2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠵᠠᠯᠠᠭᠤᠴᠤᠳ ᠤᠨ ᠬᠤᠪᠢᠰᠬᠠᠯᠲᠤ ᠬᠦᠰᠡᠯ ᠢᠶᠠᠨ ᠪᠡᠶᠡᠯᠡᠭᠦᠯᠬᠦ ᠠᠶᠠᠯᠠᠯ︾ ᠭᠡᠬᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/11
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠵᠠᠯᠠᠭᠤᠴᠤᠳ ᠤᠨ ᠬᠤᠪᠢᠰᠬᠠᠯᠲᠤ           ᠬᠦᠰᠡᠯ ᠢᠶᠠᠨ ᠪᠡᠶᠡᠯᠡᠭᠦᠯᠬᠦ ᠠᠶᠠᠯᠠᠯ︾ ᠭᠡᠬᠦ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠩ ᠲᠤᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠠᠨ ᠶᠥᠩ ᠴᠢᠦᠸᠡᠨ ᠬᠤᠷᠠᠯ ᠢ ᠡᠷᠬᠢᠯᠡᠪᠡ᠃   

1.webp.jpg

      ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠣᠷᠣᠨ ᠤ ᠪᠠᠭᠰᠢ ᠰᠤᠷᠤᠭᠴᠢᠳ ᠤᠨ ᠲᠥᠯᠥᠭᠡᠯᠡᠭᠴᠢ ᠶᠡᠷᠦᠩᠬᠡᠢ

ᠱᠦᠵᠢ ᠰᠢ ᠶᠢᠨ ᠫᠢᠩ ᠤᠨ ︽ᠵᠠᠯᠠᠭᠤᠴᠤᠳ ᠤᠨ ᠬᠤᠪᠢᠰᠬᠠᠯᠲᠤ ᠬᠦᠰᠡᠯ ᠢᠶᠠᠨ ᠪᠡᠶᠡᠯᠡᠭᠦᠯᠬᠦ ᠠᠶᠠᠯᠠᠯ︾ ᠤᠨ

ᠤᠶᠤᠲᠠᠳ ᠲᠤ ᠥᠭᠭᠦᠭᠰᠡᠨ ᠬᠠᠷᠢᠭᠤ ᠵᠠᠬᠢᠳᠠᠯ ᠢ ᠳᠠᠬᠢᠨ ᠡᠷᠭᠢᠴᠡᠭᠦᠯᠪᠡ᠃ ᠠᠵᠢᠯᠯᠠᠭᠠᠨ ᠤ ᠶᠠᠪᠤᠴᠠ ᠳᠤ᠂ ᠯᠢᠨ

ᠾᠧ ᠲᠣᠭᠤᠷᠢᠭ ᠤᠨ ᠤᠯᠤᠰ ᠠᠴᠠ ᠡᠵᠡᠩᠨᠡᠭᠰᠡᠨ ᠰᠢᠨᠬᠤᠸᠠ ᠣᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ

ᠬᠤᠸᠠ ᠪᠣᠯᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠭᠦᠯᠦᠯᠲᠡ ᠶᠢᠨ

ᠲᠥᠪ ᠤᠨ ᠡᠷᠬᠢᠯᠡᠭᠴᠢ ᠵᠠᠩ ᠭᠤᠸᠠᠩ ᠮᠢᠩ ᠵᠠᠯᠠᠭᠤ ᠤᠶᠤᠲᠠᠳ ᠲᠠᠢ ᠶᠡᠷᠦᠩᠬᠡᠢ ᠱᠦᠵᠢ ᠰᠢ ᠶᠢᠨ ᠫᠢᠩ ᠳᠤ

ᠠᠵᠢᠯ ᠤᠨ ᠬᠠᠷᠢᠭᠤ ᠮᠡᠳᠡᠭᠦᠯᠦᠯᠲᠡ ᠬᠢᠬᠦ ᠦᠶ᠎ᠡ ᠶᠢᠨ ᠣᠯᠤᠯᠲᠠ ᠲᠥᠷᠥᠭᠳᠡᠯ  ᠢ ᠬᠤᠪᠢᠶᠠᠯᠴᠠᠵᠤ᠂ ᠪᠤᠭᠤᠲᠤ ᠶᠢᠨ

ᠪᠣᠯᠣᠳ ᠲᠡᠮᠦᠷ ᠤᠨ ᠺᠣᠮᠫᠠᠨᠢ ᠶᠢᠨ ᠠᠩᠬᠠᠨ ᠤ ᠪᠦᠲᠦᠭᠡᠨ ᠪᠠᠶᠢᠭᠤᠯᠤᠭᠴᠢ᠂ ᠪᠡᠶ᠎ᠡ ᠪᠠᠷ ᠢᠶᠠᠨ ᠥᠩᠭᠡᠷᠡᠭᠦᠯᠦᠭᠴᠢ ᠭᠧ

ᠬᠦᠢ ᠯᠢᠨ ᠪᠣᠯᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠾᠧᠦ ᠯᠢᠩ ᠬᠠᠮᠲᠤ ᠳᠤ ᠪᠠᠨ ︽ᠰᠡᠳᠬᠢᠯ ᠨᠢᠭᠡᠳᠦᠨ

ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠤᠭᠰᠠᠨ︾ ᠦᠯᠢᠭᠡᠷ ᠢ

ᠰᠡᠳᠬᠢᠯ ᠳᠣᠭᠳᠣᠯᠲᠠᠯ᠎ᠠ ᠶᠠᠷᠢᠪᠠ᠃ ᠠᠵᠢᠯᠯᠠᠭᠠᠨ ᠤ ᠠᠳᠠᠯᠢ ᠬᠤᠭᠤᠴᠠᠭᠠᠨ ᠳᠤ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠤᠶᠠᠷ ᠶᠡᠭᠡ ᠶᠠᠪᠤᠳᠠᠯ ᠳᠤ

ᠦᠢᠯᠡᠴᠢᠯᠡᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ︾ ᠶᠠᠷᠢᠶᠠᠨ ᠤ

ᠲᠠᠪᠴᠠᠩ ︵2024︶ ᠢ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 7 ᠶᠡᠭᠡ ᠳᠡᠭᠡᠳᠦ

ᠰᠤᠷᠭᠠᠭᠤᠯᠢ ᠶᠢᠨ 10 ᠲᠤᠰᠬᠠᠢ ᠮᠡᠷᠭᠡᠵᠢᠯᠲᠡᠨ ᠫᠷᠤᠹᠧᠰᠰᠤᠷ ᠢ ᠲᠤᠰ ᠲᠤᠰ ᠤᠷᠢᠵᠤ᠂ ᠥᠪᠡᠷᠲᠡᠭᠡᠨ ᠵᠠᠰᠠᠬᠤ

ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠲᠣᠭᠤᠷᠢᠨ ᠳᠤ

ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠃

   

2.webp.jpg

3.webp.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ  ᠤ ᠡᠯ᠎ᠡ

ᠳᠡᠭᠡᠳᠦ ᠰᠤᠷᠭᠠᠭᠤᠯᠢ ᠶᠢᠨ ᠬᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠶᠢᠨ

ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ

ᠪᠤᠶᠢᠵᠢᠭᠤᠯᠬᠤ ᠪᠠ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠬᠠᠷᠢᠭᠤᠴᠠᠯᠭ᠎ᠠ

ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ︽ᠵᠠᠯᠠᠭᠤᠴᠤᠳ ᠤᠨ ᠬᠤᠪᠢᠰᠬᠠᠯᠲᠤ ᠬᠦᠰᠡᠯ ᠢᠶᠠᠨ

ᠪᠡᠶᠡᠯᠡᠭᠦᠯᠬᠦ ᠠᠶᠠᠯᠠᠯ︾ ᠭᠡᠬᠦ ᠠᠵᠢᠯᠯᠠᠭ᠎ᠠ ᠶᠢ ᠳᠠᠬᠢᠨ ᠭᠦᠨᠵᠡᠭᠡᠶᠢᠷᠡᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠦᠨ

ᠦᠢᠯᠡᠰ ᠪᠤᠰᠬᠠᠬᠤ ᠬᠥᠮᠦᠵᠢᠯ ᠪᠣᠯᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠲᠤᠰᠬᠠᠢ ᠮᠡᠷᠭᠡᠵᠢᠯ ᠤᠨ

ᠰᠤᠷᠭᠠᠨ ᠬᠥᠮᠦᠵᠢᠯ ᠤᠨ  ᠠᠭᠤᠰᠤᠯᠴᠠᠭ᠎ᠠ ᠶᠢ ᠪᠦᠬᠦ ᠲᠠᠯ᠎ᠠ ᠪᠠᠷ ᠠᠬᠢᠭᠤᠯᠤᠨ᠂ ᠰᠢᠨ᠎ᠡ ᠶᠢ ᠡᠭᠦᠳᠦᠨ ᠦᠢᠯᠡᠰ

ᠪᠤᠰᠬᠠᠬᠤ ᠦᠢᠯᠡᠳᠦᠯᠭᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ

ᠠᠭᠤᠰᠤᠯᠴᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠪᠦᠬᠦ ᠣᠷᠣᠨ ᠤ ᠵᠠᠯᠠᠭᠤ ᠣᠶᠤᠲᠠᠳ ᠬᠦᠰᠡᠯᠡᠩ ᠢᠲᠡᠭᠡᠯ

ᠪᠢᠰᠢᠷᠡᠯ ᠢᠶᠠᠨ ᠪᠠᠲᠤᠳᠬᠠᠵᠤ᠂ ᠵᠣᠷᠢᠭ ᠰᠠᠨᠠᠭ᠎ᠠ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ ᠶᠢᠨ

ᠶᠠᠪᠤᠴᠠ ᠳᠤ ᠵᠠᠯᠠᠭᠤ ᠨᠠᠰᠤ ᠪᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠦᠢᠯᠡᠰ

ᠪᠣᠰᠬᠠᠬᠤ ᠶᠢ ᠬᠥᠭᠡᠭᠡᠴᠡᠯᠳᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ

ᠳᠤᠮᠳᠠᠳᠤ ᠶᠢᠨ ᠬᠦᠰᠡᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ︽ᠵᠠᠯᠠᠭᠤᠴᠤᠳ ᠤᠨ ᠬᠤᠪᠢᠰᠬᠠᠯᠲᠤ ᠬᠦᠰᠡᠯ ᠢᠶᠠᠨ ᠪᠡᠶᠡᠯᠡᠭᠦᠯᠬᠦ ᠠᠶᠠᠯᠠᠯ︾ ᠭᠡᠬᠦ

ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ᠂ ᠪᠣᠷᠣᠲᠣᠬᠤᠢ

ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂

ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ  ᠬᠠᠮᠲᠤᠷᠠᠨ ᠳᠠᠮᠵᠢᠵᠤ᠂ ᠪᠦᠬᠦ ᠣᠷᠣᠨ ᠤ 46 ᠶᠡᠭᠡ ᠳᠡᠭᠡᠳᠦ

ᠰᠤᠷᠭᠠᠭᠤᠯᠢ ᠶᠢᠨ ᠬᠤᠪᠢᠳᠠᠨ ᠬᠠᠮᠢᠶᠠᠷᠬᠤ ᠰᠤᠷᠭᠠᠭᠤᠯᠢ ᠶᠢᠨ ᠤᠳᠤᠷᠢᠳᠤᠯᠭ᠎ᠠ ᠪᠠ ᠪᠠᠭᠰᠢ ᠰᠤᠷᠤᠭᠴᠢᠳ  ᠤᠨ

ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号