5 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ | ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠰᠣᠶᠣᠯ ᠤᠷᠠᠯᠢᠭ ᠤᠨ ᠠᠵᠢᠯ ᠮᠡᠷᠭᠡᠵᠢᠯ ᠤᠨ ᠰᠤᠷᠭᠠᠭᠤᠯᠢ ᠳᠤ | ᠶᠠᠪᠤᠭᠳᠠᠪᠠ᠃ | | | | | | ᠣᠶᠢᠷ᠎ᠠ ᠶᠢᠨ ᠵᠢᠯ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ | ᠲᠦᠪᠰᠢᠨ ᠢᠶᠠᠷ ᠠᠬᠢᠭᠤᠯᠬᠤ ᠶᠢ ᠢᠮᠠᠭᠲᠠ ᠪᠠᠷᠢᠮᠲᠠᠯᠠᠨ᠂ ︽ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠥᠪ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠡᠯᠡ ᠣᠷᠣᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠨᠡᠶᠢᠯᠡᠭᠦᠯᠦᠨ ᠰᠢᠯᠢᠳᠡᠭᠵᠢᠭᠦᠯᠵᠦ᠂ ᠪᠦᠬᠦ ᠬᠤᠲᠠ ᠶᠢᠨ 66 ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢ 35 ᠪᠣᠯᠭᠠᠨ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ︽ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ︾ ᠶᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ 62.3% ᠶᠢ | ᠡᠵᠡᠯᠡᠵᠦ᠂ 6.8% ᠨᠡᠮᠡᠭᠳᠡᠪᠡ︔ ᠰᠢᠭᠤᠳ ᠬᠠᠷᠢᠶ᠎ᠠ ᠠᠯᠪᠠᠨ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ 9.7% ᠨᠡᠮᠡᠭᠳᠡᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠡᠳᠦᠷ ᠢᠷᠡᠬᠦᠶ᠎ᠡ | ᠴᠢᠩᠭᠠᠷᠠᠪᠠ᠃ ᠲᠤᠰᠬᠠᠢ ᠮᠡᠷᠭᠡᠵᠢᠯ ᠤᠨ ᠲᠠᠷᠬᠠᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠤᠷᠭᠠᠨ | ᠬᠥᠮᠦᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ | ᠵᠡᠷᠭᠡ ︽ᠳᠥᠷᠪᠡᠨ ᠬᠡᠯᠬᠢᠶ᠎ᠡ︾ ᠶᠢ ᠠᠭᠤᠰᠬᠠᠨ ᠬᠥᠭᠵᠢᠭᠦᠯᠬᠦ ᠰᠢᠨ᠎ᠡ ᠠᠮᠢ ᠠᠬᠤᠢ ᠶᠢ ᠴᠢᠷᠮᠠᠶᠢᠨ ᠪᠠᠶᠢᠭᠤᠯᠵᠤ᠂ | ᠣᠷᠣᠨ ᠪᠦᠰᠡ ᠶᠢᠨ ᠠᠵᠤ ᠦᠢᠯᠡᠰ ᠤᠨ ᠳᠡᠰ ᠳᠡᠪᠰᠢᠭᠦᠯᠦᠨ ᠬᠡᠯᠪᠡᠷᠢ ᠪᠠᠨ ᠬᠤᠪᠢᠷᠠᠭᠤᠯᠬᠤ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠢᠮᠡᠯ ᠣᠶᠤᠨ ᠪᠣᠯᠤᠨ ᠬᠡᠷᠡᠭᠯᠡᠯᠲᠡ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠠᠵᠢᠯᠯᠠᠭᠤᠯᠬᠤ ᠪᠠ ᠬᠠᠮᠠᠭᠠᠯᠠᠬᠤ ᠵᠡᠷᠭᠡ 10 ᠳᠤᠲᠠᠭᠳᠠᠵᠤ | ᠪᠠᠶᠢᠭ᠎ᠠ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠪᠡ᠃ ᠣᠳᠣ ᠪᠣᠯᠲᠠᠯ᠎ᠠ᠂ ᠪᠦᠬᠦ ᠬᠤᠲᠠ ᠶᠢᠨ ᠰᠤᠷᠤᠭᠴᠢ | ᠤᠷᠢᠬᠤ ᠪᠠᠷ ᠪᠠᠶᠢᠭ᠎ᠠ ᠲᠤᠰᠬᠠᠢ ᠮᠡᠷᠭᠡᠵᠢᠯ ᠤᠨ ᠲᠠᠷᠬᠠᠴᠠ 350 ᠶᠢ ᠳᠡᠩᠰᠡᠯᠡᠵᠦ᠂ ᠡᠭᠦᠨ ᠳᠤ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ 290᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 60 ᠪᠣᠢ᠂ | ᠣᠷᠣᠨ ᠤ ᠲᠥᠪ ᠤᠨ ︽ᠵᠢᠷᠭᠤᠭᠠᠨ ᠶᠡᠭᠡ ᠠᠵᠤ ᠦᠢᠯᠡᠰ ᠤᠨ ᠴᠤᠭᠯᠠᠷᠠᠯ︾ ᠪᠠ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠤᠰᠬᠠᠢ ᠮᠡᠷᠭᠡᠵᠢᠯ ᠤᠨ ᠲᠠᠷᠬᠠᠴᠠ 326 ᠶᠢ ᠨᠡᠭᠡᠭᠡᠵᠦ᠂ ᠲᠤᠰᠬᠠᠢ ᠮᠡᠷᠭᠡᠵᠢᠯ ᠤᠨ | ᠪᠦᠷᠬᠦᠴᠡ ᠶᠢᠨ ᠨᠣᠷᠮ᠎ᠠ 93% ᠬᠦᠷᠪᠡ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠬᠦᠴᠦᠯᠡᠵᠦ᠂ | ᠤᠯᠤᠰ ᠤᠨ ᠴᠠᠬᠢᠯᠭᠠᠨ ᠰᠦᠯᠵᠢᠶᠡᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠬᠢᠵᠠᠭᠠᠷᠲᠤ ᠺᠣᠮᠫᠠᠨᠢ᠂ ᠰᠢᠨ ᠲᠧ ᠭᠦᠢ᠂ ᠾᠥᠩ ᠶᠤᠸᠠᠨ ᠰᠢᠨ᠎ᠡ ᠮᠠᠲ᠋ᠧᠷᠢᠶᠠᠯ᠂ ᠥᠪᠥᠷ ᠮᠣᠩᠭᠤᠯ ᠤᠨ | ᠲᠣᠮᠣ ᠠᠰᠠᠷ ᠵᠡᠷᠭᠡ 300 ᠭᠠᠷᠤᠢ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ | ᠠᠵᠢᠯᠯᠠᠬᠤ ᠵᠢᠴᠢ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ 52 ᠲᠥᠷᠥᠯ ᠵᠦᠢᠯ ᠢ | ᠪᠣᠳᠠᠲᠠᠶᠢᠵᠢᠭᠤᠯᠪᠠ᠃ ᠰᠠᠶᠢᠬᠠᠨ ᠲᠣᠭᠤᠷᠢᠭ ᠤᠨ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ | ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ | ᠵᠠᠭᠤᠴᠢᠯᠠᠭᠤᠷ ᠠᠵᠤ ᠦᠢᠯᠡᠳᠪᠦᠷᠢ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢ | ᠵᠣᠬᠢᠶᠠᠨ ᠪᠠᠶᠢᠭᠤᠯᠵᠤ᠂ ᠠᠵᠤ ᠦᠢᠯᠡᠰ ᠪᠠ ᠴᠢᠳᠠᠪᠤᠷᠢᠲᠠᠨ ᠤ ︽ᠬᠤᠣᠰ ᠴᠢᠭᠯᠡᠯ ᠢᠶᠠᠷ ᠴᠢᠷᠮᠠᠶᠢᠬᠤ︾ ᠶᠢ | ᠪᠡᠶᠡᠯᠡᠭᠦᠯᠪᠡ᠃ ᠶᠠᠷᠢᠶᠠᠨ ᠤ ᠲᠠᠪᠴᠠᠩ ᠤᠨ ᠤᠷᠤᠯᠳᠤᠭᠠᠨ ᠢ ᠢᠳᠡᠪᠬᠢᠲᠡᠢ ᠡᠷᠬᠢᠯᠡᠵᠦ᠂ ︽ᠰᠢᠨ᠎ᠡ ᠴᠠᠭ ᠦᠶ᠎ᠡ | ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠬᠠᠭᠤᠳᠠᠰᠤ - ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠢ ᠡᠷᠬᠢᠯᠡᠵᠦ᠂ ᠠᠩᠬᠠᠳᠤᠭᠠᠷ | ᠬᠤᠭᠤᠴᠠᠭᠠᠨ ᠤ ︽ᠴᠢᠳᠠᠪᠤᠷᠢᠲᠠᠨ ᠴᠤᠭᠯᠠᠷᠠᠨ ᠬᠤᠲᠠ ᠶᠢ ᠬᠥᠭᠵᠢᠭᠦᠯᠦᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠡᠨᠧᠷᠭᠢ ᠣᠯᠭᠤᠵᠤ ᠬᠠᠮᠵᠢᠯᠴᠠᠨ ᠬᠥᠭᠵᠢᠭᠦᠯᠬᠦ︾ ᠬᠥᠬᠡᠬᠤᠲᠠ·ᠪᠤᠭᠤᠲᠤ ᠬᠤᠲᠠ ᠶᠢᠨ ᠳᠤᠮᠳᠠ | ᠵᠡᠷᠭᠡ ᠶᠢᠨ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ ᠰᠤᠷᠭᠠᠭᠤᠯᠢ ᠵᠢᠴᠢ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠢᠯᠭ᠎ᠠ ᠶᠢᠨ ᠤᠷᠤᠯᠳᠤᠭᠠᠨ ᠢ | ᠠᠮᠵᠢᠯᠲᠠ ᠲᠠᠢ ᠡᠷᠬᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠶ᠎ᠡ ᠪᠠᠨ ᠳᠠᠭᠠᠭᠠᠵᠤ ᠴᠢᠳᠠᠪᠤᠷᠢᠲᠠᠨ | ᠬᠥᠮᠦᠵᠢᠭᠦᠯᠬᠦ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠯ ᠬᠥᠭᠵᠢᠯᠲᠡ ᠶᠢ ᠠᠬᠢᠭᠤᠯᠵᠤ᠂ ᠭᠠᠵᠠᠷ | ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠪᠡ᠃ | | | | | | | | | ᠡᠨᠡ ᠤᠳᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ︽ᠭᠠᠷ ᠤᠨ ᠡᠷᠳᠡᠮ ᠨᠠᠰᠤᠨ ᠤ ᠲᠦᠰᠢᠭ︾ ᠢᠶᠠᠷ | ᠭᠤᠣᠯ ᠰᠡᠳᠦᠪ ᠪᠣᠯᠭᠠᠵᠤ᠂ ᠬᠥᠬᠡᠬᠤᠲᠠ ᠠᠵᠢᠯᠯᠠᠭᠠᠨ ᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ︽ᠲᠠᠪᠤ ᠶᠢ ᠣᠷᠣᠭᠤᠯᠬᠤ︾᠂ ︽ᠳᠤᠮᠳᠠ ᠳᠡᠭᠡᠳᠦ ᠳᠡᠰ ᠤᠨ ᠠᠵᠤ ᠠᠬᠤᠶᠢᠯᠠᠯ︾ ᠤᠨ ᠴᠢᠳᠠᠪᠤᠷᠢᠲᠠᠨ ᠢ | ᠨᠡᠪᠲᠡᠷᠡᠭᠦᠯᠦᠨ ᠬᠥᠮᠦᠵᠢᠭᠦᠯᠵᠦ ᠬᠠᠷᠢᠯᠴᠠᠨ ᠰᠤᠷᠪᠤᠯᠵᠢᠯᠠᠵᠤ ᠬᠠᠮᠲᠤ ᠳᠤ ᠪᠠᠨ ᠪᠠᠶᠢᠭᠤᠯᠬᠤ ᠠᠵᠢᠯᠯᠠᠭ᠎ᠠ᠂ ᠠᠵᠢᠯ | ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠥᠵᠢᠯ ᠢ ᠨᠡᠪᠲᠡᠷᠡᠭᠦᠯᠦᠨ ︽ᠬᠤᠶᠠᠷ ᠢ | ᠣᠷᠣᠭᠤᠯᠬᠤ︾ ᠤᠬᠠᠭᠤᠯᠭ᠎ᠠ᠂ ︽ᠤᠮᠠᠷᠠᠲᠤ ᠬᠢᠯᠢ ᠶᠢᠨ ᠤᠷᠠᠨ ᠳᠠᠷᠬᠠᠨ︾ ︽ᠠᠵᠤ ᠦᠢᠯᠡᠰ ᠤᠨ | ᠵᠢᠯᠣᠭᠤᠳᠣᠭᠴᠢ ᠪᠠᠭᠰᠢ︾ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ︾ ᠤ | ᠰᠤᠷᠭᠠᠭᠤᠯᠢ ᠶᠢᠨ ᠬᠦᠷᠢᠶᠡᠨ ᠤ ᠰᠢᠷᠢᠰ ᠤᠬᠠᠭᠤᠯᠤᠨ ᠲᠠᠶᠢᠯᠪᠤᠷᠢᠯᠠᠬᠤ᠂ ᠳᠦᠷᠰᠦ ᠰᠢᠩᠭᠡᠭᠡᠬᠦ᠂ ᠵᠣᠬᠢᠶᠠᠯ ᠡᠯᠰᠡᠨ | ︽ᠡᠭᠦᠯᠡᠨ ᠳᠤ ᠰᠢᠯᠭᠠᠷᠠᠭᠤᠯᠬᠤ︾᠂ ︽ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠬᠤ︾ ᠪᠠᠷ ᠠᠵᠢᠯ | ᠣᠯᠭᠤᠯᠲᠠ ᠶᠢ ᠠᠬᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠨᠡᠶᠢᠭᠡᠮ ᠳᠤ ᠦᠢᠯᠡᠴᠢᠯᠡᠭᠦᠯᠬᠦ᠂ | ᠰᠢᠯᠢᠳᠡᠭ ᠲᠡᠭᠦᠰᠦᠭᠰᠡᠳ ᠤᠨ ᠰᠤᠷᠭᠠᠭᠤᠯᠢ ᠳᠤ ᠪᠠᠨ ᠪᠤᠴᠠᠵᠤ ᠤᠬᠠᠭᠤᠯᠤᠨ ᠲᠠᠶᠢᠯᠪᠤᠷᠢᠯᠠᠬᠤ ᠵᠡᠷᠭᠡ ᠰᠢᠷᠢᠰ | ᠠᠵᠢᠯᠯᠠᠭ᠎ᠠ ᠶᠢ ᠥᠷᠨᠢᠭᠦᠯᠪᠡ᠃ ᠪᠦᠬᠦ ᠬᠤᠲᠠ ᠶᠢᠨ ᠡᠯ᠎ᠡ ᠠᠵᠢᠯ ᠮᠡᠷᠭᠡᠵᠢᠯ ᠤᠨ ᠰᠤᠷᠭᠠᠭᠤᠯᠢ ᠢᠳᠡᠪᠬᠢᠲᠡᠢ | ᠴᠤᠤᠷᠢᠶᠠᠲᠤᠨ ᠳᠠᠭᠠᠵᠤ᠂ ᠥᠪᠡᠷ ᠪᠡᠶ᠎ᠡ ᠶᠢᠨ ᠣᠨᠴᠠᠯᠢᠭ ᠢᠶᠠᠨ ᠭᠦᠢᠴᠡᠳ ᠪᠠᠳᠠᠷᠠᠭᠤᠯᠤᠨ᠂ ᠦᠷ᠎ᠡ ᠪᠦᠲᠦᠮᠵᠢ ᠲᠠᠢ | ᠰᠢᠷᠢᠰ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠬᠠᠷᠢᠯᠴᠠᠨ ᠰᠤᠷᠪᠤᠯᠵᠢᠯᠠᠬᠤ᠂ | ᠶᠠᠷᠢᠯᠴᠠᠨ ᠰᠤᠳᠤᠯᠬᠤ ᠪᠠ ᠠᠵᠢᠯ ᠣᠯᠭᠤᠬᠤ ᠭᠡᠷ᠎ᠡ ᠲᠣᠭᠲᠠᠬᠤ ᠶᠣᠰᠣᠯᠠᠯ ᠢ ᠡᠷᠬᠢᠯᠡᠬᠦ ᠪᠠᠷ ᠳᠠᠮᠵᠢᠭᠤᠯᠤᠨ᠂ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠬᠠᠮᠵᠢᠯᠴᠠᠨ ᠠᠬᠢᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ | ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ | ᠠᠬᠢᠭᠤᠯᠪᠠ᠃ ᠤᠷᠠᠨ ᠳᠠᠷᠬᠠᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠰᠢᠯᠢᠳᠡᠭ ᠲᠡᠭᠦᠰᠦᠭᠰᠡᠳ ᠢ | ᠰᠤᠷᠭᠠᠭᠤᠯᠢ ᠳᠤ ᠤᠷᠢᠵᠤ ᠲᠠᠶᠢᠯᠤᠮᠵᠢ ᠬᠢᠯᠭᠡᠬᠦ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠤᠭᠴᠢᠳ ᠢ | ᠬᠠᠪᠰᠤᠷᠤᠨ ᠠᠵᠢᠯ ᠮᠡᠷᠭᠡᠵᠢᠯ ᠤᠨ ᠤᠭ ᠰᠠᠨᠠᠭ᠎ᠠ ᠶᠢ ᠪᠠᠲᠤᠳᠬᠠᠵᠤ᠂ ᠠᠯᠤᠰ ᠬᠡᠳᠦ ᠶᠢᠨ ᠬᠦᠰᠡᠯᠡᠩ ᠢ | ᠬᠥᠮᠥᠵᠢᠭᠦᠯᠪᠡ᠃ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ | ᠣᠴᠢᠭᠤᠯᠵᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠨᠡᠶᠢᠭᠡᠮ ᠤᠨ ᠦᠢᠯᠡᠴᠢᠯᠡᠭᠡᠨ ᠤ ᠬᠦᠴᠦᠨ ᠢ ᠲᠠᠰᠤᠷᠠᠯᠲᠠ ᠤᠢᠭᠡᠢ ᠪᠠᠳᠠᠷᠠᠭᠤᠯᠪᠠ᠃ ᠤᠷ᠎ᠠ | ᠴᠢᠳᠠᠪᠤᠷᠢ ᠶᠢᠨ ᠤᠷᠤᠯᠳᠤᠭᠠᠨ᠂ ᠵᠣᠬᠢᠶᠠᠯ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ᠂ ᠰᠤᠷᠤᠭᠴᠢᠳ ᠤᠨ ᠰᠤᠷᠤᠯᠴᠠᠬᠤ ᠤᠷᠮ᠎ᠠ ᠶᠢ ᠲᠠᠰᠤᠷᠠᠯᠲᠠ ᠥᠬᠡᠶ ᠬᠥᠭᠵᠢᠭᠡᠵᠦ᠂ ᠰᠤᠷᠭᠠᠭᠤᠯᠢ ᠶᠢᠨ | ᠠᠭᠤᠯᠤᠭᠳᠠᠬᠤᠨ ᠤ ᠬᠥᠭᠵᠢᠯᠲᠡ ᠶᠢ ᠳᠡᠭᠡᠭᠰᠢᠯᠡᠭᠦᠯᠪᠡ᠃ ᠠᠵᠢᠯᠯᠠᠭᠠᠨ ᠤ ᠬᠤᠭᠤᠴᠠᠭᠠᠨ ᠳᠤ᠂ ᠣᠯᠠᠨ ᠲᠥᠷᠥᠯ ᠤᠨ᠂ | ᠭᠤᠶᠢᠳᠠ ᠰᠠᠶᠢᠬᠠᠨ ᠠᠵᠢᠯᠯᠠᠭᠠᠨ ᠤ ᠠᠭᠤᠯᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠬᠥᠮᠦᠨ ᠬᠥᠮᠦᠵᠢᠭᠦᠯᠦᠭᠰᠡᠨ ᠦᠷ᠎ᠡ ᠪᠥᠲᠦᠮᠵᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠤᠭᠴᠢᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠦᠢᠴᠡᠳ ᠬᠠᠷᠠᠭᠤᠯᠵᠤ᠂ ︽ᠬᠥᠳᠡᠯᠮᠦᠷᠢ ᠢᠷᠠᠭᠤ | ᠠᠯᠳᠠᠷᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ︾ ᠭᠡᠬᠦ ᠴᠠᠭ ᠦᠶ᠎ᠡ ᠶᠢᠨ | ᠬᠡᠪ ᠰᠤᠷᠲᠠᠯ ᠢ ᠲᠠᠰᠤᠷᠠᠯᠲᠠ ᠥᠬᠡᠶ ᠪᠠᠳᠠᠷᠠᠭᠤᠯᠤᠨ᠂ ᠨᠡᠶᠢᠭᠡᠮ ᠳᠠᠶᠠᠭᠠᠷ ᠢᠶᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ | | | | | | | | | |