ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ | ᠳᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠠᠬᠢᠭᠤᠯᠵᠤ᠂ | ᠰᠤᠷᠭᠠᠭᠤᠯᠢ ᠶᠢᠨ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ+ᠢᠯᠡ ᠲᠣᠭᠤᠭᠠᠨ ᠭᠡᠷ︾ ᠤᠨ ᠪᠠᠶᠢᠭᠤᠯᠤᠯᠲᠠ ᠶᠢ | ᠭᠦᠨᠵᠡᠭᠡᠢ ᠠᠬᠢᠭᠤᠯᠤᠨ᠂ ᠥᠷᠭᠡᠨ ᠣᠯᠠᠨ ᠪᠠᠭᠰᠢ ᠰᠤᠷᠤᠭᠴᠢ ᠶᠢᠨ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠪᠠᠲᠤᠯᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ 2024 ᠣᠨ ᠤ ᠪᠦᠬᠦ ᠣᠷᠣᠨ ᠤ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠲᠤᠰᠬᠠᠢ ᠰᠡᠳᠦᠪ ᠢᠶᠠᠷ ᠪᠠᠶᠢᠷᠢᠯᠠᠭᠤᠯᠪᠠ᠃ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ | ᠳᠠᠷᠤᠭ᠎ᠠ︶ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠡᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ | ᠲᠦᠪᠰᠢᠨ ᠤ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠲᠤ ᠬᠠᠤᠯᠢ ᠳᠦᠷᠢᠮ ᠶᠣᠰᠣᠭᠠᠷ ᠢᠳᠡᠭᠡᠨ ᠤ ᠠᠮᠤᠷ ᠲᠦᠪᠰᠢᠨ ᠤ | ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠵᠤ᠂ | ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠳᠠᠩᠰᠠ︾ ᠶᠢ ᠳᠣᠭᠲᠠᠭᠠᠨ᠂ | ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ | ᠲᠣᠬᠢᠷᠠᠭᠤᠯᠬᠤ︾ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠢ | ᠱᠠᠭᠠᠷᠳᠠᠪᠠ᠃ ᠬᠢᠨᠠᠯᠲᠠ ᠲᠠᠯᠪᠢᠬᠤ ᠺᠣᠮᠢᠰ ᠤᠨ ᠬᠢᠨᠠᠯᠲᠠ ᠲᠠᠯᠪᠢᠬᠤ ᠳᠦᠷᠢᠮ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠥᠪᠡᠰᠦᠪᠡᠨ ᠪᠠᠶᠢᠴᠠᠭᠠᠬᠤ ᠳᠦᠷᠢᠮ᠂ ᠬᠤᠭᠤᠯᠠᠨ ᠭᠡᠷ ᠲᠤ ᠠᠵᠢᠯᠯᠠᠭᠰᠠᠳ ᠤᠨ | ᠬᠠᠮᠢᠶᠠᠷᠤᠯᠲᠠ ᠶᠢᠨ ᠳᠦᠷᠢᠮ᠂ ᠬᠤᠭᠤᠯᠠᠨ ᠭᠡᠷ ᠤᠨ ᠡᠯ᠎ᠡ ᠴᠢᠳᠠᠮᠵᠢᠲᠤ ᠳᠠᠰᠤᠭ ᠤᠨ ᠬᠠᠮᠢᠶᠠᠷᠤᠯᠲᠠ ᠶᠢᠨ ᠳᠦᠷᠢᠮ᠂ | ᠢᠳᠡᠭᠡᠨ ᠤ ᠠᠮᠤᠷ ᠲᠦᠪᠰᠢᠨ ᠤ ᠠᠵᠢᠯ ᠤᠨ ᠬᠤᠷᠠᠯ ᠤᠨ ᠳᠦᠷᠢᠮ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ | ᠴᠡᠴᠡᠷᠯᠢᠭ ᠤᠨ ᠬᠠᠮᠲᠤ ᠬᠤᠭᠤᠯᠠᠯᠠᠬᠤ ᠳᠦᠷᠢᠮ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠵᠡᠷᠭᠡ ᠣᠶᠤᠨᠴᠢ ᠬᠠᠮᠢᠶᠠᠷᠤᠯᠲᠠ ᠶᠢᠨ ᠵᠠᠭᠪᠤᠷ ᠢ ᠪᠦᠬᠦ | ᠲᠠᠯ᠎ᠠ ᠪᠠᠷ ᠬᠡᠷᠡᠭᠵᠢᠭᠦᠯᠪᠡ᠃ ᠸᠢᠳᠢᠤ᠋ ᠮᠡᠳᠡᠭᠡ ᠵᠠᠩᠭᠢ ᠶᠢ ᠵᠠᠬ᠎ᠠ ᠳᠡᠯᠭᠡᠭᠦᠷ ᠶᠢᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠲᠤ ᠵᠠᠯᠭᠠᠬᠤ ᠪᠠᠷ ᠳᠠᠮᠵᠢᠭᠤᠯᠤᠨ᠂ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ | ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠰᠤᠷᠭᠠᠭᠤᠯᠢ ᠶᠢᠨ ᠬᠠᠷᠢᠭᠤᠴᠠᠯᠭᠠᠲᠠᠨ | ᠪᠣᠯᠤᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯᠲᠠᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ | ᠪᠠᠶᠢᠳᠠᠯ ᠢ ᠴᠠᠭ ᠲᠤᠬᠠᠢ ᠳᠤ ᠨᠢ ᠰᠤᠭᠤᠴᠢᠨ ᠪᠠᠶᠢᠴᠠᠭᠠᠵᠤ᠂ ᠰᠤᠷᠤᠭᠴᠢᠳ ᠤᠨ ᠭᠡᠷ ᠤᠨ ᠠᠬᠠᠮᠠᠳ ᠬᠢᠨᠠᠯᠲᠠ | ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠢᠯ ᠤᠨ ᠳᠣᠲᠣᠷ᠎ᠠ᠂ ᠡᠯ᠎ᠡ ᠠᠶᠢᠮᠠᠭ ᠬᠤᠲᠠ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠭᠤᠯᠢ ᠶᠢᠨ ᠬᠤᠭᠤᠯᠠᠨ ᠭᠡᠷ ᠤᠨ ︽ᠢᠨᠲ᠋ᠧᠷ | ᠰᠦᠯᠵᠢᠶ᠎ᠡ + ᠢᠯᠡ ᠲᠣᠭᠤᠭᠠᠨ ᠭᠡᠷ︾ ᠤᠨ ᠪᠦᠷᠬᠦᠴᠡ ᠶᠢᠨ ᠨᠣᠷᠮ᠎ᠠ ᠶᠢ 85% ᠠᠴᠠ ᠳᠡᠭᠡᠭᠰᠢ ᠪᠣᠯᠭᠠᠨ᠎ᠠ᠃ | ᠡᠵᠡᠩᠨᠡᠭᠴᠢ ᠪᠠ ᠬᠤᠭᠤᠯᠠ ᠬᠠᠩᠭᠠᠬᠤ ᠨᠢᠭᠡᠴᠢ ᠳᠠᠭᠠᠭᠠᠴᠢᠯᠠᠨ ᠡᠵᠡᠩᠨᠡᠬᠦ ᠪᠤᠶᠤ ᠨᠠᠶᠢᠳᠠᠨ ᠡᠵᠡᠩᠨᠡᠭᠦᠯᠬᠦ | ᠬᠠᠮᠢᠶᠠᠷᠤᠯᠲᠠ ᠶᠢ ᠴᠢᠩᠭᠠᠳᠬᠠᠪᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ | ᠵᠠᠷᠴᠢᠮ ᠳᠡᠭᠡᠷ᠎ᠡ ᠪᠠᠨ ᠥᠪᠡᠰᠦᠪᠡᠨ ᠡᠵᠡᠩᠨᠡᠬᠦ ᠠᠷᠭ᠎ᠠ ᠮᠠᠶ᠋ᠢᠭ ᠢᠶᠠᠷ ᠬᠤᠭᠤᠯᠠ ᠬᠠᠩᠭᠠᠬᠤ ᠶᠢ ᠬᠡᠷᠡᠭᠵᠢᠭᠦᠯᠵᠦ᠂ | ᠬᠤᠭᠤᠯᠠ ᠬᠠᠩᠭᠠᠬᠤ ᠨᠢᠭᠡᠴᠢ ᠠᠴᠠ ᠬᠤᠭᠤᠯᠠ ᠬᠠᠩᠭᠠᠬᠤ ᠶᠢ ᠬᠡᠷᠡᠭᠵᠢᠭᠦᠯᠦᠭᠰᠡᠨ ᠰᠤᠷᠭᠠᠭᠤᠯᠢ ᠡᠩ ᠲᠡᠷᠢᠭᠦᠨ ᠳᠤ | HACCP ᠪᠤᠶᠤ ISO 22000 ᠳᠣᠭᠲᠠᠯᠴᠠᠭᠠᠨ ᠤ ᠭᠡᠷᠡᠴᠢᠯᠡᠯ ᠢᠶᠠᠷ ᠳᠠᠮᠵᠢᠨ ᠬᠤᠭᠤᠯᠠ ᠬᠠᠩᠭᠠᠬᠤ | ᠨᠢᠭᠡᠴᠢ ᠶᠢ ᠰᠣᠩᠭᠤᠬᠤ ᠬᠡᠷᠡᠭᠲᠡᠢ᠃ ᠰᠤᠷᠭᠠᠭᠤᠯᠢ ᠶᠢᠨ ᠭᠠᠳᠠᠨ᠎ᠠ ᠲᠥᠪᠯᠡᠷᠡᠭᠦᠯᠦᠨ ᠬᠤᠭᠤᠯᠠ ᠬᠠᠩᠭᠠᠬᠤ ᠪᠤᠶᠤ | ᠳᠠᠭᠠᠭᠠᠴᠢᠯᠠᠨ ᠡᠵᠡᠩᠨᠡᠬᠦ ᠪᠤᠶᠤ ᠨᠠᠶᠢᠳᠠᠨ ᠡᠵᠡᠩᠨᠡᠭᠦᠯᠬᠦ ᠰᠤᠷᠭᠠᠭᠤᠯᠢ ᠶᠢᠨ ᠬᠤᠭᠤᠯᠠᠨ ᠭᠡᠷ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠨᠢᠭᠡᠳᠦᠯᠲᠡᠢ ᠵᠣᠬᠢᠶᠠᠨ ᠪᠠᠶᠢᠭᠤᠯᠤᠨ | ᠳᠠᠭᠠᠭᠠᠴᠢᠯᠠᠯᠲᠠ ᠵᠠᠷᠯᠠᠬᠤ ᠶᠢᠨ ᠬᠠᠮᠲᠤ ᠰᠤᠷᠭᠠᠭᠤᠯᠢ ᠶᠢ ᠰᠢᠪᠠᠳᠠᠭᠤᠯᠵᠤ ᠣᠷᠣᠬᠤ ᠶᠢ ᠵᠦᠪᠰᠢᠶᠡᠷᠡᠬᠦ᠂ ᠰᠢᠯᠭᠠᠵᠤ | ᠦᠨᠡᠯᠡᠬᠦ ᠪᠠ ᠪᠤᠴᠠᠵᠤ ᠭᠠᠷᠬᠤ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠢᠳᠡᠭᠡᠨ ᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ ᠢᠳᠡᠭᠡᠨ᠂ ᠲᠦᠭᠦᠬᠡᠢ | ᠮᠠᠲ᠋ᠧᠷᠢᠶᠠᠯ ᠪᠣᠯᠤᠨ ᠢᠳᠡᠭᠡᠨ ᠤᠮᠳᠠᠭᠠᠨ ᠤ ᠰᠠᠪᠠ ᠬᠡᠷᠡᠭᠰᠡᠯ ᠬᠤᠳᠠᠯᠳᠤᠨ ᠠᠪᠬᠤ ᠠᠷᠭ᠎ᠠ ᠵᠠᠮ ᠢ ᠴᠢᠩᠭ᠎ᠠ | ᠬᠠᠮᠢᠶᠠᠷᠤᠨ ᠡᠵᠡᠮᠳᠡᠵᠦ᠂ ᠪᠥᠭᠡᠮ ᠢᠶᠠᠷ ᠬᠤᠳᠠᠯᠳᠤᠨ ᠠᠪᠬᠤ ᠳᠤ ᠪᠠᠨ ᠬᠠᠷᠢᠴᠠᠩᠭᠤᠢ᠂ ᠲᠣᠭᠲᠠᠮᠠᠯ ᠪᠥᠭᠡᠳ | ᠴᠢᠳᠠᠮᠵᠢ ᠪᠦᠷᠢᠨ ᠲᠡᠭᠦᠯᠳᠡᠷ ᠬᠠᠩᠭᠠᠬᠤ ᠬᠤᠳᠠᠯᠳᠤᠭᠠᠴᠢᠨ ᠢ ᠰᠣᠩᠭᠤᠵᠤ᠂ ᠬᠦᠢᠲᠡᠨ ᠬᠡᠯᠬᠢᠶᠡᠲᠦ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ | ᠪᠣᠯᠤᠨ ᠡᠬᠡ ᠳᠠᠩᠰᠠ ᠶᠢ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠢᠳᠡᠭᠡᠨ ᠢ ᠪᠤᠴᠠᠨ ᠮᠥᠷᠳᠡᠵᠦ | ᠪᠣᠯᠬᠤ ᠶᠢ ᠪᠠᠲᠤᠯᠠᠪᠠ᠃ ᠰᠤᠷᠭᠠᠭᠤᠯᠢ ᠶᠢᠨ ᠬᠤᠭᠤᠯᠠᠨ ᠭᠡᠷ ᠤᠨ ᠡᠯ᠎ᠡ ᠴᠢᠳᠠᠮᠵᠢᠲᠤ ᠳᠠᠰᠤᠭ ᠤᠨ ᠠᠵᠢᠯ ᠤᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠵᠢᠯᠲᠠᠨ᠂ | ᠠᠵᠢᠯᠯᠠᠭᠰᠠᠳ ᠲᠤ ᠲᠣᠭᠲᠠᠮᠠᠯ ᠬᠤᠭᠤᠴᠠᠭ᠎ᠠ ᠲᠠᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ ᠳᠦᠷᠢᠮ ᠢ | ᠲᠡᠭᠦᠯᠳᠡᠷᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠳᠠᠭ᠎ᠠ | ᠪᠦᠷᠢ ᠢᠳᠡᠭᠡᠨ ᠤ ᠵᠦᠢᠯ ᠤᠨ ᠶᠠᠩᠵᠤ ᠶᠢ ᠦᠯᠡᠳᠡᠭᠡᠵᠦ᠂ ᠲᠤᠰᠬᠠᠢ ᠯᠠᠩᠭᠦᠶ ᠳᠤ 48 ᠴᠠᠭ ᠠᠴᠠ ᠳᠡᠭᠡᠭᠰᠢ | ᠬᠦᠢᠲᠡᠨ ᠢᠶᠠᠷ ᠬᠠᠳᠠᠭᠠᠯᠠᠨ᠎ᠠ᠃ | ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ | ᠠᠬᠢᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠠ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠪᠠ᠃ ᠵᠠᠩᠭᠢᠯᠠᠭ᠎ᠠ ᠶᠢᠨ ᠬᠡᠰᠡᠭ᠂ ᠵᠠᠩᠭᠢᠯᠠᠭ᠎ᠠ ᠶᠢᠨ ᠪᠡᠯᠡᠳᠬᠡᠮᠵᠢ | ᠲᠥᠬᠦᠭᠡᠷᠦᠮᠵᠢ ᠪᠠ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠢ ᠥᠨᠴᠥᠭ ᠪᠤᠯᠤᠩ ᠦᠯᠡᠳᠡᠭᠡᠬᠦ ᠦᠭᠡᠢ ᠦᠨᠡᠨ ᠬᠦ | ᠪᠠᠲᠤᠯᠠᠪᠠ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠬᠤᠭᠤᠯᠠᠨ ᠭᠡᠷ ᠲᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠵᠤ᠂ | ᠪᠡᠯᠡ ᠮᠥᠩᠭᠦ ᠡᠳ᠋ ᠬᠥᠷᠥᠩᠭᠡ ᠶᠢᠨ ᠠᠮᠤᠷ ᠲᠦᠪᠰᠢᠨ ᠪᠠ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠡᠷᠡᠭᠦᠯ | ᠮᠡᠨᠳᠦ ᠶᠢ ᠴᠢᠩᠭ᠎ᠠ ᠠᠩᠬᠠᠷᠴᠤ᠂ ᠰᠤᠷᠤᠭᠴᠢᠳ ᠤᠨ ︽ᠴᠠᠳᠲᠠᠯ᠎ᠠ ᠢᠳᠡᠬᠦ︾᠂ ︽ᠰᠠᠶᠢᠨ ᠢᠳᠡᠬᠦ︾ ᠶᠢ | ᠪᠠᠲᠤᠯᠠᠨ᠎ᠠ᠃ | ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠡᠷᠡᠭᠦᠯ | ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ | ᠮᠡᠳᠡᠯᠭᠡ ᠶᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ | ᠦᠵᠡᠯ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠢᠳᠡᠭᠡᠨ ᠤ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ᠂ ᠢᠳᠡᠭᠡᠨ ᠤ ᠡᠵᠡᠩᠨᠡᠯᠲᠡ ᠶᠢᠨ ᠬᠠᠷᠢᠭᠤᠴᠠᠯᠭᠠᠲᠠᠨ᠂ | ᠠᠵᠢᠯᠯᠠᠭᠰᠠᠳ ᠤᠨ ᠢᠳᠡᠭᠡᠨ ᠤ ᠠᠶᠤᠯ ᠦᠭᠡᠢ ᠶᠢᠨ ᠬᠠᠤᠯᠢ ᠴᠠᠭᠠᠵᠠ ᠬᠠᠤᠯᠢ ᠳᠦᠷᠢᠮ ᠤᠨ ᠮᠡᠳᠡᠯᠭᠡ ᠶᠢᠨ | ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠬᠠᠤᠯᠢ ᠪᠠᠷ ᠵᠠᠰᠠᠬᠤ | ᠠᠵᠢᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | | | |