ᠨᠠᠷᠠᠨ ᠭᠡᠷᠡᠯᠲᠦ ᠪᠡᠶ᠎ᠡ ᠶᠢᠨ ᠲᠠᠮᠢᠷ ᠪᠠᠶᠠᠷ ᠪᠠᠶᠠᠰᠤᠯᠲᠤ ᠬᠢᠴᠢᠶᠡᠯ ᠤᠨ ᠵᠠᠪᠰᠠᠷᠯᠠᠭ᠎ᠠ — ᠦᠬᠠᠢ ᠬᠤᠲᠠ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢ ᠲᠣᠭᠤᠷᠢᠨ ᠦᠵᠡᠵᠦ ᠳᠡᠯᠭᠡᠨ ᠦᠵᠡᠭᠦᠯᠬᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/5/30
      ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠭᠦᠨᠵᠡᠭᠡᠢ ᠳᠡᠯᠭᠡᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠦᠬᠠᠢ ᠬᠤᠲᠠ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠠᠷᠠᠨ ᠭᠡᠷᠡᠯᠲᠦ ᠪᠡᠶ᠎ᠡ ᠶᠢᠨ ᠲᠠᠮᠢᠷ ᠪᠠᠶᠠᠷ ᠪᠠᠶᠠᠰᠤᠯᠲᠤ ᠬᠢᠴᠢᠶᠡᠯ ᠤᠨ ᠵᠠᠪᠰᠠᠷᠯᠠᠭ᠎ᠠ ᠶᠢ ᠲᠣᠭᠤᠷᠢᠨ ᠦᠵᠡᠵᠦ ᠳᠡᠯᠭᠡᠨ ᠦᠵᠡᠭᠦᠯᠬᠦ ᠠᠵᠢᠯᠯᠠᠭ᠎ᠠ ᠶᠢ ᠡᠷᠬᠢᠯᠡᠪᠡ᠃

1.webp.jpg

2.webp.jpg

3.webp.jpg

4.webp.jpg

      ᠠᠵᠢᠯᠯᠠᠭᠠᠨ ᠤ ᠶᠠᠪᠤᠴᠠ ᠳᠤ᠂ ᠲᠣᠭᠤᠷᠢᠨ ᠦᠵᠡᠬᠦ ᠶᠢ ᠬᠦᠯᠢᠶᠡᠵᠦ ᠠᠪᠤᠭᠰᠠᠨ 5 ᠳᠤᠮᠳᠠᠳᠤ ᠪᠠᠭ᠎ᠠ

ᠰᠤᠷᠭᠠᠭᠤᠯᠢ ᠥᠪᠡᠷᠮᠢᠴᠡ ᠣᠨᠴᠠᠯᠢᠭ ᠲᠠᠢ᠂ ᠰᠢᠨ᠎ᠡ ᠰᠡᠪᠡᠭᠦᠨ᠂ ᠪᠣᠳᠠᠲᠤ ᠬᠡᠷᠡᠭᠴᠡᠭᠡ ᠲᠠᠢ᠂ ᠲᠡᠭᠵᠢᠨ ᠴᠣᠪᠣᠭᠤᠯᠢᠭ

ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠤᠨ ᠦᠵᠡᠭᠦᠯᠭᠡ ᠶᠢᠨ ᠠᠵᠢᠯᠯᠠᠭᠠᠨ ᠤ ᠠᠭᠤᠯᠭ᠎ᠠ ᠶᠢ ᠳᠡᠯᠭᠡᠨ ᠦᠵᠡᠭᠦᠯᠪᠡ᠃

ᠪᠡᠶ᠎ᠡ ᠶᠢᠨ ᠲᠠᠮᠢᠷ ᠤᠨ ᠲᠠᠯᠠᠪᠠᠢ  ᠳᠤ᠂ ᠰᠢᠶᠣᠣ ᠪᠦ᠋ ᠲᠠᠮᠢᠷ᠂ ᠪᠥᠸᠧ ᠵᠢᠢ ᠲᠠᠮᠢᠷ᠂ ᠰᠢᠳᠠᠮ ᠪᠥᠮᠪᠦᠭᠡ ᠪᠠᠬᠢᠯᠡᠯᠲᠡ

ᠪᠥᠮᠪᠥᠭᠡᠨ ᠲᠠᠮᠢᠷ ᠵᠡᠷᠭᠡ ᠣᠨᠴᠠᠯᠢᠭᠲᠤ ᠲᠠᠮᠢᠷ ᠪᠠ ᠫᠢᠩ ᠾᠧᠩ ᠪᠥᠮᠪᠦᠭᠡ᠂ ᠳ᠋ᠧᠦ ᠺᠥᠩ ᠵᠦ ᠵᠡᠷᠭᠡ ᠲᠥᠷᠥᠯ

ᠵᠦᠢᠯ ᠤᠨ ᠭᠢᠯᠠᠰ ᠴᠡᠭ ᠢ ᠵᠠᠯᠭᠠᠭ᠎ᠠ ᠪᠠᠷ ᠳᠡᠯᠭᠡᠨ ᠦᠵᠡᠭᠦᠯᠵᠦ᠂ ᠰᠤᠷᠤᠭᠴᠢᠳ ᠤᠨ ᠵᠣᠬᠢᠴᠠᠭᠤᠯᠬᠤ ᠴᠢᠳᠠᠪᠤᠷᠢ᠂

ᠪᠦᠯᠬᠦᠮ ᠨᠡᠶᠢᠲᠡ ᠶᠢᠨ ᠬᠠᠮᠲᠤᠷᠠᠯᠴᠠᠬᠤ ᠵᠣᠷᠢᠭ ᠰᠠᠨᠠᠭ᠎ᠠ ᠵᠢᠴᠢ ᠨᠠᠷᠠᠨ ᠭᠡᠷᠡᠯᠲᠦ ᠢᠲᠡᠭᠡᠯ ᠲᠡᠭᠦᠯᠳᠡᠷ ᠣᠶᠤᠨ

ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃

   

5.webp.jpg

6.webp.jpg

      ᠦᠬᠠᠢ ᠬᠤᠲᠠ ᠨᠢᠭᠡᠨᠲᠡ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠡᠷᠡᠨ ᠭᠡᠷᠡᠯᠲᠦ

ᠪᠡᠶ᠎ᠡ ᠶᠢᠨ ᠲᠠᠮᠢᠷ ᠤᠨ ᠬᠥᠳᠡᠯᠭᠡᠭᠡᠨ ᠢ ᠠᠬᠢᠭᠤᠯᠬᠤ ᠬᠤᠷᠠᠯ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠪᠠᠶᠠᠷ

ᠪᠠᠶᠠᠰᠤᠯᠲᠤ ᠬᠢᠴᠢᠶᠡᠯ ᠤᠨ ᠵᠠᠪᠰᠠᠷᠯᠠᠭ᠎ᠠ ᠶᠢ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ 8

ᠵᠢᠯ ᠳᠠᠷᠠᠭᠠᠯᠠᠨ ᠡᠷᠬᠢᠯᠡᠵᠦ᠂ ᠡᠯ᠎ᠡ ᠰᠤᠷᠭᠠᠭᠤᠯᠢ ᠲᠤᠰ ᠰᠤᠷᠭᠠᠭᠤᠯᠢ ᠶᠢᠨ ᠢᠶᠠᠨ ᠥᠪᠡᠷᠮᠢᠴᠡ ᠣᠨᠴᠠᠯᠢᠭ ᠲᠠᠢ᠂

ᠵᠢᠷᠤᠮᠵᠢᠯ ᠲᠠᠢ᠂ ᠰᠢᠨ᠎ᠡ ᠰᠡᠪᠡᠭᠦᠨ᠂ ᠦᠷ᠎ᠡ ᠪᠦᠲᠦᠮᠵᠢ ᠲᠠᠢ ᠢᠵᠢ ᠠᠵᠢᠯᠯᠠᠭᠠᠨ ᠤ ᠳᠣᠭᠲᠠᠯᠴᠠᠭ᠎ᠠ ᠶᠢ ᠠᠯᠬᠤᠮ

ᠠᠯᠬᠤᠮ ᠢᠶᠠᠷ ᠪᠦᠷᠢᠯᠳᠦᠭᠦᠯᠵᠡᠢ᠃ ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠬᠤᠶᠠᠷ  ᠢ

ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠨᠡᠷᠡᠨ ᠭᠡᠷᠡᠯᠲᠦ

ᠪᠡᠶ᠎ᠡ ᠶᠢᠨ ᠲᠠᠮᠢᠷ ᠪᠠᠶᠠᠷ ᠪᠠᠶᠠᠰᠤᠯᠲᠤ ᠬᠢᠴᠢᠶᠡᠯ ᠤᠨ ᠵᠠᠪᠰᠠᠷᠯᠠᠭ᠎ᠠ ᠶᠢ ᠲᠣᠭᠤᠷᠢᠨ ᠦᠵᠡᠵᠦ ᠳᠡᠯᠭᠡᠨ ᠦᠵᠡᠭᠦᠯᠬᠦ

ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠥᠷᠭᠡᠨ

ᠳᠡᠯᠭᠡᠷ ᠰᠣᠯᠢᠯᠴᠠᠭᠠᠨ ᠤ ᠲᠠᠪᠴᠠᠩ ᠢ ᠪᠠᠶᠢᠭᠤᠯᠤᠨ ᠥᠭᠴᠦ᠂ ᠬᠢᠴᠢᠶᠡᠯ ᠤᠨ ᠵᠠᠪᠰᠠᠷᠯᠠᠭ᠎ᠠ ᠶᠢᠨ ᠠᠮᠢᠵᠢᠷᠠᠯ ᠤᠨ

ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠰᠤᠷᠤᠭᠴᠢᠳ ᠢ ᠬᠥᠲᠥᠯᠥᠨ ᠵᠢᠯᠣᠭᠤᠳᠴᠤ ︽ᠬᠤᠶᠠᠷ ᠢ

ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠥᠷᠨᠢᠨ ᠬᠥᠭᠵᠢᠬᠦ ᠶᠢ ᠠᠬᠢᠭᠤᠯᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号