ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ ᠰᠤᠷᠭᠠᠭᠤᠯᠢ︶ ᠤᠨ ᠠᠵᠢᠯ ᠤᠨ ᠬᠤᠯᠪᠣᠭ᠎ᠠ ᠶᠢ ᠪᠠᠶᠢᠭᠤᠯᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/6/11
      6 ᠳ᠋ᠤᠭᠠᠷ ᠰᠠᠷ᠎ᠠ ᠶᠢᠨ 5-6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠪᠣᠯᠤᠨ ᠶᠡᠭᠡ ᠳᠡᠭᠡᠳᠦ ᠰᠤᠷᠭᠠᠭᠤᠯᠢ  ᠶᠢᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠤᠷᠠᠯᠳᠤᠭᠤᠯᠪᠠ᠃ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ ᠰᠤᠷᠭᠠᠭᠤᠯᠢ︶ ᠤᠨ ᠠᠵᠢᠯ ᠤᠨ ᠬᠤᠯᠪᠣᠭ᠎ᠠ ᠶᠢ ᠪᠠᠶᠢᠭᠤᠯᠬᠤ ᠠᠵᠢᠯ ᠢ ᠡᠬᠢᠯᠡᠭᠦᠯᠪᠡ᠃

1.webp.jpg

      ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠭᠠᠳᠠᠭᠠᠳᠤ ᠶᠢᠨ ᠦᠭᠡ ᠬᠡᠯᠡᠨ ᠤ ᠰᠣᠯᠢᠯᠴᠠᠭ᠎ᠠ

ᠬᠠᠮᠲᠤᠷᠠᠯᠴᠠᠭᠠᠨ ᠤ ᠲᠥᠪ ᠤᠨ ᠲᠥᠷᠥ ᠶᠢᠨ ᠪᠣᠳᠣᠯᠭ᠎ᠠ ᠰᠤᠳᠤᠯᠬᠤ ᠭᠠᠵᠠᠷ ᠤᠨ ᠳᠠᠷᠤᠭ᠎ᠠ ᠯᠢᠦ ᠪᠢᠩ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠂ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠨᠠᠮ ᠤᠨ  ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠵᠢᠶᠦ᠋ᠨ ᠬᠤᠷᠠᠯ ᠳᠤ

ᠣᠷᠣᠯᠴᠠᠵᠤ ᠪᠠᠶᠠᠷ ᠤᠨ ᠦᠭᠡ ᠬᠡᠯᠡᠪᠡ᠃

    

2.webp.jpg

      ᠬᠤᠷᠠᠯ ᠠᠴᠠ᠂ ᠥᠪᠥᠷ ᠮᠣᠩᠭᠤᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ

ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠦᠢᠯᠡᠰ ᠤᠨ

ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠤᠯᠠᠮ

ᠴᠠᠭᠠᠰᠢᠲᠠ ᠲᠡᠭᠦᠯᠳᠡᠷᠵᠢᠭᠦᠯᠵᠦ᠂ ᠺᠦᠩᠽᠢ ᠳᠡᠭᠡᠳᠦ ᠰᠤᠷᠭᠠᠭᠤᠯᠢ ︵ᠬᠢᠴᠢᠶᠡᠯ︶ ᠶᠢᠨ ᠪᠠᠶᠢᠭᠤᠯᠤᠯᠲᠠ ᠶᠢ

ᠴᠢᠩᠭᠠᠳᠬᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ︵ᠺᠦᠩᠽᠢ ᠳᠡᠭᠡᠳᠦ

ᠰᠤᠷᠭᠠᠭᠤᠯᠢ︶ ᠤᠨ ᠠᠵᠢᠯ ᠤᠨ ᠬᠤᠯᠪᠣᠭ᠎ᠠ ᠪᠠᠶᠢᠭᠤᠯᠤᠭᠳᠠᠭᠰᠠᠨ ᠨᠢ ᠣᠷᠣᠨ ᠤ ᠳᠣᠲᠣᠷᠠᠬᠢ ᠶᠡᠭᠡ ᠳᠡᠭᠡᠳᠦ

ᠰᠤᠷᠭᠠᠭᠤᠯᠢ ᠶᠢᠨ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ

ᠪᠠᠶᠠᠯᠢᠭ ᠢ ᠦᠷᠭᠦᠯᠵᠢᠯᠡᠨ ᠪᠦᠲᠦᠮᠵᠢᠲᠡᠢ ᠲᠥᠪᠯᠡᠷᠡᠭᠦᠯᠦᠨ ᠨᠡᠶᠢᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ᠂

ᠪᠣᠯᠪᠠᠰᠤᠨ ᠢ ᠲᠤᠯᠢᠳᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠡᠷᠳᠡᠮ ᠰᠢᠨᠵᠢᠯᠡᠭᠡᠨ ᠵᠡᠷᠭᠡ ᠬᠦᠷᠢᠶᠡᠨ ᠳᠤ ᠣᠯᠠᠨ

ᠡᠰᠢᠵᠢᠭᠦᠯᠦᠭᠰᠡᠨ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ

ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠳᠡᠭᠡᠷ᠎ᠡ᠂ ᠳ᠋ᠠᠯᠢᠶᠠᠨ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠪᠡᠭᠡᠵᠢᠩ ᠭᠠᠳᠠᠭᠠᠳᠤ ᠬᠡᠯᠡᠨ ᠤ

ᠶᠡᠭᠡ ᠰᠤᠷᠭᠠᠭᠤᠯᠢ᠂ ᠵᠧᠵᠢᠶᠠᠩ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠪᠠᠭᠰᠢ ᠶᠢᠨ ᠶᠡᠭᠡ ᠰᠤᠷᠭᠠᠭᠤᠯᠢ

ᠵᠡᠷᠭᠡ ᠰᠤᠷᠭᠠᠭᠤᠯᠢ ᠶᠢᠨ 5 ᠲᠤᠰᠬᠠᠢ ᠮᠡᠷᠭᠡᠵᠢᠯᠲᠡᠨ ᠲᠤᠰ ᠲᠤᠰ ᠶᠡᠭᠡ ᠳᠡᠭᠡᠳᠦ ᠰᠤᠷᠭᠠᠭᠤᠯᠢ ᠶᠢᠨ ᠣᠯᠠᠨ

ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠦᠢᠯᠡᠳᠦᠯ ᠢ

ᠪᠠᠳᠠᠷᠠᠭᠤᠯᠬᠤ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ

ᠠᠬᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ

ᠲᠠᠶᠢᠯᠤᠮᠵᠢ ᠬᠢᠵᠡᠢ᠃

      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠵᠢᠯᠣᠭᠤᠳᠴᠤ᠂ ᠥᠪᠥᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠠᠴᠠ

ᠭᠤᠣᠯᠯᠠᠨ ᠡᠷᠬᠢᠯᠡᠵᠦ᠂ ᠪᠦᠬᠦ ᠣᠷᠣᠨ ᠤ 36 ᠳᠡᠭᠡᠳᠦ ᠰᠤᠷᠭᠠᠭᠤᠯᠢ᠂ 14 ᠳᠤᠮᠳᠠᠳᠤ ᠪᠠᠭ᠎ᠠ ᠰᠤᠷᠭᠠᠭᠤᠯᠢ ᠶᠢᠨ

ᠲᠥᠯᠥᠭᠡᠯᠡᠭᠴᠢ ᠬᠤᠷᠠᠯ ᠳᠤ ᠣᠷᠣᠯᠴᠠᠵᠠᠢ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号