ᠬᠥᠬᠡᠬᠤᠲᠠ ᠶᠢᠨ 2024 ᠣᠨ ᠤ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠰᠠᠷ᠎ᠠ ᠡᠬᠢᠯᠡᠪᠡ
ᠨᠡᠶᠢᠲᠡᠯᠡᠭᠰᠡᠨ ᠴᠠᠭ᠄
2024/5/29
      5 ᠳ᠋ᠤᠭᠠᠷ ᠰᠠᠷ᠎ᠠ ᠶᠢᠨ 17᠎ ᠤ ᠡᠳᠦᠷ᠂ ᠬᠥᠬᠡᠬᠤᠲᠠ ᠶᠢᠨ 2024 ᠣᠨ ᠤ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠶᠣᠰᠣ ᠰᠤᠷᠲᠠᠬᠤᠨ ᠤ ᠬᠥᠮᠦᠵᠢᠯ ᠤᠨ ᠭᠤᠣᠯᠯᠠᠭᠴᠢ ᠪᠠᠭᠰᠢ ᠶᠢᠨ ᠪᠣᠯᠪᠠᠰᠤᠷᠠᠯ ᠤᠨ ᠬᠤᠷᠠᠯ ᠢ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠡᠷᠬᠢᠯᠡᠪᠡ᠃ ᠡᠨᠡ ᠤᠳᠠᠭᠠᠨ ᠤ ᠠᠵᠢᠯᠯᠠᠭ᠎ᠠ ᠪᠣᠯ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠨ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠡᠮᠴᠢᠯᠡᠭᠡ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠢᠨ ᠬᠠᠮᠵᠢᠯᠴᠠᠬᠤ᠂ ᠭᠡᠷ ᠪᠦᠯᠢ ᠰᠤᠷᠭᠠᠭᠤᠯᠢ ᠨᠡᠶᠢᠭᠡᠮ ᠬᠠᠮᠲᠤ ᠳᠤ ᠪᠠᠨ ᠪᠤᠶᠢᠵᠢᠭᠤᠯᠬᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠬᠡᠬᠤᠲᠠ ᠶᠢᠨ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠬᠠᠮᠠᠭᠠᠯᠠᠬᠤ ᠶᠢᠨ ᠲᠥᠯᠥᠭᠡ ᠶᠤᠮ᠃      ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠣᠶᠤᠨ ᠤ ᠪᠣᠯᠪᠠᠰᠤᠨ ᠎ ᠤ ᠪᠠᠶᠢᠭᠤᠯᠤᠯᠲᠠ ᠶᠢᠨ ᠲᠥᠪ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠎ ᠤᠨ ᠬᠢᠨ ᠬᠠᠮᠲᠤ ᠳᠤ ᠪᠠᠨ ︽ᠬᠥᠬᠡᠬᠤᠲᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠤᠩᠬᠠᠭ︾᠎ ᠢ ᠨᠡᠶᠢᠲᠡᠯᠡᠪᠡ᠃ ︽ᠲᠤᠩᠬᠠᠭ︾᠎ ᠲᠤ᠂ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ︽ᠰᠡᠳᠬᠢᠯ ᠨᠢᠭᠡᠲᠡᠨ ᠤ ᠬᠤᠯᠪᠣᠭ᠎ᠠ︾᠎ ᠶᠢ ᠬᠠᠮᠲᠤ ᠳᠤ ᠪᠠᠨ ᠪᠠᠶᠢᠭᠤᠯᠵᠤ᠂ ᠤᠭ ᠰᠠᠨᠠᠭ᠎ᠠ ᠶᠢ ᠰᠠᠬᠢᠵᠤ ᠢᠷᠡᠭᠡᠳᠦᠢ ᠶᠢ ᠬᠠᠮᠲᠤ ᠳᠤ ᠪᠠᠨ ᠴᠣᠭᠴᠠᠯᠠᠨ᠂ ᠤᠷᠠᠨ ᠳᠠᠷᠬᠠᠨ ᠤ ᠰᠡᠳᠬᠢᠯ ᠢ ᠪᠣᠯᠪᠠᠰᠤᠷᠠᠭᠤᠯᠵᠤ ᠡᠨᠧᠷᠭᠢ ᠣᠯᠭᠤᠬᠤ ᠳᠤ ᠬᠦᠴᠦᠨ ᠨᠡᠮᠡᠷᠢᠯᠡᠵᠦ᠂ ᠦᠨᠡᠨ ᠰᠡᠳᠬᠢᠯ ᠠᠴᠠ ᠪᠠᠨ ᠬᠠᠷᠢᠯᠴᠠᠨ ᠳᠡᠮᠵᠢᠵᠦ᠂ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃   

1.jpg

      ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠲᠠᠷᠢᠬᠢᠨ ᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ

ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠠᠨᠠᠭᠠᠬᠤ

ᠤᠬᠠᠭᠠᠨ ᠪᠠ ᠰᠤᠷᠭᠠᠨ ᠬᠥᠮᠦᠵᠢᠯ ᠬᠠᠮᠵᠢᠯᠴᠠᠵᠤ᠂ ᠰᠤᠷᠭᠠᠭᠤᠯᠢ ᠪᠠ ᠣᠷᠣᠨ ᠨᠤᠲᠤᠭ ᠬᠠᠮᠲᠤᠷᠠᠯᠴᠠᠬᠤ ᠴᠠᠬᠤᠪᠴᠢ

ᠬᠡᠯᠡᠯᠴᠡᠭᠡᠷ ᠲᠣᠭᠲᠠᠵᠤ᠂ ︽ᠰᠠᠭᠠᠳ ᠦᠭᠡᠢ ᠨᠡᠪᠲᠡᠷᠡᠬᠦ ᠵᠠᠮ︾᠎ ᠢ ᠰᠢᠯᠵᠢᠭᠦᠯᠦᠨ ᠲᠠᠨᠢᠯᠴᠠᠭᠤᠯᠬᠤ᠂ ᠲᠤᠰᠬᠠᠢ

ᠮᠡᠷᠭᠡᠵᠢᠯ ᠤᠨ ᠣᠨᠴᠠᠭᠠᠢ ᠬᠡᠷᠡᠭ ᠢ ᠬᠢᠨᠠᠨ ᠵᠢᠯᠣᠭᠤᠳᠬᠤ᠂ ᠪᠠᠭᠰᠢ ᠶᠢᠨ ᠲᠤᠰᠬᠠᠢ ᠰᠡᠳᠦᠪᠲᠦ ᠪᠣᠯᠪᠠᠰᠤᠷᠠᠯ ᠬᠢᠬᠦ᠂

ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ᠂ ᠡᠷᠳᠡᠮ ᠰᠢᠨᠵᠢᠯᠡᠭᠡᠨ ᠤ ᠬᠠᠮᠲᠤᠷᠠᠯᠴᠠᠭᠠᠨ ᠤ ᠵᠢᠯᠣᠭᠤᠳᠣᠯᠭ᠎ᠠ᠂

ᠪᠠᠭᠰᠢ ᠶᠢᠨ ᠬᠠᠶᠢᠷ᠎ᠠ ᠬᠠᠯᠠᠮᠵᠢ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠥᠬᠡᠬᠤᠲᠠ ᠶᠢᠨ

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠳᠤ ᠬᠦᠴᠦᠨ ᠨᠡᠮᠡᠷᠢᠯᠡᠪᠡ᠃

   

2.jpg

      ᠬᠤᠲᠠ ᠶᠢᠨ ᠳᠡᠰ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠵᠢᠯᠣᠭᠤᠳᠬᠤ ᠥᠷᠲᠡᠭᠡᠨ ᠤ

ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠥᠷᠭᠡᠨ ᠣᠯᠠᠨ ᠪᠠᠭᠰᠢ ᠰᠤᠷᠤᠭᠴᠢ ᠭᠡᠷ ᠤᠨ ᠠᠬᠠᠮᠠᠳ ᠲᠤ

ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠪᠠ ᠰᠡᠳᠬᠢᠴᠡ ᠶᠢᠨ ᠲᠤᠰᠠᠯᠠᠮᠵᠢ ᠳᠡᠮᠵᠢᠯᠭᠡ ᠬᠠᠩᠭᠠᠬᠤ ᠶᠢᠨ

ᠲᠥᠯᠥᠭᠡ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 7 ᠰᠠᠯᠠᠭ᠎ᠠ ᠮᠥᠴᠢᠷ ᠪᠠ ᠨᠢᠭᠡᠴᠢ ᠠᠴᠠ

ᠢᠷᠡᠭᠰᠡᠨ 50 ᠰᠢᠯᠢᠳᠡᠭ ᠴᠢᠳᠠᠪᠤᠷᠢᠲᠠᠨ ᠢ ᠤᠷᠢᠵᠤ᠂ ᠬᠤᠲᠠ ᠶᠢᠨ ᠳᠡᠰ ᠤᠨ ᠰᠡᠳᠬᠢᠴᠡ ᠶᠢᠨ ᠡᠷᠡᠭᠦᠯ          

ᠮᠡᠨᠳᠦ ᠶᠢ ᠬᠠᠪᠰᠤᠷᠤᠨ ᠵᠢᠯᠣᠭᠤᠳᠬᠤ ᠥᠷᠲᠡᠭᠡᠨ ᠤ ᠲᠤᠰᠬᠠᠢ ᠮᠡᠷᠭᠡᠵᠢᠯᠲᠡᠨ ᠤ ᠪᠦᠯᠬᠦᠮ ᠤᠨ ᠬᠡᠰᠢᠭᠦᠨ          

ᠪᠣᠯᠭᠠᠪᠠ᠃ ᠬᠥᠬᠡᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ ᠵᠠᠯᠠᠭᠤᠴᠤᠳ ᠪᠠᠭᠠᠴᠤᠳ ᠤᠨ ᠠᠵᠢᠯ ᠤᠨ

ᠰᠠᠯᠠᠭᠠᠨ ᠤ ᠳᠠᠷᠤᠭ᠎ᠠ ᠵᠣᠣ ᡁᠢ ᠮᠢᠨ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ

ᠨᠢᠦ ᠵᠢᠶᠧ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃

   

3.jpg

      ᠠᠵᠢᠯᠯᠠᠭᠠᠨ ᠤ ᠶᠠᠪᠤᠴᠠ ᠳᠤ᠂ ᠰᠢᠨ᠎ᠡ ᠬᠤᠲᠠ ᠲᠣᠭᠤᠷᠢᠭ ᠤᠨ ᠯᠦᠸᠧ ᠹᠧᠩ ᠵᠡᠭᠡᠯᠢ ᠶᠢᠨ ᠪᠠᠭ᠎ᠠ

ᠰᠤᠷᠭᠠᠭᠤᠯᠢ ᠶᠢᠨ ᠵᠢᠷᠭᠤᠳᠤᠭᠠᠷ ᠣᠨ ᠤ ᠰᠤᠷᠤᠭᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

2023 ᠣᠨ ᠤ ᠰᠡᠳᠬᠢᠴᠡ ᠶᠢᠨ ᠦᠵᠡᠭᠳᠡᠯᠲᠦ ᠵᠦᠴᠦᠭᠡ ᠶᠢᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ

ᠨᠢᠭᠡᠳᠦᠭᠡᠷ ᠳᠡᠰ ᠤᠨ ᠱᠠᠩᠨᠠᠯ ᠣᠯᠣᠭᠰᠠᠨ ᠪᠦᠲᠦᠭᠡᠯ - ︽ᠣᠨᠴᠠᠭᠠᠢ ᠰᠥᠰᠥ ᠵᠣᠷᠢᠭ︾᠎ ᠢ ᠰᠣᠨᠢᠷᠬᠠᠭᠤᠯᠪᠠ᠃

   

4.jpg

      ᠥᠪᠡᠷᠲᠡᠭᠡᠨ ᠵᠠᠰᠠᠬᠤ ᠣᠷᠣᠨ ᠤ ᠲᠠᠷᠢᠬᠢᠨ ᠤ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠠᠷᠠᠳ ᠤᠨ

ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠬᠡᠬᠤᠲᠠ ᠶᠢᠨ ᠰᠢᠨ᠎ᠡ

ᠬᠤᠲᠠ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠬᠥᠬᠡᠬᠤᠲᠠ ᠶᠢᠨ

ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠨ ︽︿ᠪᠥᠯᠬᠦᠮᠳᠡᠯ ᠡᠶ᠎ᠡ

ᠵᠣᠬᠢᠴᠠᠯ﹀᠎ ᠢ ᠬᠠᠮᠲᠤ ᠳᠤ ᠪᠠᠨ ᠵᠢᠷᠤᠭᠯᠠᠵᠤ᠂ ︿ᠰᠢᠨ᠎ᠡ ᠥᠰᠦᠨ ᠪᠣᠶᠢᠵᠢᠯᠲᠠ﹀᠎ ᠳᠤ ᠡᠨᠧᠷᠭᠢ ᠣᠯᠭᠤᠬᠤ︾ ᠭᠡᠬᠦ

ᠭᠤᠣᠯ ᠰᠡᠳᠦᠪᠲᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠢᠴᠢᠯ ᠶᠠᠷᠢᠶᠠᠨ ᠤ ᠲᠠᠪᠴᠠᠩ ᠢ

ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠥᠪᠯᠡᠬᠦ ᠰᠡᠳᠦᠪ ᠤᠨ ᠲᠤᠬᠠᠢ ᠭᠦᠨᠵᠡᠭᠡᠢ

ᠰᠣᠯᠢᠯᠴᠠᠨ ᠶᠠᠷᠢᠯᠴᠠᠪᠠ᠃

   

5.jpg

      ᠠᠵᠢᠯᠯᠠᠭ᠎ᠠ ᠳᠤ ᠪᠠᠰᠠ ᠥᠪᠡᠷᠲᠡᠭᠡᠨ ᠵᠠᠰᠠᠬᠤ ᠣᠷᠣᠨ ᠤ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠬᠤ ᠶᠢ

ᠰᠤᠳᠤᠯᠤᠭᠴᠢ ᠯᠢᠦ ᠴᠦᠨ ᠵᠢᠶᠠᠨ ᠪᠠᠭᠰᠢ ᠶᠢ ᠤᠷᠢᠵᠤ ︽ᠭᠡᠷ ᠤᠨ ᠠᠬᠠᠮᠠᠳ ᠤᠨ ᠬᠢᠴᠢᠶᠡᠯ ᠢ ᠶᠠᠭᠠᠬᠢᠵᠤ ᠰᠠᠶᠢᠲᠤᠷ

ᠶᠠᠷᠢᠬᠤ ᠪᠣᠢ︾ ᠭᠡᠬᠦ ᠲᠠᠶᠢᠯᠤᠮᠵᠢ ᠬᠢᠯᠭᠡᠵᠡᠢ᠃

   

6.jpg

      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠬᠢᠨ ᠤ ᠡᠮᠨᠡᠯᠭᠡ ᠶᠢᠨ

ᠬᠤᠷᠢᠶ᠎ᠠ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠨ ᠤ ᠪᠦᠯᠬᠦᠮ᠂ ᠬᠥᠬᠡᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠎ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ

ᠬᠤᠷᠢᠶ᠎ᠠ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠥᠪ᠂ ᠬᠤᠲᠠ ᠶᠢᠨ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠎ ᠶᠢᠨ ᠠᠷᠠᠳ ᠤᠨ

ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ

ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠡᠪᠯᠡᠯ ᠤᠨ ᠬᠤᠷᠢᠶᠠᠨ ᠤ ᠬᠤᠪᠢᠳᠠᠨ ᠬᠠᠮᠢᠶᠠᠷᠬᠤ

ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ ᠡᠯ᠎ᠡ ᠬᠤᠰᠢᠭᠤ

ᠰᠢᠶᠠᠨ ᠲᠣᠭᠤᠷᠢᠭ ᠤᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ᠂ ᠶᠣᠰᠣ ᠰᠤᠷᠲᠠᠬᠤᠨ ᠤ ᠬᠥᠮᠦᠵᠢᠯ ᠤᠨ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ᠂ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠬᠤ ᠶᠢ ᠰᠤᠳᠤᠯᠤᠭᠴᠢ᠂ ᠠᠵᠤ ᠠᠬᠤᠢ

ᠮᠡᠷᠭᠡᠵᠢᠯ ᠤᠨ ᠨᠡᠭᠡᠭᠡᠯᠲᠡᠲᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ᠂ ᠡᠯ᠎ᠡ

ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠤᠳᠤᠷᠢᠳᠤᠯᠭ᠎ᠠ ᠪᠠᠭᠰᠢ᠂ ᠬᠥᠬᠡᠬᠤᠲᠠ ᠶᠢᠨ ᠨᠢᠭᠡᠳᠦᠭᠡᠷ

ᠳᠤᠮᠳᠠᠳᠤ ᠰᠤᠷᠭᠠᠭᠤᠯᠢ ᠶᠢᠨ ᠭᠡᠷ ᠤᠨ ᠠᠬᠠᠮᠠᠳ ᠤᠨ ᠲᠥᠯᠥᠭᠡᠯᠡᠭᠴᠢ 400 ᠰᠢᠬᠠᠮ ᠬᠥᠮᠦᠨ ᠠᠵᠢᠯᠯᠠᠭ᠎ᠠ ᠳᠤ

ᠣᠷᠣᠯᠴᠠᠵᠠᠢ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号