ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠬᠥᠬᠡᠬᠤᠲᠠ
ᠨᠡᠶᠢᠲᠡᠯᠡᠭᠰᠡᠨ ᠴᠠᠭ᠄
2024/5/29
      5 ᠳ᠋ᠤᠭᠠᠷ ᠰᠠᠷ᠎ᠠ ᠶᠢᠨ 16᠎ ᠤ ᠡᠳᠦᠷ᠂ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠰᠣᠶᠣᠯ ᠤᠷᠠᠯᠢᠭ ᠤᠨ ᠠᠵᠢᠯ ᠮᠡᠷᠭᠡᠵᠢᠯ ᠤᠨ ᠰᠤᠷᠭᠠᠭᠤᠯᠢ ᠳᠤ ᠶᠠᠪᠤᠭᠳᠠᠪᠠ᠃   

1.webp.jpg

      ᠣᠶᠢᠷ᠎ᠠ ᠶᠢᠨ ᠵᠢᠯ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ

ᠲᠦᠪᠰᠢᠨ ᠢᠶᠠᠷ ᠠᠬᠢᠭᠤᠯᠬᠤ ᠶᠢ ᠢᠮᠠᠭᠲᠠ ᠪᠠᠷᠢᠮᠲᠠᠯᠠᠨ᠂ ︽ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠲᠥᠪ᠂

ᠥᠪᠡᠷᠲᠡᠭᠡᠨ ᠵᠠᠰᠠᠬᠤ ᠣᠷᠣᠨ ᠎ ᠤ ᠡᠳ᠋ ᠤᠨ ᠵᠠᠰᠠᠭ ᠤᠨ ᠴᠢᠨᠠᠷᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠪᠡᠯᠡ ᠣᠷᠣᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ

ᠡᠷᠬᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠡᠬᠢ ᠪᠠᠶᠠᠯᠢᠭ ᠢ  ᠨᠡᠶᠢᠯᠡᠭᠦᠯᠦᠨ ᠰᠢᠯᠢᠳᠡᠭᠵᠢᠭᠦᠯᠵᠦ᠂ ᠪᠦᠬᠦ ᠬᠤᠲᠠ ᠶᠢᠨ 66 ᠳᠤᠮᠳᠠ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ ᠶᠢ 35 ᠪᠣᠯᠭᠠᠨ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ︽ᠴᠢᠨᠠᠷ

ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ︾᠎ ᠶᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ

ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ 62.3%᠎ ᠶᠢ

ᠡᠵᠡᠯᠡᠵᠦ᠂ 6.8% ᠨᠡᠮᠡᠭᠳᠡᠪᠡ︔ ᠰᠢᠭᠤᠳ ᠬᠠᠷᠢᠶ᠎ᠠ ᠠᠯᠪᠠᠨ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ 9.7% ᠨᠡᠮᠡᠭᠳᠡᠵᠦ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠡᠳᠦᠷ ᠢᠷᠡᠬᠦᠶ᠎ᠡ

ᠴᠢᠩᠭᠠᠷᠠᠪᠠ᠃ ᠲᠤᠰᠬᠠᠢ ᠮᠡᠷᠭᠡᠵᠢᠯ ᠤᠨ ᠲᠠᠷᠬᠠᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠤᠷᠭᠠᠨ

ᠬᠥᠮᠦᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ

ᠵᠡᠷᠭᠡ ︽ᠳᠥᠷᠪᠡᠨ ᠬᠡᠯᠬᠢᠶ᠎ᠡ︾᠎ ᠶᠢ ᠠᠭᠤᠰᠬᠠᠨ ᠬᠥᠭᠵᠢᠭᠦᠯᠬᠦ ᠰᠢᠨ᠎ᠡ ᠠᠮᠢ ᠠᠬᠤᠢ ᠶᠢ ᠴᠢᠷᠮᠠᠶᠢᠨ ᠪᠠᠶᠢᠭᠤᠯᠵᠤ᠂

ᠣᠷᠣᠨ ᠪᠦᠰᠡ ᠶᠢᠨ ᠠᠵᠤ ᠦᠢᠯᠡᠰ ᠤᠨ ᠳᠡᠰ ᠳᠡᠪᠰᠢᠭᠦᠯᠦᠨ ᠬᠡᠯᠪᠡᠷᠢ ᠎ ᠪᠠᠨ ᠬᠤᠪᠢᠷᠠᠭᠤᠯᠬᠤ ᠪᠠ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠢᠮᠡᠯ ᠣᠶᠤᠨ ᠪᠣᠯᠤᠨ ᠬᠡᠷᠡᠭᠯᠡᠯᠲᠡ᠂

ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠠᠵᠢᠯᠯᠠᠭᠤᠯᠬᠤ ᠪᠠ ᠬᠠᠮᠠᠭᠠᠯᠠᠬᠤ ᠵᠡᠷᠭᠡ 10 ᠳᠤᠲᠠᠭᠳᠠᠵᠤ

ᠪᠠᠶᠢᠭ᠎ᠠ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠪᠡ᠃ ᠣᠳᠣ ᠪᠣᠯᠲᠠᠯ᠎ᠠ᠂ ᠪᠦᠬᠦ ᠬᠤᠲᠠ ᠶᠢᠨ ᠰᠤᠷᠤᠭᠴᠢ

ᠤᠷᠢᠬᠤ ᠪᠠᠷ ᠪᠠᠶᠢᠭ᠎ᠠ ᠲᠤᠰᠬᠠᠢ ᠮᠡᠷᠭᠡᠵᠢᠯ ᠤᠨ ᠲᠠᠷᠬᠠᠴᠠ 350᠎ ᠶᠢ ᠳᠡᠩᠰᠡᠯᠡᠵᠦ᠂ ᠡᠭᠦᠨ ᠳᠤ ᠳᠤᠮᠳᠠ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ 290᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 60 ᠪᠣᠢ᠂

ᠣᠷᠣᠨ ᠤ ᠲᠥᠪ ᠤᠨ ︽ᠵᠢᠷᠭᠤᠭᠠᠨ ᠶᠡᠭᠡ ᠠᠵᠤ ᠦᠢᠯᠡᠰ ᠤᠨ ᠴᠤᠭᠯᠠᠷᠠᠯ︾ ᠪᠠ ᠣᠳᠣ ᠦᠶ᠎ᠡ ᠶᠢᠨ

ᠦᠢᠯᠡᠴᠢᠯᠡᠭᠡᠨ ᠤ ᠦᠢᠯᠡᠰ ᠤᠨ ᠲᠤᠰᠬᠠᠢ ᠮᠡᠷᠭᠡᠵᠢᠯ ᠤᠨ ᠲᠠᠷᠬᠠᠴᠠ 326᠎ ᠶᠢ ᠨᠡᠭᠡᠭᠡᠵᠦ᠂ ᠲᠤᠰᠬᠠᠢ ᠮᠡᠷᠭᠡᠵᠢᠯ ᠤᠨ

ᠪᠦᠷᠬᠦᠴᠡ ᠶᠢᠨ ᠨᠣᠷᠮ᠎ᠠ 93% ᠬᠦᠷᠪᠡ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ

ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠬᠦᠴᠦᠯᠡᠵᠦ᠂

ᠤᠯᠤᠰ ᠤᠨ ᠴᠠᠬᠢᠯᠭᠠᠨ ᠰᠦᠯᠵᠢᠶᠡᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ

ᠬᠢᠵᠠᠭᠠᠷᠲᠤ ᠺᠣᠮᠫᠠᠨᠢ᠂ ᠰᠢᠨ ᠲᠧ ᠭᠦᠢ᠂ ᠾᠥᠩ ᠶᠤᠸᠠᠨ ᠰᠢᠨ᠎ᠡ ᠮᠠᠲ᠋ᠧᠷᠢᠶᠠᠯ᠂ ᠥᠪᠥᠷ ᠮᠣᠩᠭᠤᠯ ᠤᠨ          

ᠲᠣᠮᠣ ᠠᠰᠠᠷ ᠵᠡᠷᠭᠡ 300 ᠭᠠᠷᠤᠢ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ

ᠠᠵᠢᠯᠯᠠᠬᠤ ᠵᠢᠴᠢ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ 52 ᠲᠥᠷᠥᠯ ᠵᠦᠢᠯ ᠢ

ᠪᠣᠳᠠᠲᠠᠶᠢᠵᠢᠭᠤᠯᠪᠠ᠃ ᠰᠠᠶᠢᠬᠠᠨ ᠲᠣᠭᠤᠷᠢᠭ ᠤᠨ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ

ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠎ ᠤᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ

ᠵᠠᠭᠤᠴᠢᠯᠠᠭᠤᠷ ᠠᠵᠤ ᠦᠢᠯᠡᠳᠪᠦᠷᠢ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢ          

ᠵᠣᠬᠢᠶᠠᠨ ᠪᠠᠶᠢᠭᠤᠯᠵᠤ᠂ ᠠᠵᠤ ᠦᠢᠯᠡᠰ ᠪᠠ ᠴᠢᠳᠠᠪᠤᠷᠢᠲᠠᠨ ᠤ ︽ᠬᠤᠣᠰ ᠴᠢᠭᠯᠡᠯ ᠢᠶᠠᠷ ᠴᠢᠷᠮᠠᠶᠢᠬᠤ︾᠎ ᠶᠢ

ᠪᠡᠶᠡᠯᠡᠭᠦᠯᠪᠡ᠃ ᠶᠠᠷᠢᠶᠠᠨ ᠤ ᠲᠠᠪᠴᠠᠩ ᠤᠨ ᠤᠷᠤᠯᠳᠤᠭᠠᠨ ᠢ ᠢᠳᠡᠪᠬᠢᠲᠡᠢ ᠡᠷᠬᠢᠯᠡᠵᠦ᠂ ︽ᠰᠢᠨ᠎ᠡ ᠴᠠᠭ ᠦᠶ᠎ᠡ

ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠬᠠᠭᠤᠳᠠᠰᠤ - ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ 2023

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠢ ᠡᠷᠬᠢᠯᠡᠵᠦ᠂ ᠠᠩᠬᠠᠳᠤᠭᠠᠷ

ᠬᠤᠭᠤᠴᠠᠭᠠᠨ ᠤ ︽ᠴᠢᠳᠠᠪᠤᠷᠢᠲᠠᠨ ᠴᠤᠭᠯᠠᠷᠠᠨ ᠬᠤᠲᠠ ᠶᠢ ᠬᠥᠭᠵᠢᠭᠦᠯᠦᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠢᠶᠠᠷ ᠡᠨᠧᠷᠭᠢ ᠣᠯᠭᠤᠵᠤ ᠬᠠᠮᠵᠢᠯᠴᠠᠨ ᠬᠥᠭᠵᠢᠭᠦᠯᠬᠦ︾ ᠬᠥᠬᠡᠬᠤᠲᠠ·ᠪᠤᠭᠤᠲᠤ ᠬᠤᠲᠠ ᠶᠢᠨ ᠳᠤᠮᠳᠠ

ᠵᠡᠷᠭᠡ ᠶᠢᠨ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶᠎ ᠤᠨ ᠰᠤᠷᠭᠠᠭᠤᠯᠢ ᠵᠢᠴᠢ ᠠᠵᠤ ᠠᠬᠤᠶᠢᠯᠠᠯ ᠠᠵᠢᠯ

ᠦᠢᠯᠡᠰ ᠤᠨ ᠨᠢᠭᠡᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠢᠯᠭ᠎ᠠ ᠶᠢᠨ ᠤᠷᠤᠯᠳᠤᠭᠠᠨ ᠢ

ᠠᠮᠵᠢᠯᠲᠠ ᠲᠠᠢ ᠡᠷᠬᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠶ᠎ᠡ ᠪᠠᠨ ᠳᠠᠭᠠᠭᠠᠵᠤ ᠴᠢᠳᠠᠪᠤᠷᠢᠲᠠᠨ

ᠬᠥᠮᠦᠵᠢᠭᠦᠯᠬᠦ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠯ ᠬᠥᠭᠵᠢᠯᠲᠡ ᠶᠢ  ᠠᠬᠢᠭᠤᠯᠵᠤ᠂ ᠭᠠᠵᠠᠷ

ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠬᠦ

ᠬᠦᠴᠦᠨ ᠨᠡᠮᠡᠷᠢᠯᠡᠪᠡ᠃

 

2.webp.jpg

3.png

      ᠡᠨᠡ ᠤᠳᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ︽ᠭᠠᠷ ᠤᠨ ᠡᠷᠳᠡᠮ ᠨᠠᠰᠤᠨ ᠤ ᠲᠦᠰᠢᠭ︾᠎ ᠢᠶᠠᠷ

ᠭᠤᠣᠯ ᠰᠡᠳᠦᠪ ᠪᠣᠯᠭᠠᠵᠤ᠂ ᠬᠥᠬᠡᠬᠤᠲᠠ ᠠᠵᠢᠯᠯᠠᠭᠠᠨ ᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂

︽ᠲᠠᠪᠤ ᠶᠢ ᠣᠷᠣᠭᠤᠯᠬᠤ︾᠂ ︽ᠳᠤᠮᠳᠠ ᠳᠡᠭᠡᠳᠦ ᠳᠡᠰ ᠤᠨ ᠠᠵᠤ ᠠᠬᠤᠶᠢᠯᠠᠯ︾᠎ ᠤᠨ ᠴᠢᠳᠠᠪᠤᠷᠢᠲᠠᠨ ᠢ

ᠨᠡᠪᠲᠡᠷᠡᠭᠦᠯᠦᠨ ᠬᠥᠮᠦᠵᠢᠭᠦᠯᠵᠦ ᠬᠠᠷᠢᠯᠴᠠᠨ ᠰᠤᠷᠪᠤᠯᠵᠢᠯᠠᠵᠤ ᠬᠠᠮᠲᠤ ᠳᠤ ᠪᠠᠨ ᠪᠠᠶᠢᠭᠤᠯᠬᠤ ᠠᠵᠢᠯᠯᠠᠭ᠎ᠠ᠂ ᠠᠵᠢᠯ

ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠥᠵᠢᠯ ᠢ ᠨᠡᠪᠲᠡᠷᠡᠭᠦᠯᠦᠨ ︽ᠬᠤᠶᠠᠷ ᠢ          

ᠣᠷᠣᠭᠤᠯᠬᠤ︾ ᠤᠬᠠᠭᠤᠯᠭ᠎ᠠ᠂ ︽ᠤᠮᠠᠷᠠᠲᠤ ᠬᠢᠯᠢ ᠶᠢᠨ ᠤᠷᠠᠨ ᠳᠠᠷᠬᠠᠨ︾ ︽ᠠᠵᠤ ᠦᠢᠯᠡᠰ ᠤᠨ

ᠵᠢᠯᠣᠭᠤᠳᠣᠭᠴᠢ ᠪᠠᠭᠰᠢ︾ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ︾᠎ ᠤ

ᠰᠤᠷᠭᠠᠭᠤᠯᠢ ᠶᠢᠨ ᠬᠦᠷᠢᠶᠡᠨ ᠤ ᠰᠢᠷᠢᠰ ᠤᠬᠠᠭᠤᠯᠤᠨ ᠲᠠᠶᠢᠯᠪᠤᠷᠢᠯᠠᠬᠤ᠂ ᠳᠦᠷᠰᠦ ᠰᠢᠩᠭᠡᠭᠡᠬᠦ᠂ ᠵᠣᠬᠢᠶᠠᠯ  ᠡᠯᠰᠡᠨ

︽ᠡᠭᠦᠯᠡᠨ ᠳᠤ ᠰᠢᠯᠭᠠᠷᠠᠭᠤᠯᠬᠤ︾᠂ ︽ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠬᠤ︾᠎ ᠪᠠᠷ ᠠᠵᠢᠯ

ᠣᠯᠭᠤᠯᠲᠠ ᠶᠢ ᠠᠬᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠨᠡᠶᠢᠭᠡᠮ ᠳᠤ ᠦᠢᠯᠡᠴᠢᠯᠡᠭᠦᠯᠬᠦ᠂

ᠰᠢᠯᠢᠳᠡᠭ ᠲᠡᠭᠦᠰᠦᠭᠰᠡᠳ ᠤᠨ ᠰᠤᠷᠭᠠᠭᠤᠯᠢ ᠳᠤ ᠪᠠᠨ ᠪᠤᠴᠠᠵᠤ ᠤᠬᠠᠭᠤᠯᠤᠨ ᠲᠠᠶᠢᠯᠪᠤᠷᠢᠯᠠᠬᠤ ᠵᠡᠷᠭᠡ ᠰᠢᠷᠢᠰ

ᠠᠵᠢᠯᠯᠠᠭ᠎ᠠ ᠶᠢ ᠥᠷᠨᠢᠭᠦᠯᠪᠡ᠃ ᠪᠦᠬᠦ ᠬᠤᠲᠠ ᠶᠢᠨ ᠡᠯ᠎ᠡ ᠠᠵᠢᠯ ᠮᠡᠷᠭᠡᠵᠢᠯ ᠤᠨ ᠰᠤᠷᠭᠠᠭᠤᠯᠢ ᠢᠳᠡᠪᠬᠢᠲᠡᠢ

ᠴᠤᠤᠷᠢᠶᠠᠲᠤᠨ ᠳᠠᠭᠠᠵᠤ᠂ ᠥᠪᠡᠷ ᠪᠡᠶ᠎ᠡ ᠶᠢᠨ ᠣᠨᠴᠠᠯᠢᠭ ᠢᠶᠠᠨ ᠭᠦᠢᠴᠡᠳ ᠪᠠᠳᠠᠷᠠᠭᠤᠯᠤᠨ᠂ ᠦᠷ᠎ᠡ ᠪᠦᠲᠦᠮᠵᠢ ᠲᠠᠢ

ᠰᠢᠷᠢᠰ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠬᠠᠷᠢᠯᠴᠠᠨ ᠰᠤᠷᠪᠤᠯᠵᠢᠯᠠᠬᠤ᠂

ᠶᠠᠷᠢᠯᠴᠠᠨ ᠰᠤᠳᠤᠯᠬᠤ ᠪᠠ ᠠᠵᠢᠯ ᠣᠯᠭᠤᠬᠤ ᠭᠡᠷ᠎ᠡ ᠲᠣᠭᠲᠠᠬᠤ ᠶᠣᠰᠣᠯᠠᠯ ᠢ ᠡᠷᠬᠢᠯᠡᠬᠦ ᠪᠠᠷ ᠳᠠᠮᠵᠢᠭᠤᠯᠤᠨ᠂

ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠬᠠᠮᠵᠢᠯᠴᠠᠨ ᠠᠬᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂

ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ

ᠠᠬᠢᠭᠤᠯᠪᠠ᠃ ᠤᠷᠠᠨ ᠳᠠᠷᠬᠠᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠰᠢᠯᠢᠳᠡᠭ ᠲᠡᠭᠦᠰᠦᠭᠰᠡᠳ ᠢ

ᠰᠤᠷᠭᠠᠭᠤᠯᠢ ᠳᠤ ᠤᠷᠢᠵᠤ ᠲᠠᠶᠢᠯᠤᠮᠵᠢ ᠬᠢᠯᠭᠡᠬᠦ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠤᠭᠴᠢᠳ ᠢ

ᠬᠠᠪᠰᠤᠷᠤᠨ ᠠᠵᠢᠯ ᠮᠡᠷᠭᠡᠵᠢᠯ ᠤᠨ ᠤᠭ ᠰᠠᠨᠠᠭ᠎ᠠ ᠶᠢ ᠪᠠᠲᠤᠳᠬᠠᠵᠤ᠂ ᠠᠯᠤᠰ ᠬᠡᠳᠦ ᠶᠢᠨ ᠬᠦᠰᠡᠯᠡᠩ ᠢ

ᠬᠥᠮᠥᠵᠢᠭᠦᠯᠪᠡ᠃ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ

ᠣᠴᠢᠭᠤᠯᠵᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠎ ᠤᠨ ᠨᠡᠶᠢᠭᠡᠮ ᠤᠨ ᠦᠢᠯᠡᠴᠢᠯᠡᠭᠡᠨ ᠤ ᠬᠦᠴᠦᠨ ᠢ ᠲᠠᠰᠤᠷᠠᠯᠲᠠ ᠤᠢᠭᠡᠢ ᠪᠠᠳᠠᠷᠠᠭᠤᠯᠪᠠ᠃ ᠤᠷ᠎ᠠ

ᠴᠢᠳᠠᠪᠤᠷᠢ ᠶᠢᠨ ᠤᠷᠤᠯᠳᠤᠭᠠᠨ᠂ ᠵᠣᠬᠢᠶᠠᠯ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ

ᠳᠠᠮᠵᠢᠭᠤᠯᠤᠨ᠂ ᠰᠤᠷᠤᠭᠴᠢᠳ ᠤᠨ ᠰᠤᠷᠤᠯᠴᠠᠬᠤ ᠤᠷᠮ᠎ᠠ ᠶᠢ ᠲᠠᠰᠤᠷᠠᠯᠲᠠ ᠥᠬᠡᠶ ᠬᠥᠭᠵᠢᠭᠡᠵᠦ᠂ ᠰᠤᠷᠭᠠᠭᠤᠯᠢ ᠶᠢᠨ

ᠠᠭᠤᠯᠤᠭᠳᠠᠬᠤᠨ ᠤ ᠬᠥᠭᠵᠢᠯᠲᠡ ᠶᠢ ᠳᠡᠭᠡᠭᠰᠢᠯᠡᠭᠦᠯᠪᠡ᠃ ᠠᠵᠢᠯᠯᠠᠭᠠᠨ ᠤ ᠬᠤᠭᠤᠴᠠᠭᠠᠨ ᠳᠤ᠂ ᠣᠯᠠᠨ ᠲᠥᠷᠥᠯ ᠤᠨ᠂

ᠭᠤᠶᠢᠳᠠ ᠰᠠᠶᠢᠬᠠᠨ ᠠᠵᠢᠯᠯᠠᠭᠠᠨ ᠤ ᠠᠭᠤᠯᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠠᠵᠢᠯ ᠮᠡᠷᠭᠡᠵᠢᠯ ᠤᠨ

ᠰᠤᠷᠭᠠᠭᠤᠯᠢ ᠶᠢᠨ ᠬᠥᠮᠦᠨ ᠬᠥᠮᠦᠵᠢᠭᠦᠯᠦᠭᠰᠡᠨ ᠦᠷ᠎ᠡ ᠪᠥᠲᠦᠮᠵᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠤᠷᠤᠭᠴᠢᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠦᠢᠴᠡᠳ ᠬᠠᠷᠠᠭᠤᠯᠵᠤ᠂ ︽ᠬᠥᠳᠡᠯᠮᠦᠷᠢ ᠢᠷᠠᠭᠤ

ᠠᠯᠳᠠᠷᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ︾ ᠭᠡᠬᠦ ᠴᠠᠭ ᠦᠶ᠎ᠡ ᠶᠢᠨ

ᠬᠡᠪ ᠰᠤᠷᠲᠠᠯ ᠢ ᠲᠠᠰᠤᠷᠠᠯᠲᠠ ᠥᠬᠡᠶ ᠪᠠᠳᠠᠷᠠᠭᠤᠯᠤᠨ᠂ ᠨᠡᠶᠢᠭᠡᠮ ᠳᠠᠶᠠᠭᠠᠷ ᠢᠶᠠᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ

ᠪᠣᠯᠭᠠᠪᠠ᠃

4.png

   

5.png

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号