ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠬᠥᠯᠥᠨ ᠪᠤᠶᠢᠷ
ᠨᠡᠶᠢᠲᠡᠯᠡᠭᠰᠡᠨ ᠴᠠᠭ᠄
2024/5/30
      ᠣᠶᠢᠷ᠎ᠠ ᠳᠤ᠂ ᠬᠥᠯᠥᠨ ᠪᠤᠶᠢᠷ ᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠤᠯᠵᠤ᠂ ᠡᠨᠡ ᠤᠳᠠᠭᠠᠨ ᠤ ᠠᠵᠢᠯᠯᠠᠭ᠎ᠠ ᠨᠢ ︽ᠭᠠᠷ ᠤᠨ ᠡᠷᠳᠡᠮ᠂ ᠨᠠᠰᠤᠨ ᠤ ᠲᠦᠰᠢᠭ︾ ᠢᠶᠠᠷ ᠭᠤᠣᠯ ᠰᠡᠳᠦᠪ  ᠪᠣᠯᠭᠠᠨ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ ︽ᠠᠷᠪᠠᠨ ᠵᠢᠯ᠂ ᠡᠷᠭᠢᠴᠡᠭᠦᠯᠦᠯ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ︾ ᠢ ᠪᠠᠭᠲᠠᠭᠠᠭᠰᠠᠨ 16 ᠵᠦᠢᠯ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃

1.webp.jpg

      ᠡᠯ᠎ᠡ ᠰᠤᠷᠭᠠᠭᠤᠯᠢ ᠶᠢᠨ ᠬᠢᠨ ᠵᠠᠯᠭᠠᠭ᠎ᠠ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ

ᠭᠤᠣᠯ ᠰᠡᠳᠦᠪ ᠲᠤ ᠠᠩᠬᠠᠷᠤᠯ ᠢᠶᠠᠨ ᠬᠠᠨᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠣᠯᠠᠨ

ᠵᠦᠢᠯ ᠤᠨ ᠬᠡᠯᠪᠡᠷᠢ ᠪᠠᠷ ᠬᠥᠯᠥᠨ ᠪᠤᠶᠢᠷ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠥᠭᠵᠢᠯᠲᠡ ᠶᠢᠨ ᠦᠷ᠎ᠡ ᠪᠦᠲᠦᠭᠡᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠭᠴᠢᠳ ᠤᠨ

ᠣᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠡᠨᠡ ᠤᠳᠠᠭᠠᠨ ᠤ ᠠᠵᠢᠯᠯᠠᠭ᠎ᠠ

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ

ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠤᠭᠰᠠᠨ ᠢᠶᠠᠷ ᠪᠠᠷᠠᠬᠤ ᠦᠭᠡᠢ ᠪᠠᠰᠠ ︽ᠤᠷ᠎ᠠ

ᠴᠢᠳᠠᠪᠤᠷᠢ ᠶᠢᠨ ᠠᠮᠵᠢᠯᠲᠠ ᠪᠦᠲᠦᠮᠵᠢ ᠠᠮᠢᠳᠤᠷᠠᠯ ᠤᠨ ᠵᠠᠮ ᠢ ᠭᠡᠷᠡᠯᠲᠦᠭᠦᠯᠦᠨᠡᠮ︾ ᠭᠡᠬᠦ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠴᠤᠭ ᠵᠢᠪᠬᠤᠭ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ︽ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠢᠷᠡᠭᠡᠳᠦᠢ ᠭᠡᠭᠡᠨ ᠰᠠᠷᠠᠭᠤᠯ᠂ ᠵᠢᠳᠬᠦᠯ ᠴᠢᠷᠮᠠᠶᠢᠯᠭ᠎ᠠ ᠲᠡᠭᠦᠯᠳᠡᠷ︾ ᠰᠠᠶᠢᠨ ᠰᠠᠶᠢᠬᠠᠨ

ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠪᠠ᠃

2.png

      ᠣᠶᠢᠷ᠎ᠠ ᠶᠢᠨ ᠵᠢᠯ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ

ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠳᠣᠭᠲᠠᠯᠴᠠᠭ᠎ᠠ ᠶᠢ ᠲᠠᠰᠤᠷᠠᠯᠲᠠ ᠥᠬᠡᠶ

ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ

ᠲᠣᠭᠲᠠᠭᠠᠯᠲᠠ ᠶᠢ ᠦᠷᠭᠦᠯᠵᠢᠯᠡᠨ ᠲᠣᠪᠤᠶᠢᠯᠭᠠᠪᠠ᠃ ᠣᠷᠣᠨ ᠪᠦᠰᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂

︽ᠬᠥᠯᠥᠨ ᠪᠤᠶᠢᠷ ᠬᠤᠲᠠ ᠶᠢᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠬᠥᠭᠵᠢᠯᠲᠡ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠲᠥᠯᠥᠪᠵᠢᠭᠦᠯᠦᠨ

ᠪᠠᠶᠢᠷᠢᠰᠢᠭᠤᠯᠵᠤ᠂ ᠲᠤᠰᠬᠠᠢ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠦᠨᠳᠦᠰᠦᠨ ᠴᠢᠳᠠᠪᠤᠷᠢ ᠶᠢᠨ

ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠡᠷᠬᠢᠯᠡᠬᠦ ᠬᠡᠪᠴᠢᠶ᠎ᠡ ᠶᠢ ᠥᠷᠭᠡᠳᠬᠡᠨ᠂ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠡᠷᠡᠭᠴᠡᠭᠡ ᠳᠤ ᠳᠣᠭᠢᠷᠬᠠᠰᠠᠨ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠭᠦᠨᠵᠡᠭᠡᠢ

ᠠᠭᠤᠰᠬᠠᠭᠰᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠯ ᠢ ᠵᠡᠷᠭᠡ ᠪᠠᠷ

ᠴᠢᠬᠤᠯᠠᠴᠢᠯᠠᠭᠰᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠢ

ᠪᠦᠲᠦᠮᠵᠢᠲᠡᠢ ᠨᠡᠪᠲᠡᠷᠡᠭᠦᠯᠦᠭᠰᠡᠨ᠂ ᠠᠳᠠᠯᠢ ᠪᠤᠰᠤ ᠳᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ

ᠪᠦᠲᠦᠮᠵᠢᠲᠡᠢ ᠨᠡᠪᠲᠡᠷᠡᠭᠦᠯᠦᠭᠰᠡᠨ᠂ ᠪᠦᠬᠦ ᠠᠷᠠᠳ ᠢᠶᠠᠷ ᠢᠶᠠᠨ ᠨᠠᠰᠤᠨ ᠲᠤᠷᠰᠢᠳᠠ ᠰᠤᠷᠤᠯᠴᠠᠬᠤ ᠳᠤ ᠦᠢᠯᠡᠴᠢᠯᠡᠭᠰᠡᠨ

ᠣᠳᠣ ᠦᠶ᠎ᠡ ᠶᠢᠨ ᠠᠵᠢᠯ ᠮᠡᠷᠭᠡᠵᠢᠯ  ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠦᠨᠳᠦᠰᠦᠨ ᠳᠤ ᠪᠠᠨ

ᠪᠦᠷᠢᠯᠳᠦᠭᠦᠯᠪᠡ᠃

      ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠲᠣᠬᠢᠷᠠᠭᠤᠯᠵᠤ᠂ ᠴᠢᠳᠠᠪᠤᠷᠢᠲᠠᠨ

ᠬᠥᠮᠦᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠪᠡ ᠃ 2024 ᠣᠨ ᠳᠤ 6

ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠵᠦ᠂ ᠪᠦᠬᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠰᠤᠷᠤᠭᠴᠢ ᠡᠯᠰᠡᠬᠦ ᠲᠤᠰᠬᠠᠢ ᠮᠡᠷᠭᠡᠵᠢᠯ 167 ᠶᠢ ᠳᠠᠩᠰᠠᠯᠠᠭᠤᠯᠵᠤ᠂ ᠥᠪᠡᠷᠲᠡᠭᠡᠨ ᠵᠠᠰᠠᠬᠤ

ᠣᠷᠣᠨ ᠤ ᠣᠨᠴᠠᠯᠢᠭᠲᠤ ᠲᠤᠰᠬᠠᠢ ᠮᠡᠷᠭᠡᠵᠢᠯ 7 ᠶᠢ ᠪᠠᠶᠢᠭᠤᠯᠤᠨ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ

ᠠᠵᠤ ᠦᠢᠯᠡᠰ ᠤᠨ ᠬᠡᠯᠬᠢᠶ᠎ᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠨᠡᠩ ᠨᠢᠭᠲᠠ ᠤᠶᠠᠯᠳᠤᠭᠤᠯᠵᠤ᠂

ᠦᠢᠯᠡᠴᠢᠯᠡᠭᠡᠨ ᠤ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠳᠠᠪᠤᠷᠢ ᠶᠢ

ᠳᠡᠭᠡᠭᠰᠢᠯᠡᠭᠦᠯᠪᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂

ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠥᠭᠵᠢᠯᠲᠡ ᠶᠢᠨ ᠳᠤᠲᠠᠭᠤᠳᠠᠯ ᠢ

ᠨᠥᠬᠦᠪᠥᠷᠢᠯᠡᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠤᠯᠠᠮ

ᠨᠢᠭᠡ ᠠᠯᠬᠤᠮ  ᠬᠥᠭᠵᠢᠭᠡᠪᠡ᠃ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ

ᠨᠡᠪᠲᠡᠷᠡᠭᠦᠯᠦᠨ ᠬᠥᠮᠦᠵᠢᠭᠦᠯᠬᠦ ᠳᠣᠭᠲᠠᠯᠴᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 35 ᠲᠤᠰᠬᠠᠢ ᠮᠡᠷᠭᠡᠵᠢᠯ ᠠᠵᠤ ᠠᠬᠤᠶᠢᠯᠠᠯ  ᠯᠤᠭ᠎ᠠ

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠦᠨ᠂ ︽ᠳᠥᠷᠪᠡᠨ ᠬᠡᠯᠬᠢᠶ᠎ᠡ︾ ᠶᠢᠨ

ᠣᠷᠭᠠᠨᠢᠭ ᠠᠭᠤᠰᠤᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ

ᠦᠢᠯᠡᠴᠢᠯᠡᠪᠡ᠃

      ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠲᠠᠰᠤᠷᠠᠯᠲᠠ ᠦᠭᠡᠢ

ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠲᠠᠬᠤ ᠬᠦᠴᠦᠨ  ᠢ ᠦᠷᠭᠦᠯᠵᠢᠯᠡᠨ

ᠴᠢᠩᠭᠠᠷᠠᠭᠤᠯᠪᠠ ᠃ 3 ᠰᠤᠷᠭᠠᠭᠤᠯᠢ ᠥᠪᠡᠷᠲᠡᠭᠡᠨ ᠵᠠᠰᠠᠬᠤ ᠣᠷᠣᠨ  ᠤ ᠳᠡᠰ ᠤᠨ ᠠᠵᠢᠯ ᠲᠥᠷᠥᠯ ᠤᠨ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠤ ᠬᠠᠮᠲᠤ ᠶᠢᠨ ᠴᠣᠭᠴᠠ ᠳᠤ ᠣᠷᠣᠯᠴᠠᠵᠤ᠂ 1

ᠰᠤᠷᠭᠠᠭᠤᠯᠢ ᠪᠦᠬᠦ ᠤᠯᠤᠰ ᠤᠨ ᠪᠠᠷᠢᠯᠭ᠎ᠠ  ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢᠨ ᠬᠡᠷᠡᠭ ᠡᠷᠬᠢᠯᠡᠬᠦ           

ᠨᠢᠭᠡᠴᠢ ᠪᠠᠷ ᠰᠣᠩᠭᠤᠭᠳᠠᠪᠠ᠃ ︽ᠰᠠᠭᠤᠷᠢ ᠶᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ 193

︽ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ︾ ᠲᠥᠷᠥᠯ ᠵᠦᠢᠯ᠂ 5 ︽ᠬᠤᠣᠰ          

ᠰᠢᠯᠢᠳᠡᠭ︾ ᠰᠤᠷᠭᠠᠭᠤᠯᠢ ᠪᠠ 13 ᠴᠢᠨᠠᠷᠯᠢᠭ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠲᠠᠰᠤᠷᠠᠯᠲᠠ ᠦᠭᠡᠢ

ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠶᠢ ᠪᠦᠬᠦ ᠲᠠᠯ᠎ᠠ ᠪᠠᠷ ᠠᠬᠢᠭᠤᠯᠵᠤ᠂ ᠨᠠᠰᠤᠨ ᠲᠤᠷᠰᠢᠳᠠ

ᠰᠤᠷᠤᠯᠴᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ 2024 ᠣᠨ  ᠳᠤ ᠬᠤᠶᠠᠷ ᠨᠠᠰᠤᠲᠠᠶᠢᠴᠤᠳ ᠤᠨ ᠰᠤᠷᠭᠠᠨ

ᠬᠥᠮᠦᠵᠢᠯ ᠤᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠨᠡᠷᠡᠲᠦ ᠲᠡᠮᠳᠡᠭᠲᠦ ᠶᠢᠨ ᠲᠥᠷᠥᠯ ᠵᠦᠢᠯ ᠢ ᠪᠦᠬᠦ

ᠤᠯᠤᠰ ᠤᠨ ᠰᠢᠨ᠎ᠡ ᠴᠠᠭ ᠦᠶ᠎ᠡ ᠶᠢᠨ ︽ᠨᠠᠰᠤᠨ ᠲᠤᠷᠰᠢᠳᠠ ᠰᠤᠷᠤᠯᠴᠠᠬᠤ ᠨᠡᠷᠡᠲᠦ ᠲᠡᠮᠳᠡᠭᠲᠦ︾ ᠪᠠᠷ ᠳᠣᠭᠲᠠᠭᠠᠪᠠ᠃

      ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠡᠪᠴᠢᠶ᠎ᠡ ᠶᠢ ᠥᠷᠭᠡᠳᠭᠡᠬᠦ ᠶᠢ ᠳᠠᠰᠤᠷᠠᠯᠲᠠ ᠦᠭᠡᠢ

ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠢ ᠦᠷᠭᠦᠯᠵᠢᠯᠡᠨ

ᠳᠡᠭᠡᠭᠰᠢᠯᠡᠭᠦᠯᠪᠡ᠃ ᠣᠯᠠᠨ ᠤᠯᠤᠰ ᠬᠠᠮᠲᠤᠷᠠᠨ ᠰᠤᠷᠭᠠᠭᠤᠯᠢ ᠡᠷᠬᠢᠯᠡᠬᠦ ᠶᠢ ᠴᠢᠩᠭᠠᠳᠬᠠᠵᠤ᠂ ᠪᠣᠭᠤᠮᠲᠠ ᠶᠢᠨ

ᠳᠠᠪᠠᠭᠤᠯᠢᠭ ᠢ ᠪᠠᠳᠠᠷᠠᠭᠤᠯᠤᠨ᠂ ᠣᠷᠣᠰ ᠶᠡᠭᠡ ᠰᠤᠷᠭᠠᠭᠤᠯᠢ ᠯᠤᠭ᠎ᠠ ᠬᠠᠮᠲᠤᠷᠠᠨ ᠰᠤᠷᠤᠭᠴᠢᠳ ᠲᠤ ᠣᠯᠠᠨ

ᠤᠯᠤᠰᠴᠢᠯᠠᠬᠤ ᠬᠥᠭᠵᠢᠯᠲᠡ ᠶᠢᠨ ᠵᠠᠮ ᠢ ᠨᠡᠭᠡᠭᠡᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂

︽ᠬᠤᠣᠰ ᠬᠡᠯᠪᠡᠷᠢᠲᠦ︾ ᠪᠠᠭᠰᠢ ᠪᠠᠷ 426 ᠬᠥᠮᠦᠨ ᠢ ᠮᠠᠭᠠᠳᠯᠠᠨ ᠲᠣᠭᠲᠠᠭᠠᠵᠤ᠂ ᠲᠤᠰᠬᠠᠢ ᠮᠡᠷᠭᠡᠵᠢᠯ  ᠤᠨ

ᠬᠢᠴᠢᠶᠡᠯ ᠤᠨ ᠪᠠᠭᠰᠢ ᠶᠢᠨ ᠡᠵᠡᠯᠡᠬᠦ ᠬᠠᠷᠢᠴᠠᠯ 72.4% ᠪᠣᠯᠪᠠ᠃ ︽ᠢᠨᠲ᠋ᠧᠷ ᠰᠦᠯᠵᠢᠶ᠎ᠡ + ᠰᠤᠷᠭᠠᠨ

ᠬᠥᠮᠦᠵᠢᠯ︾ ᠤᠨ ᠳᠠᠭᠤᠷᠢᠶᠠᠯ ᠦᠵᠡᠭᠦᠯᠬᠦ ᠣᠷᠣᠨ 2᠂ ᠳᠠᠭᠤᠷᠢᠶᠠᠯ ᠦᠵᠡᠭᠦᠯᠬᠦ ᠰᠤᠷᠭᠠᠭᠤᠯᠢ 1᠂ ᠤᠯᠤᠰ ᠤᠨ

ᠳᠡᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠲᠤᠷᠰᠢᠯᠲᠠ ᠶᠢᠨ

ᠰᠠᠭᠤᠷᠢᠨ ᠭᠠᠵᠠᠷ 1᠂ ᠤᠯᠤᠰ ᠤᠨ ᠪᠤᠶᠢᠺᠤ ᠪᠥᠮᠪᠦᠭᠡᠨ ᠤ ᠣᠯᠢᠮᠫᠢᠺ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ

ᠭᠠᠵᠠᠷ 1᠂ ︽1+X︾ ᠦᠨᠡᠮᠯᠡᠯ ᠤᠨ ᠲᠤᠷᠰᠢᠯᠲᠠ ᠶᠢᠨ ᠳᠡᠭᠡᠳᠦ ᠰᠤᠷᠭᠠᠭᠤᠯᠢ 7᠂ ᠥᠪᠡᠷᠲᠡᠭᠡᠨ ᠵᠠᠰᠠᠬᠤ

ᠣᠷᠣᠨ ᠤ ᠲᠣᠭᠠᠵᠢᠭᠤᠯᠤᠭᠰᠠᠨ ᠦᠯᠢᠭᠡᠷ ᠳᠠᠭᠤᠷᠢᠶᠠᠯ ᠰᠤᠷᠭᠠᠭᠤᠯᠢ 1 ᠶᠢ ᠪᠠᠶᠢᠭᠤᠯᠪᠠ᠃

   

3.png

      ᠳᠠᠷᠠᠭ᠎ᠠ ᠠᠯᠬᠤᠮ ᠳᠤ᠂ ᠬᠥᠯᠥᠨ ᠪᠤᠶᠢᠷ ᠬᠤᠲᠠ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠳᠤ ᠦᠢᠯᠡᠴᠢᠯᠡᠬᠦ ᠳᠤ ᠠᠩᠬᠠᠷᠤᠯ ᠢᠶᠠᠨ ᠬᠠᠨᠳᠤᠭᠤᠯᠤᠨ᠂ ᠣᠷᠣᠨ ᠪᠦᠰᠡ  ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠳᠤ ᠰᠠᠭᠤᠷᠢᠯᠠᠵᠤ᠂ ︽ᠨᠢᠭᠡ ᠴᠣᠭᠴᠠ ᠬᠤᠶᠠᠷ ᠵᠢᠭᠦᠷ ᠲᠠᠪᠤᠨ ᠭᠤᠣᠯᠳᠠᠯᠭ᠎ᠠ︾ ᠶᠢᠨ ᠲᠣᠭᠤᠷᠢᠨ ᠳᠤ᠂

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢ

ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠷᠭᠦᠯᠵᠢᠯᠡᠨ

ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ

ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠨᠡᠩ ᠣᠯᠠᠨ ᠥᠨᠳᠥᠷ ᠬᠡᠪ

ᠪᠣᠯᠪᠠᠰᠤᠷᠠᠯ ᠲᠠᠢ ᠳᠡᠭᠡᠳᠦ ᠵᠡᠷᠭᠡ ᠶᠢᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ᠂ ᠤᠯᠤᠰ ᠤᠨ ᠲᠣᠮᠣ

ᠤᠷᠠᠨ ᠳᠠᠷᠬᠠᠨ ᠢ ᠬᠥᠮᠥᠵᠢᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ

ᠡᠷᠬᠢᠯᠡᠬᠦ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号