ᠦᠬᠠᠢ ᠬᠤᠲᠠ᠂ ᠠᠯᠠᠱᠠ ᠠᠶᠢᠮᠠᠭ ᠬᠠᠮᠲᠤᠷᠠᠨ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠪᠦᠰᠡ ᠠᠯᠤᠰᠯᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ︽ᠠᠳᠠᠯᠢ ᠰᠡᠳᠦᠪ ᠣᠨᠳᠣᠤ ᠪᠥᠲᠦᠴᠡᠲᠦ︾ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/30
      ᠣᠶᠢᠷ᠎ᠠ ᠳᠤ᠂ ᠦᠬᠠᠢ ᠬᠤᠲᠠ ᠪᠣᠯᠤᠨ ᠠᠯᠠᠱᠠ ᠠᠶᠢᠮᠠᠭ ᠬᠠᠮᠲᠤᠷᠠᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠪᠦᠰᠡ ᠠᠯᠤᠰᠯᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠠᠮᠲᠤ ᠳᠤ ᠪᠠᠨ ᠣᠷᠣᠬᠤ︾ ᠦᠵᠡᠭᠦᠯᠭᠡ ᠶᠢᠨ ᠳᠠᠭᠤᠷᠢᠶᠠᠯ ᠦᠵᠡᠭᠦᠯᠬᠦ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢ ︽ᠠᠳᠠᠯᠢ ᠰᠡᠳᠦᠪ ᠣᠨᠳᠣᠤ ᠪᠥᠲᠦᠴᠡ︾᠎ ᠶᠢᠨ ᠠᠷᠭ᠎ᠠ ᠪᠠᠷ ᠶᠠᠪᠤᠭᠳᠠᠭᠤᠯᠵᠤ᠂ ᠦᠬᠠᠢ ᠬᠤᠲᠠ ᠪᠣᠯᠤᠨ ᠠᠯᠠᠱᠠ ᠠᠶᠢᠮᠠᠭ ᠤᠨ ᠪᠠᠭᠰᠢ ᠨᠠᠷ  ᠬᠠᠮᠲᠤ ᠳᠤ ᠪᠠᠨ ᠦᠵᠡᠭᠦᠯᠭᠡ ᠶᠢᠨ ᠬᠢᠴᠢᠶᠡᠯ ᠢ ᠳᠡᠯᠭᠡᠨ ᠦᠵᠡᠭᠦᠯᠵᠡᠢ᠃ ᠬᠢᠴᠢᠶᠡᠯ ᠤᠨ ᠲᠠᠩᠬᠢᠮ ᠳᠤ᠂ 4 ᠪᠠᠭᠰᠢ ᠠᠷᠠᠳ ᠢᠷᠭᠡᠳ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠠᠷᠢᠭᠤᠴᠠᠯᠭ᠎ᠠ ᠪᠣᠯᠤᠨ ᠡᠭᠦᠷᠭᠡᠯᠡᠯ ᠵᠡᠷᠭᠡ ᠠᠭᠤᠯᠭ᠎ᠠ ᠶᠢᠨ ᠲᠣᠭᠤᠷᠢᠨ ᠳᠤ᠂ ᠵᠢᠭᠠᠬᠤ ᠮᠠᠲ᠋ᠧᠷᠢᠶᠠᠯ ᠢ ᠠᠳᠠᠯᠢ ᠪᠤᠰᠤ ᠪᠠᠷ ᠵᠠᠳᠠᠯᠤᠨ ᠣᠶᠢᠯᠠᠭᠠᠬᠤ᠂ ᠠᠳᠠᠯᠢ ᠪᠤᠰᠤ ᠠᠷᠭ᠎ᠠ ᠪᠣᠳᠣᠯᠭ᠎ᠠ ᠶᠢ ᠰᠣᠩᠭᠤᠬᠤ᠂ ᠠᠳᠠᠯᠢ ᠪᠤᠰᠤ ᠡᠬᠢ ᠪᠠᠶᠠᠯᠢᠭ ᠢ ᠰᠣᠩᠭᠤᠨ ᠬᠡᠷᠡᠭᠯᠡᠬᠦ ᠪᠠᠷ ᠳᠠᠮᠵᠢᠭᠤᠯᠤᠨ᠂ ᠬᠢᠴᠢᠶᠡᠯᠯᠡᠭᠡ ᠶᠢᠨ ᠣᠯᠠᠨ ᠶᠠᠩᠵᠤᠴᠢᠯᠠᠯᠲᠠ ᠶᠢ ᠢᠯᠡᠷᠡᠭᠦᠯᠪᠡ᠃ ᠬᠢᠴᠢᠶᠡᠯ ᠤᠨ ᠳᠠᠷᠠᠭ᠎ᠠ᠂ ᠬᠤᠶᠠᠷ ᠭᠠᠵᠠᠷ ᠤᠨ ᠪᠠᠭᠰᠢ ᠨᠠᠷ ᠡᠨᠡ ᠤᠳᠠᠭᠠᠨ ᠤ ︽ᠠᠳᠠᠯᠢ ᠰᠡᠳᠦᠪ ᠣᠨᠳᠣᠤ ᠪᠥᠲᠦᠴᠡᠲᠦ︾ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠳᠠᠯᠢ ᠪᠤᠰᠤ ᠰᠤᠷᠭᠠᠨ ᠬᠥᠮᠦᠵᠢᠯ ᠤᠨ ᠣᠷᠴᠢᠨ ᠪᠠ ᠵᠢᠭᠠᠨ ᠰᠤᠷᠭᠠᠯᠲᠠ ᠶᠢᠨ ᠵᠠᠭᠪᠤᠷ ᠢ ᠪᠣᠳᠣᠯᠬᠢᠯᠠᠨ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠠᠭᠠᠬᠢᠵᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠶᠠᠷᠢᠬᠤ ᠲᠤᠬᠠᠢ ᠭᠦᠨᠵᠡᠭᠡᠢ ᠰᠣᠯᠢᠯᠴᠠᠪᠠ᠃   

1.webp.jpg

      ᠳᠠᠷᠠᠭ᠎ᠠ ᠠᠯᠬᠤᠮ ᠳᠤ᠂ ᠬᠤᠶᠠᠷ ᠭᠠᠵᠠᠷ ᠤᠨ ᠬᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠶᠢᠭᠤᠯᠤᠯᠲᠠ ᠶᠢᠨ  ᠳᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ

ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ

ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠪᠤᠰᠤᠳ ᠭᠠᠵᠠᠷ ᠣᠷᠣᠨ ᠲᠠᠢ ᠵᠢᠭᠠᠨ

ᠰᠤᠷᠭᠠᠯᠲᠠ ᠵᠢᠭᠠᠬᠤ ᠶᠢ ᠰᠣᠳᠤᠯᠬᠤ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂

ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠦᠢᠯᠡᠳᠦᠯᠭᠡᠵᠢᠭᠦᠯᠬᠦ ᠠᠷᠭ᠎ᠠ ᠵᠠᠮ ᠢ ᠬᠠᠮᠲᠤ ᠳᠤ ᠪᠠᠨ

ᠰᠦᠪᠡᠭᠴᠢᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠨᠡᠩ ᠥᠨᠳᠥᠷ ᠳᠡᠰ᠂ ᠨᠡᠩ ᠥᠷᠭᠡᠨ

ᠬᠦᠷᠢᠶᠡᠨ ᠳᠠᠬᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃

      ᠬᠤᠶᠠᠷ ᠭᠠᠵᠠᠷ ᠤᠨ 400 ᠭᠠᠷᠤᠢ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠳᠠᠮᠵᠢᠨ

ᠪᠣᠯᠪᠠᠰᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号