| ᠥᠪᠥᠷ ᠰᠤᠷᠭᠠᠨ ᠲᠠᠷᠬᠠᠭᠠᠭᠰᠠᠨ ﹇2024﹈ 2 ᠳ᠋ᠤᠭᠠᠷ ᠲᠣᠭᠠᠲᠤ | | | ᠡᠯ᠎ᠡ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024 - 2027 ᠣᠨ︶︾ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠣᠷᠣᠨ ᠲᠣᠭᠠᠨ ᠤ ᠠᠯᠪᠠᠨ ᠭᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠡᠲᠡᠭᠡᠳ ᠤᠨ ᠬᠤᠯᠪᠣᠭᠠᠲᠤ ᠬᠤᠷᠠᠯ | | 2024 ᠣᠨ ᠤ 5 ᠰᠠᠷ᠎ᠠ ᠶᠢᠨ 7 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ | ︵2024 - 2027 ᠣᠨ︶ | | | ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠭᠰᠠᠨ ᠴᠢᠨᠠᠷᠯᠢᠭ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠳᠣᠭᠲᠠᠯᠴᠠᠭ᠎ᠠ ᠶᠢ ᠪᠠᠶᠢᠭᠤᠯᠤᠨ᠂ 2027 ᠣᠨ ᠪᠣᠯᠬᠤ ᠳᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠡᠪᠡᠰᠦᠨ ᠰᠤᠳᠤᠯᠤᠯ᠂ ᠠᠮᠢ | ᠠᠬᠤᠢ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠦᠨᠳᠦᠰᠦᠲᠡᠨ ᠤ | ᠤᠬᠠᠭᠠᠨ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢ ᠤᠯᠤᠰ ᠤᠨ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠂ ᠮᠠᠯ ᠠᠵᠤ ᠠᠬᠤᠢ ᠶᠢᠨ ᠤᠬᠠᠭᠠᠨ᠂ | ᠲᠠᠷᠢᠶᠠᠯᠠᠩ ᠤᠨ ᠢᠨᠵᠧᠨᠧᠷᠢᠩ᠂ ᠬᠥᠳᠡᠯᠭᠡᠬᠦ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ | ᠹᠢᠽᠢᠺ᠂ ᠲᠡᠮᠦᠷᠯᠢᠭ ᠬᠠᠶᠢᠯᠤᠭᠤᠯᠬᠤ ᠢᠨᠵᠧᠨᠧᠷᠢᠩ ᠵᠡᠷᠭᠡ ᠯᠦᠭᠡ ᠵᠣᠬᠢᠴᠠᠬᠤ ᠬᠡᠮᠵᠢᠶ᠎ᠡ ᠪᠠᠷ ᠨᠡᠯᠢᠶᠡᠳ ᠥᠨᠳᠥᠷ | ᠰᠢᠨᠵᠢᠯᠡᠭᠡᠨ ᠤ ᠰᠠᠯᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠶᠡᠷᠦᠩᠬᠡᠢ ᠲᠤᠭ᠎ᠠ ᠶᠢ 70 ᠣᠷᠴᠢᠮ ᠪᠣᠯᠭᠠᠵᠤ᠂ ᠣᠨᠴᠠᠯᠢᠭ | ᠢᠯᠡ ᠲᠣᠳᠣ᠂ ᠪᠠᠶᠢᠷᠢᠰᠢᠯᠠᠭᠤᠯᠤᠯᠲᠠ ᠵᠦᠢ ᠵᠣᠬᠢᠰᠲᠠᠢ᠂ ᠵᠣᠬᠢᠰᠲᠠᠢ ᠬᠥᠭᠵᠢᠭᠰᠡᠨ ᠰᠢᠨᠵᠢᠯᠡᠭᠡᠨ ᠤ ᠰᠠᠯᠠᠭᠠᠨ ᠤ | ᠳᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠳᠡᠪᠰᠢᠵᠦ ᠳᠡᠰ | ᠳᠡᠪᠰᠢᠬᠦ᠂ ᠲᠠᠪᠠᠯᠳᠠᠳᠤ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ | ᠤᠨ ᠶᠡᠷᠦᠩᠬᠡᠶᠢᠯᠡᠭᠰᠡᠨ ᠪᠣᠳᠠᠲᠤ ᠬᠦᠴᠦᠨ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠪᠠ ᠳᠡᠯᠡᠬᠡᠢ ᠶᠢᠨ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠬᠢᠷᠢ ᠲᠦᠪᠰᠢᠨ ᠪᠦᠬᠦ ᠤᠯᠤᠰ ᠤᠨ ᠬᠤᠶᠠᠳᠤᠭᠠᠷ ᠱᠠᠲᠤᠯᠵᠢᠨ ᠡᠩᠨᠡᠭᠡᠨ ᠳᠤ | ᠣᠷᠣᠬᠤ ᠶᠢ ᠬᠦᠴᠦᠲᠡᠢ ᠲᠤᠯᠭᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ | ᠲᠤᠰ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃ | ᠨᠢᠭᠡ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ ︽ᠤᠯᠤᠰ ᠤᠨ ᠲᠡᠷᠢᠭᠦᠨ ᠤ︾ ᠬᠢ ᠶᠢ | ᠵᠣᠷᠢᠵᠤ᠂ ᠲᠡᠷᠢᠭᠦᠨ ᠤ ᠣᠷᠦ᠋ᠢᠯᠠᠭᠰᠠᠨ ᠪᠣᠶᠢᠵᠢᠭᠤᠯᠬᠤ ᠰᠢᠨᠵᠢᠯᠡᠭᠡᠨ ᠤ ᠰᠠᠯᠠᠭ᠎ᠠ ︽ᠤᠯᠤᠰ ᠤᠨ ᠲᠡᠷᠢᠭᠦᠨ ᠤ︾ ᠬᠢ ᠶᠢ | ᠪᠣᠶᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠲᠤᠯᠭᠠᠭᠤᠷᠢ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ | ᠱᠠᠭᠠᠷᠳᠠᠯᠭ᠎ᠠ ᠳᠤ ᠦᠢᠯᠡᠴᠢᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠳᠡᠰ ᠳᠡᠪᠰᠢᠭᠦᠯᠬᠦ | ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ | ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠡᠷᠳᠡᠮ | ᠰᠢᠨᠵᠢᠯᠡᠭᠡᠨ ᠤ ᠭᠤᠣᠯᠳᠠᠯᠭ᠎ᠠ ᠶᠢ ᠲᠣᠳᠣᠷᠬᠠᠶᠢᠯᠠᠨ᠂ ᠪᠠᠴᠢᠮ ᠬᠡᠷᠡᠭᠰᠡᠬᠦ ᠡᠬᠢ ᠪᠠᠶᠠᠯᠢᠭ ᠲᠤ ᠪᠡᠯᠡ ᠣᠷᠣᠭᠤᠯᠵᠤ᠂ | ︽ᠰᠢᠨᠵᠢᠯᠡᠭᠡᠨ ᠤ ᠰᠠᠯᠠᠭ᠎ᠠ - ᠪᠦᠯᠬᠦᠮ ᠨᠡᠶᠢᠲᠡ - ᠡᠷᠳᠡᠮ ᠰᠢᠨᠵᠢᠯᠡᠭᠡᠨ - ᠡᠬᠢ ᠪᠠᠶᠠᠯᠢᠭ︾ ᠤᠨ ᠬᠤᠯᠪᠤᠯᠳᠤᠨ | ᠬᠥᠳᠡᠯᠦᠯᠴᠡᠬᠦ ᠬᠥᠭᠵᠢᠯᠲᠡ ᠶᠢᠨ ᠬᠠᠨᠳᠤᠰᠢ ᠶᠢ ᠪᠣᠢ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠣᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠥᠷ ᠮᠣᠩᠭᠤᠯ ᠤᠨ ᠳᠡᠭᠡᠳᠦ ᠳᠡᠰ ᠤᠨ ᠰᠤᠳᠤᠯᠭᠠᠨ ᠤ ᠬᠦᠷᠢᠶᠡᠯᠡᠩ ᠢ | ᠪᠠᠶᠢᠭᠤᠯᠵᠤ᠂ ᠰᠦᠨ ᠤ ᠦᠢᠯᠡᠰ᠂ ᠬᠤᠪᠣᠷ ᠰᠢᠷᠣᠢ᠂ ᠡᠨᠧᠷᠭᠢ᠂ ᠲᠡᠷᠢᠭᠦᠨ ᠤ ᠦᠢᠯᠡᠳᠬᠦ ᠵᠡᠷᠭᠡ ᠬᠦᠷᠢᠶᠡᠨ ᠳᠠᠬᠢ | ᠲᠡᠷᠢᠭᠦᠨ ᠤ ᠰᠢᠨᠵᠢᠯᠡᠭᠡᠨ ᠤ ᠰᠠᠯᠠᠭ᠎ᠠ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠬᠠᠮᠲᠤᠷᠠᠨ ᠪᠣᠭᠤᠮᠲᠠ ᠰᠢᠪᠲᠤᠯᠬᠤ ᠪᠠ ᠳᠤᠲᠠᠭᠳᠠᠵᠤ ᠪᠠᠶᠢᠭ᠎ᠠ ᠬᠡᠷᠡᠭᠯᠡᠭᠡᠨ ᠤ ᠬᠡᠯᠪᠡᠷᠢᠲᠦ | ᠳᠡᠭᠡᠳᠦ ᠳᠡᠰ ᠤᠨ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠶᠢ ᠠᠬᠢᠭᠤᠯᠤᠨ᠂ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠴᠢᠳᠠᠪᠤᠷᠢ ᠪᠣᠯᠤᠨ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃ | ︵ᠬᠤᠶᠠᠷ︶ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠯᠠᠭᠤᠯᠤᠯᠲᠠ ᠶᠢ | ᠰᠢᠯᠢᠳᠡᠭᠵᠢᠭᠦᠯᠦᠨ᠎ᠡ᠃ ᠤᠯᠤᠰ ᠤᠨ ᠪᠠᠴᠢᠮ ᠱᠠᠭᠠᠷᠳᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠬᠥᠲᠥᠯᠥᠨ ᠵᠢᠯᠣᠭᠤᠳᠬᠤ ᠬᠥᠭᠵᠢᠯᠲᠡ ᠶᠢᠨ ᠨᠠᠷᠢᠨ ᠳᠠᠩᠰᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠬᠠᠨᠳᠤᠭᠤᠯᠵᠤ᠂ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠳᠣ | ᠦᠶ᠎ᠡ ᠶᠢᠨ ᠲᠠᠷᠢᠶᠠᠯᠠᠩ᠂ ᠠᠮᠢ ᠠᠬᠤᠢ ᠶᠢᠨ ᠣᠷᠴᠢᠨ᠂ ᠡᠯᠧᠺᠲᠷᠣᠨ ᠮᠡᠳᠡᠭᠡ ᠵᠠᠩᠭᠢ᠂ ᠡᠮᠴᠢᠯᠡᠭᠡ ᠡᠷᠡᠭᠦᠯ | ᠬᠠᠮᠠᠭᠠᠯᠠᠯ ᠵᠡᠷᠭᠡ ᠬᠦᠷᠢᠶᠡᠨ ᠳᠤ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠬᠤ | ᠴᠡᠭ ᠢ 10 ᠣᠷᠴᠢᠮ ᠪᠠᠶᠢᠷᠢᠰᠢᠭᠤᠯᠤᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠠ ᠴᠦᠯᠯᠡᠷᠭᠡᠭᠵᠢᠯ ᠢ | ᠰᠡᠷᠭᠡᠶᠢᠯᠡᠨ ᠵᠠᠰᠠᠬᠤ ᠤᠬᠠᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ | ᠪᠣᠯᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠥᠵᠢᠭᠦᠯᠬᠦ ᠤᠬᠠᠭᠠᠨ᠂ ᠬᠡᠷᠡᠭᠯᠡᠭᠡᠨ ᠤ ᠠᠵᠤ | ᠠᠬᠤᠢ ᠶᠢᠨ ᠤᠬᠠᠭᠠᠨ ᠵᠡᠷᠭᠡ ᠳ᠋ᠣᠺᠲ᠋ᠣᠷ ᠤᠨ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠡᠷᠳᠡᠮ ᠤᠨ | ᠴᠣᠯᠠ ᠶᠢᠨ ᠡᠷᠬᠡ ᠣᠯᠭᠤᠬᠤ ᠴᠡᠭ ᠢ ᠭᠤᠣᠯᠳᠠᠯᠭ᠎ᠠ ᠲᠠᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠤᠭᠤᠰᠣᠨ ᠢ | ᠨᠥᠬᠦᠪᠥᠷᠢᠯᠡᠬᠦ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠮᠡᠳᠡᠭᠦᠯᠬᠦ ᠶᠢ ᠵᠣᠷᠢᠭᠵᠢᠭᠤᠯᠤᠨ᠎ᠠ᠃ ᠲᠡᠷᠢᠭᠦᠨ ᠤ | ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠭᠦᠨᠵᠡᠭᠡᠢ ᠠᠬᠢᠭᠤᠯᠵᠤ᠂ ᠰᠢᠨ᠎ᠡ ᠲᠧᠭᠨᠢᠭ ᠤᠨ ᠤᠬᠠᠭᠠᠨ᠂ ᠰᠢᠨ᠎ᠡ | ᠠᠨᠠᠭᠠᠬᠤ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ | ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠪᠠ ᠲᠡᠷᠢᠭᠦᠨ ᠤ ᠬᠢᠴᠢᠶᠡᠯ ᠢ | ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ᠂ ᠬᠡᠷᠡᠭᠯᠡᠭᠡᠨ ᠤ ᠬᠡᠯᠪᠡᠷᠢ ᠶᠢᠨ᠂ | ᠬᠠᠮ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠷᠪᠠ︶ ᠰᠢᠨᠵᠢᠯᠡᠭᠡᠨ ᠤ ᠰᠠᠯᠠᠭᠠᠨ ᠤ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ ᠭᠤᠣᠯᠳᠠᠯᠭ᠎ᠠ ᠲᠠᠢ ᠪᠦᠲᠦᠭᠡᠨ | ᠪᠠᠶᠢᠭᠤᠯᠬᠤ ᠶᠢ ᠳᠡᠮᠵᠢᠵᠦ᠂ ᠲᠡᠷᠢᠭᠦᠨ ᠤ ᠴᠢᠨᠠᠷ ᠴᠢᠨᠰᠠᠭ᠎ᠠ ᠪᠠ ᠲᠡᠷᠢᠭᠦᠨ ᠤ ᠬᠤᠪᠢ ᠨᠡᠮᠡᠷᠢ ᠪᠠᠷ | ᠵᠢᠯᠣᠭᠤᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠡᠷᠳᠡᠮ ᠰᠢᠨᠵᠢᠯᠡᠭᠡᠨ ᠤ ᠣᠨᠴᠠᠭᠠᠢ ᠣᠷᠣᠨ ᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠯᠭᠠᠭᠤᠷᠢ ᠠᠵᠤ ᠦᠢᠯᠡᠰ ᠲᠤ | ᠦᠢᠯᠡᠴᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠥᠨᠳᠥᠷ ᠪᠠᠶᠢᠭ᠎ᠠ ᠡᠪᠡᠰᠦᠨ ᠰᠤᠳᠤᠯᠤᠯ᠂ ᠠᠮᠢᠳᠤ ᠪᠣᠳᠠᠰ | ᠤᠨ ᠤᠬᠠᠭᠠᠨ᠂ ᠠᠮᠢ ᠠᠬᠤᠢ ᠶᠢᠨ ᠤᠬᠠᠭᠠᠨ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ | ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠬᠥᠳᠡᠯᠭᠡᠬᠦ ᠬᠦᠴᠦᠨ ᠤ ᠢᠨᠵᠧᠨᠧᠷᠢᠩ ᠪᠣᠯᠤᠨ ᠢᠨᠵᠧᠨᠧᠷᠢᠩ ᠤᠨ | ᠢᠯᠴᠢ ᠶᠢᠨ ᠹᠢᠽᠢᠺ᠂ ᠦᠨᠳᠦᠰᠦᠲᠡᠨ ᠤ ᠤᠬᠠᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠦᠬᠡ ᠵᠡᠷᠭᠡ | ᠰᠢᠨᠵᠢᠯᠡᠭᠡᠨ ᠤ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ᠂ ᠪᠤᠶᠢᠵᠢᠭᠤᠯᠤᠨ ᠰᠢᠪᠲᠤᠯᠤᠯᠲᠠ ᠬᠢᠨ᠎ᠡ᠃ ᠠᠮᠢ | ᠠᠬᠤᠢ ᠶᠢᠨ ᠣᠷᠴᠢᠨ ᠤ ᠤᠬᠠᠭᠠᠨ ᠤ ᠪᠥᠯᠦᠭᠵᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠪᠥᠯᠦᠭᠵᠢᠯ᠂ ᠰᠢᠨ᠎ᠡ ᠡᠨᠧᠷᠭᠢ ᠶᠢᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠪᠥᠯᠦᠭᠵᠢᠯ᠂ ᠲᠡᠮᠦᠷᠯᠢᠭ | ᠬᠠᠶᠢᠯᠤᠭᠤᠯᠬᠤ ᠰᠢᠨ᠎ᠡ ᠮᠠᠲ᠋ᠧᠷᠢᠶᠠᠯ ᠤᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠪᠥᠯᠦᠭᠵᠢᠯ᠂ ᠤᠮᠠᠷᠠᠲᠤ | ᠬᠢᠯᠢ ᠶᠢᠨ ᠰᠣᠶᠣᠯ ᠤᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠰᠢᠨᠵᠢᠯᠡᠭᠡᠨ ᠤ ᠰᠠᠯᠠᠭᠠᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ᠂ ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ ᠬᠠᠮᠵᠢᠯᠴᠠᠨ ᠪᠣᠭᠤᠮᠲᠠ ᠰᠢᠪᠲᠤᠯᠬᠤ ᠪᠠ | ᠰᠢᠨᠵᠢᠯᠡᠭᠡᠨ ᠤ ᠰᠠᠯᠠᠭ᠎ᠠ ᠰᠣᠯᠪᠢᠴᠠᠨ ᠠᠭᠤᠰᠤᠭᠰᠠᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠠᠬᠢᠯᠡᠯᠲᠡ ᠶᠢ ᠰᠢᠪᠲᠤᠯᠬᠤ︾ ᠴᠡᠭ ᠲᠤ ᠠᠩᠬᠠᠷᠤᠯ ᠢᠶᠠᠨ ᠬᠠᠨᠳᠤᠭᠤᠯᠤᠨ᠂ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠴᠢᠭᠯᠡᠯ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠰᠢᠪᠲᠤᠯᠤᠯᠲᠠ ᠶᠢᠨ ᠴᠢᠭᠯᠡᠯ ᠢ ᠪᠣᠯᠪᠠᠰᠤᠷᠠᠭᠤᠯᠵᠤ᠂ ᠴᠢᠬᠤᠯᠠ ᠶᠡᠭᠡ | ᠨᠡᠭᠡᠭᠡᠯᠲᠡᠲᠦ ᠰᠡᠳᠦᠪ ᠢ ᠪᠠᠶᠢᠭᠤᠯᠤᠨ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ ᠤ ᠦᠷ᠎ᠡ | ᠪᠦᠲᠦᠭᠡᠯ ᠢ ᠪᠣᠢ ᠪᠣᠯᠭᠠᠨ᠎ᠠ᠃ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ | ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ | ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ᠂ ᠴᠠᠭᠠᠨ ᠢᠳᠡᠭᠡ ᠪᠠ ᠦᠷ᠎ᠡ ᠶᠢᠨ ᠡᠬᠢ ᠪᠠᠶᠠᠯᠢᠭ᠂ ᠠᠮᠢ ᠠᠬᠤᠢ ᠶᠢᠨ | ᠣᠷᠴᠢᠨ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ᠂ ᠤᠮᠠᠷᠠᠲᠤ ᠬᠢᠯᠢ ᠶᠢᠨ ᠰᠣᠶᠣᠯ ᠵᠡᠷᠭᠡ ᠬᠠᠮᠢᠶ᠎ᠠ ᠪᠦᠬᠦᠢ ᠬᠦᠷᠢᠶᠡᠨ ᠤ | ᠰᠢᠨᠵᠢᠯᠡᠭᠡᠨ ᠤ ᠰᠠᠯᠠᠭᠠᠨ ᠤ ᠲᠠᠪᠴᠠᠩ ᠪᠠ ᠣᠶᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠠᠬᠢᠭᠤᠯᠵᠤ᠂ ᠤᠯᠤᠰ ᠤᠨ ᠳᠡᠰ ᠤᠨ ᠲᠠᠪᠴᠠᠩ ᠢ ᠪᠤᠢ ᠪᠣᠯᠭᠠᠨ᠎ᠠ᠃ | ︵ᠲᠠᠪᠤ︶ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠲᠣᠭᠲᠠᠴᠠ ᠪᠠ ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠤᠨ᠂ ᠡᠷᠳᠡᠮ | ᠰᠢᠨᠵᠢᠯᠡᠭᠡᠨ ᠤ ᠠᠵᠢᠯᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠠᠰ ᠲᠤ ᠨᠢ ᠬᠠᠮᠢᠶᠠᠷᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ᠂ ᠠᠵᠢᠯ ᠤᠨ ᠬᠢᠷᠢ | ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠳᠣᠭᠲᠠᠯᠴᠠᠭ᠎ᠠ ᠵᠢᠴᠢ ᠡᠷᠳᠡᠮ ᠰᠢᠨᠵᠢᠯᠡᠭᠡᠨ ᠤ ᠲᠥᠷᠥᠯ ᠵᠦᠢᠯ ᠤᠨ | ᠬᠥᠨᠳᠡᠯᠡᠨ ᠵᠠᠷᠤᠳᠠᠯ ᠢ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠵᠡᠷᠭᠡ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ | ᠡᠷᠬᠡ ᠶᠢᠨ ᠪᠦᠬᠦ ᠴᠤᠪᠤᠷᠠᠯ ᠤᠨ ᠬᠠᠮᠢᠶᠠᠷᠤᠯᠲᠠ ᠶᠢᠨ ᠳᠣᠭᠲᠠᠯᠴᠠᠭ᠎ᠠ ᠶᠢ ᠪᠠᠶᠢᠭᠤᠯᠤᠨ᠂ ᠴᠢᠳᠠᠪᠤᠷᠢᠲᠠᠨ ᠢ ᠲᠥᠷᠥᠯ | ᠬᠤᠪᠢᠶᠠᠨ ᠦᠨᠡᠯᠡᠬᠦ ᠳᠦᠷᠢᠮ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠷᠳᠡᠮ ᠰᠢᠨᠵᠢᠯᠡᠭᠡᠨ ᠤ ᠠᠵᠢᠯᠲᠠᠨ ᠤ ᠲᠤᠰᠢᠶᠠᠯ | ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠰᠠᠯᠵᠤ ᠦᠢᠯᠡᠰ ᠪᠣᠰᠬᠠᠬᠤ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠵᠡᠷᠭᠡ ᠪᠠᠶᠢᠭᠤᠯᠤᠯ ᠲᠣᠭᠲᠠᠴᠠ ᠶᠢ ᠨᠠᠶᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ ᠤ | ᠠᠵᠢᠯᠲᠠᠨ ᠤ ᠵᠣᠷᠢᠭᠲᠠᠢ ᠰᠢᠨ᠎ᠡ ᠶᠢ ᠡᠭᠦᠳᠬᠦ᠂ ᠠᠮᠢᠳᠤᠯᠢᠭ ᠢᠶᠠᠷ ᠬᠤᠪᠢᠷᠠᠭᠤᠯᠬᠤ ᠶᠢ ᠳᠡᠮᠵᠢᠨ᠎ᠡ᠃ ᠪᠠᠭᠰᠢ ᠶᠢ | ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠤᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢᠶᠠᠷ ᠳᠠᠮᠵᠢᠭᠤᠯᠤᠨ ᠬᠠᠮᠤᠭ ᠤᠨ ᠰᠢᠨ᠎ᠡ ᠦᠷ᠎ᠡ | ᠪᠦᠲᠦᠭᠡᠯ ᠢ ᠨᠡᠶᠢᠲᠡᠯᠡᠵᠦ᠂ ᠠᠬᠤᠢ ᠲᠠᠯᠠᠪᠠᠢ ᠶᠢᠨ ᠦᠵᠡᠭᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ | ᠲᠤᠰᠬᠠᠢ ᠪᠠᠶᠢᠭᠤᠯᠤᠮᠵᠢ ᠪᠠ ᠮᠡᠷᠭᠡᠵᠢᠯ ᠤᠨ ᠳᠠᠭᠠᠭᠠᠮᠠᠯ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠭᠦᠨᠵᠡᠭᠡᠢ ᠢᠯᠡᠷᠡᠭᠦᠯᠦᠨ᠂ ᠨᠠᠷᠢᠯᠢᠭ ᠣᠨᠣᠴᠠᠲᠠᠢ ᠵᠣᠯᠭᠠᠭᠤᠯᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨᠵᠢᠯᠡᠭᠡᠨ ᠤ ᠰᠠᠯᠠᠭ᠎ᠠ ᠬᠤᠪᠢᠶᠠᠨ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠦᠨ | ᠪᠤᠶᠢᠵᠢᠭᠤᠯᠬᠤ ᠲᠥᠯᠥᠪᠯᠡᠭᠡ ᠶᠢ ᠲᠣᠭᠲᠠᠭᠠᠵᠤ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ᠂ ᠡᠷᠳᠡᠮ | ᠰᠢᠨᠵᠢᠯᠡᠭᠡᠨ ᠤ ᠭᠤᠣᠯᠯᠠᠭᠴᠢ᠂ ᠵᠠᠯᠠᠭᠤ ᠪᠠᠭᠰᠢ ᠶᠢᠨ ᠪᠦᠲᠦᠴᠡ ᠵᠣᠬᠢᠰᠲᠠᠢ ᠰᠢᠨᠵᠢᠯᠡᠭᠡᠨ ᠤ ᠰᠠᠯᠠᠭᠠᠨ ᠤ ᠪᠠᠭᠰᠢ ᠶᠢᠨ | ᠱᠠᠲᠤᠯᠵᠢᠨ ᠡᠩᠨᠡᠭᠡ ᠶᠢ ᠪᠠᠶᠢᠭᠤᠯᠤᠨ᠎ᠠ᠃ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠪᠠ ᠪᠦᠯᠬᠦᠮ ᠨᠡᠶᠢᠲᠡ ᠶᠢ | ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠵᠤ᠂ ᠳᠠᠯᠳᠠ ᠬᠦᠴᠦᠨ ᠪᠥᠬᠦᠢ ᠵᠠᠯᠠᠭᠤ ᠪᠠᠭᠰᠢ ᠨᠠᠷ ᠲᠤ | ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠨᠢᠭᠡ ᠪᠦᠯᠦᠭ ᠡᠷᠳᠡᠮ ᠰᠢᠨᠵᠢᠯᠡᠭᠡᠨ ᠤ ᠭᠤᠣᠯᠯᠠᠭᠴᠢ ᠬᠦᠴᠦᠨ ᠢ | ᠶᠡᠭᠡ ᠪᠠᠷ ᠬᠥᠮᠥᠵᠢᠭᠦᠯᠦᠨ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠬᠡᠪᠴᠢᠶ᠎ᠡ ᠶᠢ ᠥᠷᠭᠡᠳᠭᠡᠪᠡ᠃ ᠵᠠᠷᠤᠳᠠᠯ᠂ ᠲᠥᠷᠥᠯ | ᠵᠦᠢᠯ᠂ ᠲᠠᠪᠴᠠᠩ ᠵᠡᠷᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠳᠠᠭᠠᠭᠤᠯᠤᠭᠴᠢ ᠵᠢᠴᠢ ᠪᠦᠯᠬᠦᠮ ᠨᠡᠶᠢᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠭᠡᠨ ᠤ ᠰᠠᠯᠠᠭᠠᠨ ᠤ | ᠡᠩᠨᠡᠭᠡᠨ ᠤ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠤᠶᠠᠷ᠂ ᠳᠡᠮᠵᠢᠬᠦ ᠠᠷᠭ᠎ᠠ ᠬᠡᠮᠵᠢᠶ᠎ᠡ | ︵ᠨᠢᠭᠡ︶ ᠵᠠᠷᠤᠳᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ | 1. ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠭᠦᠯᠬᠦ | ᠲᠣᠭᠲᠠᠴᠠ ᠶᠢ ᠪᠠᠶᠢᠭᠤᠯᠤᠨ᠂ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠠᠷᠢᠴᠠᠯ ᠢ 20% ᠠᠴᠠ ᠳᠣᠣᠷ᠎ᠠ | ᠪᠠᠶᠢᠯᠭᠠᠬᠤ ᠦᠭᠡᠢ︔ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ | ᠵᠠᠷᠤᠳᠠᠯ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ | 2. ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ | ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠳᠡᠰ | ᠳᠡᠪᠰᠢᠭᠦᠯᠬᠦ ᠵᠢᠱᠢᠭᠰᠡᠨ ᠬᠠᠷᠠᠯᠲᠠ ᠳᠤ ᠬᠦᠷᠦᠭᠰᠡᠨ᠂ ᠬᠦᠴᠢᠷ ᠢ ᠲᠤᠭᠤᠯᠵᠤ ᠰᠢᠪᠲᠤᠯᠤᠭᠰᠠᠨ ᠶᠡᠭᠡ ᠳᠡᠭᠡᠳᠦ | ᠰᠤᠷᠭᠠᠭᠤᠯᠢ ᠳᠤ ᠨᠢᠭᠡ ᠯᠡ ᠤᠳᠠᠭ᠎ᠠ ᠳᠤ ᠬᠠᠮᠤᠭ ᠤᠨ ᠪᠠᠭ᠎ᠠ ᠳᠤ ᠪᠠᠨ 500 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠶᠢᠨ ᠳᠡᠮᠵᠢᠯᠭᠡ ᠣᠯᠭᠤᠵᠤ᠂ ᠰᠢᠨ᠎ᠡ ᠪᠠᠷ ᠨᠡᠮᠡᠭᠳᠡᠭᠰᠡᠨ ᠤᠯᠤᠰ ᠤᠨ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠶᠡᠭᠡ ᠳᠡᠭᠡᠳᠦ ᠰᠤᠷᠭᠠᠭᠤᠯᠢ ᠳᠤ ᠨᠢᠭᠡ ᠯᠡ ᠤᠳᠠᠭ᠎ᠠ ᠳᠤ ᠬᠠᠮᠤᠭ ᠤᠨ ᠪᠠᠭ᠎ᠠ ᠳᠤ ᠪᠠᠨ 1000 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠳᠡᠮᠵᠢᠯᠭᠡ ᠣᠯᠭᠤᠨ᠎ᠠ᠃ | 3.ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ | ᠡᠷᠳᠡᠮ ᠰᠢᠨᠵᠢᠯᠡᠭᠡᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠥᠷᠥᠯ ᠵᠦᠢᠯ ᠪᠠ ᠵᠠᠯᠠᠭᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠢ ᠡᠬᠢᠯᠡᠭᠦᠯᠬᠦ ᠵᠠᠷᠤᠳᠠᠯ ᠳᠤ | ᠬᠡᠷᠡᠭᠯᠡᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ ᠨᠢᠭᠡ ᠯᠡ ᠤᠳᠠᠭ᠎ᠠ ᠳᠤ 30 ᠲᠦᠮᠡᠨ | ᠲᠥᠭᠦᠷᠢᠭ ᠤᠨ ᠲᠤᠰᠠᠯᠠᠮᠵᠢ ᠦᠵᠡᠭᠦᠯᠵᠦ᠂ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠢᠭᠡ ᠯᠡ | ᠤᠳᠠᠭ᠎ᠠ ᠳᠤ ᠳᠡᠳᠬᠦᠨ ᠲᠤᠰᠠᠯᠠᠬᠤ ᠶᠢ ᠵᠠᠷᠴᠢᠮ ᠳᠡᠭᠡᠷ᠎ᠡ ᠪᠠᠨ 15 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ | ︵ᠬᠤᠶᠠᠷ︶ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠳᠡᠮᠵᠢᠨ᠎ᠡ | 4. ᠶᠡᠭᠡ ᠳᠡᠭᠡᠳᠦ ᠰᠤᠷᠭᠠᠭᠤᠯᠢ ᠬᠥᠮᠦᠵᠢᠭᠦᠯᠬᠦ ᠪᠤᠶᠤ ᠭᠡᠷ᠎ᠡ ᠳᠣᠭᠲᠠᠨ ᠣᠷᠣᠭᠤᠯᠤᠨ ᠠᠪᠴᠢᠷᠠᠬᠤ ︽ᠬᠤᠶᠠᠷ | ᠬᠦᠷᠢᠶᠡᠯᠡᠩ︾ ᠤᠨ ᠠᠺᠠᠳᠧᠮᠢᠴᠢ᠂ ︽ᠬᠤᠶᠠᠷ ᠬᠦᠷᠢᠶᠡᠯᠡᠩ︾ ᠤᠨ ᠠᠺᠠᠳᠧᠮᠢᠴᠢ ᠶᠢᠨ ᠵᠢᠱᠢᠭᠳᠡᠭᠴᠢ᠂ ︽ᠴᠠᠩ | ᠵᠢᠶᠠᠩ︾᠂ ︽ᠴᠢᠩ ᠵᠢᠶᠧ︾ ᠵᠡᠷᠭᠡ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠳᠤ ︽ᠨᠢᠭᠡ | ᠬᠥᠮᠦᠨ ᠳᠤ ᠨᠢᠭᠡ ᠠᠷᠭ᠎ᠠ ᠪᠣᠳᠣᠯᠭ᠎ᠠ᠂ ᠨᠢᠭᠡ ᠶᠠᠪᠤᠳᠠᠯ ᠢ ᠨᠢᠭᠡ ᠯᠡ ᠤᠳᠠᠭ᠎ᠠ ᠵᠥᠪᠯᠡᠬᠦ︾ ᠵᠠᠷᠴᠢᠮ ᠶᠣᠰᠣᠭᠠᠷ᠂ | ᠵᠠᠷᠤᠳᠠᠯ ᠤᠨ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠡᠷᠳᠡᠮ | ᠰᠢᠨᠵᠢᠯᠡᠭᠡᠨ ᠤ ᠰᠣᠯᠢᠯᠴᠠᠭᠠᠨ ᠤ ᠲᠠᠯ᠎ᠠ ᠪᠠᠷ ᠳᠡᠮᠵᠢᠯᠭᠡ ᠦᠵᠡᠭᠦᠯᠵᠦ᠂ ᠲᠡᠭᠦᠨ ᠤ ᠡᠷᠳᠡᠮ ᠰᠢᠨᠵᠢᠯᠡᠭᠡᠨ ᠤ ᠴᠢᠳᠠᠪᠤᠷᠢ | ᠪᠠ ᠡᠷᠳᠡᠮ ᠰᠢᠨᠵᠢᠯᠡᠭᠡᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | 5. ᠣᠳᠣ ᠶᠢᠨ ᠪᠠᠶᠢᠭ᠎ᠠ ᠳᠡᠮᠵᠢᠬᠦ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ︽ᠬᠤᠣᠰ | ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠲᠡᠷᠢᠭᠦᠨ ᠳᠡᠰ ᠤᠨ | ᠰᠢᠨᠵᠢᠯᠡᠭᠡᠨ ᠤ ᠰᠠᠯᠠᠭ᠎ᠠ ᠳᠤ ᠲᠦᠰᠢᠭᠯᠡᠨ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ ᠡᠷᠳᠡᠮ | ᠰᠢᠨᠵᠢᠯᠡᠭᠡᠨ ᠤ ᠰᠢᠯᠵᠢᠮᠡᠯ ᠥᠷᠲᠡᠭᠡ ᠶᠢ ᠪᠠᠶᠢᠭᠤᠯᠬᠤ ᠳᠡᠳᠭᠦᠮᠵᠢ ᠶᠢᠨ ᠮᠥᠩᠭᠦ ᠶᠢ 30 ᠲᠦᠮᠡᠨ ᠲᠥᠭᠦᠷᠢᠭ | ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ | ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠳᠤ ᠣᠷᠣᠭᠰᠠᠨ ᠪᠦᠷᠢᠨ ᠳᠤᠰᠢᠶᠠᠯᠲᠤ ᠳ᠋ᠣᠺᠲ᠋ᠣᠷᠠᠨᠲ ᠤᠨ | ᠠᠮᠢᠳᠤᠷᠠᠯ ᠤᠨ ᠨᠥᠬᠦᠪᠥᠷᠢ ᠶᠢ ᠬᠥᠮᠦᠨ ᠪᠦᠷᠢ ᠵᠢᠯ ᠪᠦᠷᠢ ᠳᠤ 10 ᠲᠦᠮᠡᠨ ᠲᠥᠭᠦᠷᠢᠭ ᠪᠠᠶᠢᠭᠰᠠᠨ ᠢ 15 ᠲᠦᠮᠡᠨ | ᠲᠥᠭᠦᠷᠢᠭ ᠪᠣᠯᠭᠠᠨ᠂ 2 ᠵᠢᠯ ᠳᠡᠳᠬᠦᠨ ᠳᠤᠰᠠᠯᠠᠨ᠎ᠠ᠂ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ | ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠠᠴᠠ ᠰᠠᠯᠵᠤ ᠰᠤᠷᠭᠠᠭᠤᠯᠢ ᠳᠤ ᠦᠯᠡᠳᠡᠭᠰᠡᠨ ᠠᠬᠠᠯᠠᠭᠴᠢ | ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠵᠠᠷᠤᠳᠠᠯ ᠤᠨ ᠲᠤᠰᠠᠯᠠᠮᠵᠢ ᠶᠢ 30 ᠲᠦᠮᠡᠨ ᠲᠥᠭᠦᠷᠢᠭ ᠪᠠᠶᠢᠭᠰᠠᠨ ᠢ | 50 ᠲᠦᠮᠡᠨ ᠲᠥᠭᠦᠷᠢᠭ ᠪᠣᠯᠭᠠᠨ᠎ᠠ᠃ | 6. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠤᠨ | ᠪᠤᠰᠤᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠠᠵᠢᠯ | ᠲᠥᠷᠥᠯ ᠤᠨ ᠠᠵᠤ ᠠᠬᠤᠶᠢᠯᠠᠯ ᠬᠠᠮᠲᠤᠷᠠᠨ ᠳ᠋ᠣᠺᠲ᠋ᠣᠷᠠᠨᠲ ᠮᠠᠰᠲ᠋ᠧᠷ ᠬᠥᠮᠦᠵᠢᠭᠦᠯᠬᠦ ᠶᠢ ᠳᠡᠮᠵᠢᠵᠦ᠂ ᠳ᠋ᠣᠺᠲ᠋ᠣᠷᠠᠨᠲ | ᠮᠠᠰᠲ᠋ᠧᠷ ᠢ ᠬᠠᠮᠲᠤᠷᠠᠨ ᠬᠥᠮᠦᠵᠢᠭᠦᠯᠬᠦ ᠲᠤᠰᠬᠠᠢ ᠲᠥᠯᠥᠪᠯᠡᠭᠡ ᠶᠢ ᠪᠠᠶᠢᠭᠤᠯᠤᠨ᠂ ᠬᠠᠮᠢᠶ᠎ᠠ ᠪᠦᠬᠦᠢ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠰᠣᠳᠤᠯᠬᠤ ᠰᠤᠷᠤᠭᠴᠢ ᠡᠯᠰᠡᠬᠦ ᠲᠥᠯᠥᠪᠯᠡᠭᠡ ᠳᠤ ᠵᠣᠬᠢᠰᠲᠠᠢ ᠬᠠᠷᠠᠭᠠᠯᠵᠠᠯ | ᠦᠵᠡᠭᠦᠯᠦᠨ᠎ᠡ᠃ | 7. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢ | ᠠᠵᠢᠯᠲᠠᠨ ᠤ ᠶᠡᠷᠦᠩᠬᠡᠢ ᠲᠤᠭ᠎ᠠ ᠶᠢ ᠬᠠᠮᠢᠶᠠᠷᠬᠤ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠵᠤ᠂ | ᠲᠡᠷᠢᠭᠦᠨ ᠤ ᠰᠢᠨᠵᠢᠯᠡᠭᠡᠨ ᠤ ᠰᠠᠯᠠᠭ᠎ᠠ ᠳᠤ ᠬᠤᠯᠪᠣᠭᠳᠠᠭᠰᠠᠨ ᠳᠡᠭᠡᠳᠦ ᠰᠤᠷᠭᠠᠭᠤᠯᠢ ᠰᠠᠯᠪᠤᠷᠢ ᠪᠤᠶᠤ ᠲᠤᠰᠬᠠᠢ | ᠮᠡᠷᠭᠡᠵᠢᠯ ᠤᠨ ᠲᠤᠰᠬᠠᠢ ᠬᠠᠷᠢᠭᠤᠴᠠᠬᠤ ᠪᠠᠭᠰᠢ ᠶᠢᠨ ᠶᠡᠷᠦᠩᠬᠡᠢ ᠬᠡᠮᠵᠢᠶ᠎ᠡ᠂ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠭᠡᠨ ᠤ ᠰᠠᠯᠠᠭᠠᠨ ᠤ ᠣᠨᠴᠠᠯᠢᠭ ᠪᠣᠯᠤᠨ ᠠᠳᠠᠯᠢ ᠪᠤᠰᠤ ᠲᠥᠷᠥᠯ ᠵᠦᠢᠯ ᠲᠠᠢ ᠤᠶᠠᠯᠳᠤᠭᠤᠯᠤᠨ ᠦᠨᠡᠯᠡᠨ | ᠵᠢᠱᠢᠵᠦ ᠨᠤᠲᠠᠯᠠᠭᠰᠠᠨ ᠤ ᠳᠠᠷᠠᠭ᠎ᠠ᠂ ᠰᠤᠷᠤᠭᠴᠢ ᠪᠠᠭᠰᠢ ᠶᠢᠨ ᠬᠠᠷᠢᠴᠠᠯ ᠤᠨ ᠬᠠᠮᠤᠭ ᠤᠨ ᠳᠡᠭᠡᠳᠦ ᠬᠢᠵᠠᠭᠠᠷ ᠤᠨ | ᠪᠡᠷᠢᠮᠵᠢᠶ᠎ᠠ ᠪᠠᠷ ᠬᠢᠨᠠᠨ ᠳᠣᠭᠲᠠᠭᠠᠨ᠎ᠠ︔ ᠳᠡᠭᠡᠳᠦ ᠰᠤᠷᠭᠠᠭᠤᠯᠢ ᠶᠢᠨ ᠣᠳᠣ ᠶᠢᠨ ᠬᠢᠨᠠᠨ ᠲᠣᠭᠲᠠᠭᠠᠭᠰᠠᠨ ᠣᠷᠣᠨ | ᠲᠣᠭᠠᠨ ᠤ ᠶᠡᠷᠦᠩᠬᠡᠢ ᠲᠤᠭ᠎ᠠ ᠬᠦᠷᠦᠯᠴᠡᠬᠦ ᠦᠭᠡᠢ ᠦᠶ᠎ᠡ ᠳᠤ᠂ ᠣᠷᠣᠨ ᠤ ᠰᠢᠭᠤᠳ ᠬᠠᠷᠢᠶ᠎ᠠ ᠴᠢᠳᠠᠪᠤᠷᠢᠲᠠᠨ ᠤ | ᠣᠷᠣᠨ ᠲᠤᠭ᠎ᠠ ᠶᠢ ᠬᠡᠷᠡᠭᠯᠡᠨ ᠨᠥᠬᠦᠴᠡᠯ ᠳᠤ ᠨᠡᠶᠢᠴᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠬᠡᠷᠡᠭᠰᠡᠬᠦ ᠣᠷᠣᠨ ᠲᠤᠭ᠎ᠠ ᠶᠢ ᠪᠦᠬᠦ | ᠬᠦᠴᠦᠨ ᠢᠶᠠᠷ ᠪᠠᠲᠤᠯᠠᠨ᠎ᠠ᠃ | 8. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠤᠤᠯ ᠤᠨ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠰᠠᠭᠤᠷᠢᠨ ᠳᠡᠭᠡᠷ᠎ᠡ | 10% ᠶᠢᠨ ᠣᠨᠴᠠᠭᠠᠢ ᠠᠵᠢᠯ ᠤᠨ ᠪᠠᠶᠢᠷᠢ ᠶᠢ ᠨᠡᠮᠡᠨ ᠲᠣᠬᠢᠷᠠᠭᠤᠯᠵᠤ᠂ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ | ᠳᠡᠰ ᠤᠨ ᠴᠢᠳᠠᠪᠤᠷᠢᠲᠠᠨ ᠪᠣᠯᠤᠨ ᠰᠢᠯᠢᠳᠡᠭ ᠵᠠᠯᠠᠭᠤ ᠴᠢᠳᠠᠪᠤᠷᠢᠲᠠᠨ ᠢ ᠤᠷᠢᠬᠤ ᠳᠤ ᠬᠡᠷᠡᠭᠯᠡᠨ᠎ᠡ︔ ᠵᠢᠩᠬᠢᠨᠢ᠂ ᠳᠡᠳ᠋ | ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠡᠵᠡᠨ ᠮᠡᠳᠡᠨ ᠲᠣᠭᠲᠠᠭᠠᠵᠤ᠂ ᠠᠵᠢᠯ ᠤᠨ | ᠪᠠᠶᠢᠷᠢ ᠶᠢᠨ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ | ᠭᠤᠶᠤᠴᠢᠯᠠᠬᠤ ᠶᠢ ᠵᠥᠪᠰᠢᠶᠡᠷᠡᠵᠦ᠂ ᠮᠡᠳᠡᠭᠦᠯᠦᠭᠰᠡᠨ ᠶᠡᠷᠦᠩᠬᠡᠢ ᠲᠤᠭ᠎ᠠ ᠶᠢ ᠨᠢᠭᠡᠨᠲᠡ ᠳᠣᠭᠲᠠᠭᠠᠭᠰᠠᠨ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠶᠢᠨ 10% ᠶᠢᠨ ᠳᠣᠲᠣᠷ᠎ᠠ ᠬᠢᠵᠠᠭᠠᠷᠯᠠᠨ᠎ᠠ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠦᠷ᠎ᠡ ᠪᠦᠲᠦᠭᠡᠯ ᠢ | ᠤᠯᠠᠷᠢᠭᠤᠯᠬᠤ ᠶᠢ ᠴᠢᠩᠭᠠᠳᠬᠠᠨ᠎ᠠ | 9. ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ | ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠨᠡᠷ᠎ᠡ | ᠳᠤᠷᠠᠳᠤᠭᠰᠠᠨ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠦᠨᠡᠯᠡᠨ ᠲᠣᠭᠲᠠᠭᠠᠬᠤ | ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠶᠢᠰᠢ ᠵᠣᠬᠢᠬᠤ | ᠬᠡᠮᠵᠢᠶ᠎ᠡ ᠪᠠᠷ ᠬᠡᠯᠪᠠᠶᠢᠯᠭᠡᠨ᠎ᠡ᠃ | 10. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ | ᠰᠢᠯᠵᠢᠭᠦᠯᠦᠨ ᠥᠭᠬᠦ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠮᠡᠷᠭᠡᠵᠢᠯ ᠤᠨ ᠭᠡᠷ᠎ᠡ ᠶᠣᠰᠣᠭᠠᠷ ᠳᠠᠩᠰᠠᠨ ᠳᠤ ᠤᠷᠤᠭᠰᠠᠨ | ᠵᠣᠭᠤᠰ ᠤᠨ ᠲᠤᠭ᠎ᠠ ᠪᠤᠶᠤ ᠰᠲ᠋ᠣᠺ ᠤᠨ ᠡᠷᠬᠡ ᠶᠢ ᠨᠤᠭᠤᠯᠤᠨ ᠪᠣᠳᠣᠭᠰᠠᠨ ᠵᠣᠭᠤᠰ ᠤᠨ ᠲᠤᠭ᠎ᠠ ᠨᠢ 200 ᠲᠦᠮᠡᠨ | ᠲᠥᠭᠦᠷᠢᠭ ᠠᠴᠠ ᠳᠡᠭᠡᠭᠰᠢ ᠪᠠᠶᠢᠪᠠᠯ᠂ ᠠᠰᠢᠭ ᠣᠷᠣᠯᠭ᠎ᠠ ᠶᠢᠨ ᠵᠣᠭᠤᠰ ᠤᠨ ᠲᠤᠭ᠎ᠠ ᠨᠢ 20% ᠶᠢᠨ ᠡᠳ᠋ ᠤᠨ | ᠵᠠᠰᠠᠭ ᠤᠨ ᠪᠡᠯᠡ ᠮᠥᠩᠭᠦ ᠶᠢᠨ ᠱᠠᠩᠨᠠᠯ ᠣᠯᠭᠤᠨ᠎ᠠ᠃ ᠴᠢᠬᠤᠯᠠ ᠶᠡᠭᠡ ᠦᠷ᠎ᠡ ᠪᠦᠲᠦᠭᠡᠯ ᠢ ᠤᠯᠠᠷᠢᠭᠤᠯᠬᠤ ︽ᠨᠢᠭᠡ | ᠬᠡᠷᠡᠭ ᠢ ᠨᠢᠭᠡ ᠯᠡ ᠤᠳᠠᠭ᠎ᠠ ᠵᠥᠪᠯᠡᠬᠦ︾ ᠶᠢ ᠬᠦᠨᠳᠦ ᠱᠠᠩᠨᠠᠵᠤ᠂ ᠲᠥᠷᠥᠯ ᠪᠦᠷᠢ ᠶᠢᠨ ᠬᠠᠮᠤᠭ ᠤᠨ ᠥᠨᠳᠥᠷ | ᠱᠠᠩᠨᠠᠯ 1000 ᠲᠦᠮᠡᠨ ᠲᠥᠭᠦᠷᠢᠭ᠂ ᠡᠭᠦᠨ ᠳᠤ ᠬᠠᠮᠤᠭ ᠤᠨ ᠪᠠᠭ᠎ᠠ ᠳᠤ ᠪᠠᠨ 50% ᠶᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠥᠲᠦᠭᠡᠯ ᠢ ᠤᠯᠠᠷᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠬᠥᠮᠦᠨ ᠳᠤ | ᠬᠡᠷᠡᠭᠯᠡᠨ᠎ᠡ᠃ | 11. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠶᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠺᠣᠮᠫᠠᠨᠢ ᠪᠠᠶᠢᠭᠤᠯᠬᠤ ᠶᠢ ᠳᠡᠮᠵᠢᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠡᠷᠬᠢᠯᠡᠵᠦ ᠪᠠᠶᠢᠭ᠎ᠠ | ᠠᠵᠢᠯᠲᠠᠳ ᠤᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠠᠵᠢᠯ ᠤᠨ ᠬᠢᠷᠢ ᠪᠦᠲᠦᠮᠵᠢ ᠶᠢ ᠰᠢᠯᠭᠠᠨ | ᠬᠢᠨᠠᠬᠤ ᠵᠡᠷᠭᠡ ᠲᠠᠯ᠎ᠠ ᠪᠠᠷ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠠᠵᠢᠯᠲᠠᠨ ᠲᠠᠢ ᠠᠳᠠᠯᠢᠬᠠᠨ ᠬᠠᠷᠠᠭᠠᠯᠵᠠᠯ | ᠬᠦᠷᠲᠡᠭᠡᠨ᠎ᠡ᠃ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢᠨ ᠠᠰᠢᠭ ᠣᠯᠵᠠᠪᠤᠷᠢ ᠶᠢ ᠰᠠᠯᠠᠭ᠎ᠠ ᠮᠥᠴᠢᠷ᠂ ᠤᠯᠠᠷᠢᠭᠤᠯᠬᠤ ᠪᠠᠶᠢᠭᠤᠯᠤᠮᠵᠢ ᠪᠠ ᠦᠢᠯᠡᠴᠢᠯᠡᠭᠡᠨ ᠤ | ᠪᠦᠯᠬᠦᠮ ᠨᠡᠶᠢᠲᠡ ᠶᠢᠨ ᠪᠠᠶᠢᠭᠤᠯᠤᠯᠲᠠ ᠳᠤ ᠬᠡᠷᠡᠭᠯᠡᠬᠦ ᠶᠢ ᠳᠡᠮᠵᠢᠨ᠎ᠡ᠃ | 12. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠳᠤ ᠡᠷᠳᠡᠮ | ᠰᠢᠨᠵᠢᠯᠡᠭᠡᠨ ᠤ ᠠᠵᠢᠯᠲᠠᠨ ᠳᠤ ᠣᠯᠭᠤᠭᠰᠠᠨ ᠲᠤᠰᠢᠶᠠᠯ ᠤᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ | ᠥᠮᠴᠢᠯᠡᠯ ᠤᠨ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠳᠡᠯᠭᠡᠷᠡᠭᠦᠯᠵᠦ᠂ ᠡᠷᠳᠡᠮ ᠰᠢᠨᠵᠢᠯᠡᠭᠡᠨ ᠤ ᠠᠵᠢᠯᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠤᠯᠠᠮ ᠨᠢᠭᠡ ᠠᠯᠬᠤᠮ | ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠵᠦ ᠤᠯᠠᠷᠢᠭᠤᠯᠬᠤ ᠶᠢ | ᠠᠬᠢᠭᠤᠯᠤᠨ᠎ᠠ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠢᠩᠬᠢᠮ ᠤᠨ ᠬᠤᠭᠤᠷᠣᠨᠳᠣᠬᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯ ᠢ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠭᠦᠷᠭᠡ ᠴᠢᠳᠠᠮᠵᠢᠲᠤ ᠠᠵᠢᠯ ᠤᠨ ᠬᠤᠪᠢᠶᠠᠷᠢᠯᠠᠯ ᠶᠣᠰᠣᠭᠠᠷ᠂ | ᠲᠥᠯᠦᠪᠵᠢᠭᠦᠯᠬᠦ ᠪᠠ ᠪᠠᠶᠢᠷᠢᠯᠠᠭᠤᠯᠬᠤ᠂ ᠡᠭᠦᠷᠭᠡ ᠬᠡᠷᠡᠭᠵᠢᠭᠦᠯᠬᠦ᠂ ᠪᠠᠲᠤᠯᠠᠨ ᠳᠡᠮᠵᠢᠬᠦ᠂ ᠬᠢᠨᠠᠯᠲᠠ ᠲᠠᠯᠪᠢᠵᠤ | ᠬᠠᠮᠢᠶᠠᠷᠬᠤ ᠵᠡᠷᠭᠡ ᠠᠵᠢᠯ ᠢ ᠥᠷᠨᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠬᠦᠴᠢᠷᠳᠡᠯ ᠪᠣᠯᠤᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠵᠡᠷᠭᠡ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ | ᠲᠥᠯᠥᠪᠵᠢᠭᠦᠯᠭᠡ᠂ ᠠᠵᠢᠯ ᠤᠨ ᠲᠥᠰᠦᠯ᠂ ᠪᠡᠯᠡ ᠮᠥᠩᠭᠦ ᠶᠢᠨ ᠲᠣᠬᠢᠷᠠᠭᠤᠯᠤᠯᠲᠠ᠂ ᠪᠠᠶᠢᠭᠤᠯᠤᠯᠲᠠ ᠶᠢᠨ ᠦᠷ᠎ᠡ | ᠪᠦᠲᠦᠮᠵᠢ ᠵᠡᠷᠭᠡ ᠶᠢ ᠬᠢᠨᠠᠨ ᠳᠣᠭᠲᠠᠭᠠᠵᠤ ᠦᠨᠡᠯᠡᠬᠦ ᠪᠠ ᠵᠢᠯᠣᠭᠤᠳᠬᠤ ᠶᠢ ᠥᠷᠨᠢᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠤᠰ ᠠᠵᠢᠯᠯᠠᠭᠠᠨ ᠤ ᠲᠥᠯᠥᠪᠯᠡᠭᠡ ᠶᠢ ᠦᠨᠳᠦᠰᠦᠯᠡᠨ | ᠵᠢᠯ ᠤᠨ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠶᠢᠨ | ᠬᠠᠷᠠᠯᠲᠠᠲᠤ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠵᠢᠯ ᠤᠨ ᠠᠵᠢᠯ ᠤᠨ | ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ ᠦᠨᠡᠯᠡᠬᠦ ᠶᠢ ᠵᠢᠯᠣᠭᠤᠳᠤᠨ᠎ᠠ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠤᠷᠭᠠᠭᠤᠯᠢ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠵᠠᠷᠤᠳᠠᠯ ᠤᠨ ᠪᠡᠯᠡ ᠣᠷᠣᠭᠤᠯᠤᠯᠲᠠ ᠵᠡᠷᠭᠡ ᠳᠡᠮᠵᠢᠬᠦ ᠲᠥᠷᠥ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢ ᠵᠢᠯᠣᠭᠤᠳᠴᠤ᠂ ᠳᠠᠷᠠᠭᠠᠴᠢ ᠶᠢᠨ ᠳᠡᠮᠵᠢᠬᠦ ᠲᠥᠷᠥ ᠶᠢᠨ ᠪᠣᠳᠣᠯᠭ᠎ᠠ | ᠨᠢ ᠲᠤᠰ ᠪᠢᠴᠢᠭ ᠮᠠᠲ᠋ᠧᠷᠢᠶᠠᠯ ᠤᠨ ᠲᠣᠭᠲᠠᠭᠠᠯ ᠠᠴᠠ ᠥᠨᠳᠥᠷ ᠪᠠᠶᠢᠪᠠᠯ᠂ ᠬᠠᠮᠤᠭ ᠤᠨ ᠰᠢᠨ᠎ᠡ ᠲᠥᠷᠥ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠲᠠᠢ ᠬᠠᠮᠲᠤᠷᠠᠨ ᠬᠠᠷᠠᠯᠲᠠ ᠪᠠᠨ ᠪᠡᠶᠡᠯᠡᠭᠦᠯᠦᠭᠰᠡᠨ᠂ ᠦᠷ᠎ᠡ ᠪᠦᠲᠦᠭᠡᠯ ᠭᠠᠷᠭᠠᠭᠰᠠᠨ᠂ | ᠠᠵᠢᠯ ᠤᠨ ᠬᠢᠷᠢ ᠪᠦᠲᠦᠮᠵᠢ ᠬᠢᠷᠢ ᠲᠦᠪᠰᠢᠨ ᠪᠠᠷ ᠭᠤᠣᠯ ᠪᠣᠯᠭᠠᠭᠰᠠᠨ ᠦᠨᠡᠯᠡᠬᠦ ᠲᠣᠭᠲᠠᠴᠠ ᠶᠢ ᠪᠠᠶᠢᠭᠤᠯᠵᠤ᠂ | ᠲᠡᠷᠢᠭᠦᠨ ᠤ ᠰᠢᠨᠵᠢᠯᠡᠭᠡᠨ ᠤ ᠰᠠᠯᠠᠭ᠎ᠠ ᠵᠢᠴᠢ ᠪᠦᠲᠦᠭᠡᠨ ᠪᠠᠶᠢᠭᠤᠯᠬᠤ ᠳᠡᠭᠡᠳᠦ ᠰᠤᠷᠭᠠᠭᠤᠯᠢ ᠳᠤ ᠰᠢᠨᠵᠢᠯᠡᠬᠦ | ᠤᠬᠠᠭᠠᠨᠴᠢ ᠦᠨᠡᠯᠡᠯᠲᠡ ᠪᠠ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ | ︵ᠭᠤᠷᠪᠠ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨ᠎ᠡ ᠡᠭᠡᠯᠵᠢ ᠶᠢᠨ ᠤᠯᠤᠰ ᠤᠨ ︽ᠬᠤᠣᠰ | ᠲᠡᠷᠢᠭᠦᠨ︾ ᠤ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠲᠤᠰ ᠰᠤᠷᠭᠠᠭᠤᠯᠢ ᠶᠢᠨ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠬᠠᠷᠠᠯᠲᠠ ᠯᠤᠭ᠎ᠠ ᠬᠠᠷᠢᠴᠠᠭᠤᠯᠤᠨ᠂ ᠲᠤᠰ ᠰᠤᠷᠭᠠᠭᠤᠯᠢ ᠶᠢᠨ ᠢᠶᠠᠨ ︽ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠰᠦᠯ︾ ᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠠᠳᠠᠯᠢ ᠪᠤᠰᠤ ᠳᠡᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ | ᠬᠠᠷᠠᠯᠲᠠ ᠶᠣᠰᠣᠭᠠᠷ᠂ ︽ᠨᠢᠭᠡ ᠰᠢᠨᠵᠢᠯᠡᠭᠡᠨ ᠤ ᠰᠠᠯᠠᠭ᠎ᠠ ᠨᠢᠭᠡ ᠲᠥᠰᠦᠯ︾ ᠤᠨ ᠵᠠᠷᠴᠢᠮ ᠶᠣᠰᠣᠭᠠᠷ᠂ ᠬᠤᠪᠢᠶᠠᠷᠢ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠰᠦᠯ ᠢ ᠨᠠᠷᠢᠯᠢᠭᠵᠢᠭᠤᠯᠤᠨ᠎ᠠ᠃ ᠰᠤᠷᠭᠠᠭᠤᠯᠢ ᠶᠢᠨ | ᠤᠳᠤᠷᠢᠳᠬᠤ ᠪᠠᠭ ᠤᠨ ᠪᠦᠷᠢᠯᠳᠦᠬᠦᠨ ᠤ ᠴᠠᠯᠢᠩ ᠬᠥᠯᠥᠰᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ | ᠲᠡᠭᠦᠯᠳᠡᠷᠵᠢᠭᠦᠯᠵᠦ᠂ ᠠᠵᠢᠯ ᠤᠨ ᠬᠢᠷᠢ ᠪᠦᠲᠦᠮᠵᠢ ᠶᠢᠨ ᠴᠠᠯᠢᠩ ᠢ ᠬᠢᠨᠠᠨ ᠰᠢᠯᠭᠠᠭᠰᠠᠨ ᠦᠷ᠎ᠡ ᠳ᠋ᠦᠩ ᠯᠦᠭᠡ | ᠬᠤᠯᠪᠤᠭᠳᠠᠭᠤᠯᠤᠨ᠎ᠠ᠃ ᠬᠠᠷᠢᠭᠤᠴᠠᠯᠭ᠎ᠠ ᠳᠠᠮᠵᠢᠭᠤᠯᠬᠤ ᠪᠠ ᠡᠭᠦᠷᠭᠡ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠦᠨᠡᠨ ᠬᠦ ᠰᠠᠶᠢᠲᠤᠷ ᠬᠠᠮᠢᠶᠠᠷᠴᠤ | ᠰᠠᠶᠢᠲᠤᠷ ᠬᠡᠷᠡᠭᠯᠡᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ | | | |