠢ ᠬᠠᠮᠲᠤ ᠳᠤ ᠪᠠᠨ ᠠᠭᠤᠰᠬᠠᠬᠠᠤ᠂ ᠰᠠᠭᠤᠷᠢᠨ ᠭᠠᠵᠠᠷ ᠢ ᠬᠠᠮᠲᠤ ᠳᠤ ᠪᠠᠨ

ᠪᠠᠶᠢᠭᠤᠯᠬᠤ᠂ ᠬᠠᠮᠢᠶᠠᠷᠬᠤ ᠶᠢ ᠬᠠᠮᠲᠤ ᠳᠤ ᠎ ᠪᠠᠨ ᠠᠬᠢᠭᠤᠯᠬᠤ᠂ ᠬᠢᠴᠢᠶᠡᠯ ᠢ ᠬᠠᠮᠲᠤ ᠳᠤ ᠪᠠᠨ ᠰᠤᠳᠤᠯᠬᠤ᠂ ᠡᠷᠳᠡᠮ

ᠰᠢᠨᠵᠢᠯᠡᠭᠡᠨ ᠢ ᠬᠠᠮᠲᠤ ᠳᠤ ᠪᠠᠨ ᠠᠬᠢᠭᠤᠯᠬᠤ ᠵᠡᠷᠭᠡ ᠵᠢᠷᠭᠤᠭᠠᠨ ᠲᠠᠯ᠎ᠠ ᠶᠢᠨ ᠲᠣᠭᠤᠷᠢᠨ ᠳᠤ ᠠᠵᠢᠯ ᠢᠶᠠᠨ

ᠥᠷᠨᠢᠭᠦᠯᠵᠦ᠂ ︽ᠬᠠᠷᠠᠭᠠᠰᠤ ᠪᠠᠨ ᠥᠷᠭᠡᠳᠭᠡᠬᠦ︾᠎ ᠳᠤ ᠰᠠᠭᠤᠷᠢᠯᠠᠨ᠂ ᠳᠡᠭᠡᠳᠦ ᠳᠡᠰ ᠤᠨ ᠲᠥᠯᠥᠪᠯᠡᠭᠡ ᠶᠢ

ᠴᠢᠬᠤᠯᠠᠴᠢᠯᠠᠵᠤ᠂ ᠳᠡᠭᠡᠷ᠎ᠡ ᠠᠴᠠ ᠠᠬᠢᠭᠤᠯᠬᠤ ᠶᠢ ᠴᠢᠩᠭᠠᠳᠬᠠᠨ᠂ ᠮᠡᠳᠡᠭᠡ ᠵᠠᠩᠭᠢ᠂ ᠡᠬᠢ ᠪᠠᠶᠠᠯᠢᠭ ᠪᠠ ᠡᠷᠳᠡᠮ

ᠰᠢᠨᠵᠢᠯᠡᠭᠡᠨ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠬᠦᠴᠦᠨ ᠢ

ᠨᠢᠭᠡᠳᠦᠯᠲᠡᠢ ᠲᠥᠯᠥᠪᠯᠡᠨ᠂ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ

ᠰᠡᠳᠬᠢᠴᠡ ᠶᠢᠨ ᠡᠷᠡᠭᠦᠯ ᠮᠡᠨᠳᠦ ᠎ ᠶᠢᠨ ᠬᠥᠮᠦᠵᠢᠯ ᠢ ᠭᠤᠯᠳᠤ ᠪᠠᠷ ᠵᠣᠯᠭᠠᠭᠤᠯᠵᠤ᠂ ᠬᠥᠨᠳᠡᠯᠡᠨ ᠢᠶᠠᠷ ᠨᠡᠪᠲᠡᠷᠡᠭᠦᠯᠦᠨ᠂

ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ ᠪᠣᠢ ᠪᠣᠯᠭᠠᠪᠠ᠃

2.webp.jpg

             ᠰᠣᠳᠤᠯᠭᠠᠨ ᠤ ᠲᠥᠪ ᠢ ᠪᠠᠶᠢᠭᠤᠯᠬᠤ ᠡᠬᠢᠯᠡᠯᠲᠡ ᠶᠢᠨ ᠶᠣᠰᠣᠯᠠᠯ ᠤᠨ ᠠᠬᠤᠢ ᠪᠠᠶᠢᠳᠠᠯ

      ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠪᠣᠯ ᠨᠡᠶᠢᠭᠡᠮ ᠤᠨ

ᠬᠥᠭᠵᠢᠯᠲᠡ ᠶᠢᠨ ᠴᠠᠭ ᠤᠨ ᠪᠠᠶᠢᠳᠠᠯ ᠪᠠ ᠬᠠᠨᠳᠤᠰᠢ᠂ ᠰᠤᠷᠤᠭᠴᠢ ᠶᠢᠨ ᠭᠡᠷ ᠤᠨ ᠠᠬᠠᠮᠠᠳ ᠤᠨ ᠵᠣᠪᠠᠨᠢᠯ ᠪᠠ ᠬᠦᠰᠡᠯ᠂

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠲᠤᠯᠭᠠᠮ ᠱᠠᠭᠠᠷᠳᠠᠯᠭ᠎ᠠ ᠮᠥᠨ᠃ ︽ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ

ᠨᠢᠭᠡ ᠴᠣᠭᠴᠠᠵᠢᠭᠤᠯᠬᠤ ᠰᠤᠳᠤᠯᠭᠠᠨ ᠤ ᠲᠥᠪ︾᠎ ᠤᠨ ᠪᠠᠶᠢᠭᠤᠯᠤᠭᠳᠠᠭᠰᠠᠨ ᠨᠢ ᠪᠠᠭᠰᠢ ᠶᠢᠨ ᠳᠡᠭᠡᠳᠦ ᠰᠤᠷᠭᠠᠭᠤᠯᠢ

ᠪᠣᠯᠤᠨ ᠰᠠᠭᠤᠷᠢ ᠰᠤᠷᠭᠠᠨ ᠬᠥᠮᠦᠵᠢᠯ ᠤᠨ ᠪᠠᠰᠠ ᠨᠢᠭᠡᠨ ᠰᠢᠨ᠎ᠡ ᠬᠤᠷᠰᠢᠶᠠᠯᠠᠵᠤ ᠬᠠᠮᠲᠤᠷᠠᠨ ᠪᠠᠶᠢᠭᠤᠯᠬᠤ᠂ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ

ᠬᠥᠮᠦᠵᠢᠯ ᠢ ᠨᠢᠭᠡ ᠴᠣᠭᠴᠠᠵᠢᠭᠤᠯᠬᠤ ᠠᠵᠢᠯ ᠢ ᠥᠷᠨᠢᠭᠦᠯᠬᠦ ᠰᠢᠨ᠎ᠡ ᠡᠬᠢᠯᠡᠯᠲᠡ ᠪᠣᠯᠤᠨ᠎ᠠ᠃

   

3.webp.jpg

              ᠠᠩᠬᠠᠳᠠᠭᠴᠢ ᠪᠦᠯᠦᠭ ᠤᠨ ︽ᠦᠢᠯᠡᠳᠦᠯᠭᠡ ᠶᠢᠨ ᠰᠠᠭᠤᠷᠢᠨ

              ᠭᠠᠵᠠᠷ︾᠎ ᠤᠨ ᠰᠤᠷᠭᠠᠭᠤᠯᠢ ᠳᠤ ᠫᠠᠶᠢᠰᠠ ᠣᠯᠭᠤᠪᠠ

     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠤᠭᠤᠲᠤ ᠶᠢᠨ ᠴᠢᠩᠱᠠᠨ ᠲᠣᠭᠤᠷᠢᠭ ᠤᠨ ᠶᠡᠷᠡᠨ ᠭᠤᠷᠪᠠᠳᠤᠭᠠᠷ ᠳᠤᠮᠳᠠᠳᠤ

ᠰᠤᠷᠭᠠᠭᠤᠯᠢ᠂ ᠴᠢᠩᠱᠠᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ᠂ ᠴᠢᠩᠱᠠᠨ ᠵᠠᠮ ᠤᠨ ᠨᠢᠭᠡᠳᠦᠭᠡᠷ

ᠪᠠᠭ᠎ᠠ ᠰᠤᠷᠭᠠᠭᠤᠯᠢ᠂ ᠴᠢᠩᠱᠠᠨ ᠲᠣᠭᠤᠷᠢᠭ ᠤᠨ ᠪᠦᠦ ᠯᠢ ᠬᠡᠦᠬᠡᠳ ᠤᠨ ᠴᠡᠴᠡᠷᠯᠢᠭ ᠲᠤ ᠠᠩᠬᠠᠳᠠᠭᠴᠢ ᠪᠦᠯᠦᠭ ᠤᠨ

︽ᠦᠢᠯᠡᠳᠦᠯᠭᠡ ᠶᠢᠨ ᠰᠠᠭᠤᠷᠢᠨ ᠭᠠᠵᠠᠷ︾᠎ ᠤᠨ ᠰᠤᠷᠭᠠᠭᠤᠯᠢ ᠶᠢᠨ ᠫᠠᠶᠢᠰᠠ ᠣᠯᠭᠤᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号