ᠥᠪᠥᠷ ᠰᠤᠷᠭᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ | | | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠤ᠄ | ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ︽ᠰᠤᠷᠭᠠᠭᠤᠯᠢ ᠭᠡᠷ ᠪᠦᠯᠢ | ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣᠬᠠᠨ ᠤ ᠮᠠᠨ ᠤ ᠣᠷᠣᠨ ᠤ ᠬᠠᠮᠵᠢᠯᠴᠠᠨ ᠬᠥᠮᠦᠨ | ᠬᠥᠮᠦᠵᠢᠭᠦᠯᠬᠦ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ | ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ | ᠰᠤᠳᠤᠯᠤᠨ ᠲᠣᠭᠲᠠᠭᠠᠵᠤ᠂ ᠡᠳᠦᠭᠡ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ | ᠬᠡᠷᠡᠭᠲᠡᠢ᠃ | | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ | ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠷᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ | | | 2024 ᠣᠨ ᠤ 5 ᠰᠠᠷ᠎ᠠ ᠶᠢᠨ 16 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠳᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ | | ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ᠰᠤᠷᠭᠠᠭᠤᠯᠢ ᠭᠡᠷ ᠪᠦᠯᠢ | ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠰᠤᠷᠭᠠᠨ | ᠬᠥᠮᠥᠵᠢᠯ ᠤᠨ ᠦᠵᠡᠯᠲᠡ ᠶᠢ ᠪᠠᠷᠢᠮᠲᠠᠯᠠᠨ᠂ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠶᠢᠨ ᠲᠠᠨᠢᠯᠲᠠ ᠶᠢ | ᠴᠢᠩᠭᠠᠳᠬᠠᠵᠤ᠂ ᠮᠠᠨ ᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ | ᠪᠠᠶᠢᠷᠢᠰᠢᠯᠠᠭᠤᠯᠤᠯᠲᠠ ᠶᠢ ᠢᠳᠡᠪᠬᠢᠲᠡᠢ ᠪᠠᠶᠢᠭᠤᠯᠬᠤ ᠶᠢᠨ ᠲᠥᠯᠦᠭᠡ᠂ ᠲᠤᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠬᠥᠮᠦᠨ ᠬᠥᠮᠦᠵᠢᠭᠦᠯᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠵᠠᠰᠠᠭ ᠤᠨ | ᠣᠷᠳᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠳᠠᠬᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠰᠲ᠋ᠧᠮ ᠲᠠᠢ ᠲᠥᠯᠥᠪᠵᠢᠭᠦᠯᠬᠦ ᠶᠢ | ᠴᠢᠩᠭᠠᠳᠬᠠᠵᠤ᠂ ᠰᠠᠯᠠᠭ᠎ᠠ ᠮᠥᠴᠢᠷ ᠤᠨ ᠬᠢᠨ ᠬᠤᠯᠪᠤᠯᠳᠤᠨ ᠬᠥᠳᠡᠯᠦᠯᠴᠡᠬᠦ ᠶᠢ ᠠᠬᠢᠭᠤᠯᠤᠨ᠂ ᠨᠥᠬᠦᠴᠡᠯ ᠤᠨ | ᠪᠠᠲᠤᠯᠠᠭ᠎ᠠ ᠶᠢ ᠴᠢᠩᠭᠠᠷᠠᠭᠤᠯᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠳᠦᠷᠢᠮ ᠤᠨ | ᠪᠠᠶᠢᠭᠤᠯᠤᠯᠲᠠ᠂ ᠵᠢᠯᠣᠭᠤᠳᠬᠤ ᠦᠢᠯᠡᠴᠢᠯᠡᠭᠡ᠂ ᠨᠥᠬᠦᠴᠡᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠰᠤᠷᠤᠭᠴᠢᠳ ᠤᠨ ᠥᠰᠦᠨ | ᠪᠣᠶᠢᠵᠢᠯᠲᠠ ᠶᠢᠨ ᠵᠢᠮ᠎ᠡ ᠶᠣᠰᠣ ᠪᠠ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠡᠵᠡᠮᠳᠡᠨ᠂ ︽ᠬᠤᠶᠠᠷ ᠢ | ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠮᠦᠨ ᠬᠥᠮᠦᠵᠢᠭᠦᠯᠬᠦ | ᠪᠦᠲᠦᠮᠵᠢᠲᠡᠢ ᠠᠷᠭ᠎ᠠ ᠪᠠᠷᠢᠯ ᠪᠠ ᠠᠷᠭ᠎ᠠ ᠵᠠᠮ ᠢ ᠰᠦᠪᠡᠭᠴᠢᠯᠡᠨ᠂ ᠬᠥᠮᠦᠨ ᠬᠥᠮᠦᠵᠢᠭᠦᠯᠬᠦ ᠬᠠᠮ ᠬᠦᠴᠦᠨ ᠢ ᠦᠨᠡᠨ | ᠬᠦ ᠴᠢᠩᠭᠠᠳᠬᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ | ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ | ᠨᠢᠭᠡᠳᠦᠯᠲᠡᠢ ᠲᠥᠯᠥᠪᠯᠡᠨ ᠤᠳᠤᠷᠢᠳᠬᠤ ᠶᠢ ᠨᠡᠩ ᠬᠦᠴᠦᠲᠡᠢ ᠠᠬᠢᠭᠤᠯᠵᠤ᠂ ᠳᠦᠷᠢᠮ ᠤᠨ ᠳᠣᠭᠲᠠᠯᠴᠠᠭ᠎ᠠ ᠶᠢ | ᠦᠨᠳᠦᠰᠦᠨ ᠳᠤ ᠪᠠᠨ ᠪᠠᠶᠢᠭᠤᠯᠤᠨ ᠲᠡᠭᠦᠯᠳᠡᠷᠵᠢᠭᠦᠯᠦᠨ᠎ᠡ︔ ᠰᠤᠷᠭᠠᠭᠤᠯᠢ ᠢᠳᠡᠪᠬᠢᠲᠡᠢ ᠭᠤᠣᠯᠯᠠᠨ ᠤᠳᠤᠷᠢᠳᠬᠤ᠂ | ᠭᠡᠷ ᠪᠦᠯᠢ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠤᠨ ᠬᠢᠨ ᠢᠳᠡᠪᠬᠢᠲᠡᠢ ᠳᠡᠮᠵᠢᠭᠰᠡᠨ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠰᠤᠷᠤᠭᠴᠢᠳ ᠤᠨ ᠪᠦᠬᠦ ᠲᠠᠯ᠎ᠠ | ᠪᠠᠷ ᠬᠥᠭᠵᠢᠵᠦ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠨᠡᠩ | ᠭᠦᠨ ᠵᠤᠵᠠᠭᠠᠨ ᠪᠣᠯᠭᠠᠨ᠎ᠠ︔ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ | ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ | ᠨᠡᠩ ᠲᠤᠰᠬᠠᠢ ᠮᠡᠷᠭᠡᠵᠢᠭᠦᠯᠦᠨᠡ︔ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠦᠵᠢᠭᠦᠯᠬᠦ | ᠦᠵᠡᠯᠲᠡ ᠶᠢ ᠦᠨᠳᠦᠰᠦᠨ ᠳᠤ ᠪᠠᠨ ᠪᠣᠢ ᠪᠣᠯᠭᠠᠵᠤ᠂ ᠭᠡᠷ ᠤᠨ ᠬᠥᠮᠦᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠡᠩ ᠪᠣᠳᠠᠲᠠᠶᠢᠵᠢᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠭᠡᠷ ᠤᠨ | ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠠᠶᠢᠭᠤᠯᠵᠤ᠂ ᠨᠡᠶᠢᠭᠡᠮ ᠤᠨ ᠬᠥᠮᠦᠨ | ᠬᠥᠮᠦᠵᠢᠭᠦᠯᠬᠦ ᠡᠬᠢ ᠪᠠᠶᠠᠯᠢᠭ ᠤᠨ ᠠᠰᠢᠭᠯᠠᠯᠲᠠ ᠶᠢ ᠨᠡᠩ ᠲᠡᠭᠦᠯᠳᠡᠷᠵᠢᠭᠦᠯᠦᠨ᠎ᠡ᠃ 2035 ᠣᠨ ᠪᠣᠯᠬᠤ ᠳᠤ᠂ | ᠪᠠᠶᠢᠷᠢ ᠲᠣᠭᠲᠠᠭᠠᠯᠲᠠ ᠲᠣᠳᠣᠷᠬᠠᠢ᠂ ᠲᠣᠭᠲᠠᠴᠠ ᠪᠦᠷᠢᠨ ᠲᠡᠭᠦᠯᠳᠡᠷ᠂ ᠨᠢᠭᠲᠠ ᠬᠤᠯᠪᠣᠯᠳᠤᠨ ᠬᠥᠳᠡᠯᠦᠯᠴᠡᠬᠦ᠂ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ | ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠤᠷᠭᠠᠭᠤᠯᠢ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠭᠤᠣᠯᠯᠠᠬᠤ | ᠦᠢᠯᠡᠳᠦᠯ ᠢ ᠪᠠᠳᠠᠷᠠᠭᠤᠯᠤᠨ᠎ᠠ | 1. ᠭᠡᠷ ᠪᠦᠯᠢ ᠪᠠ ᠰᠤᠷᠭᠠᠭᠤᠯᠢ ᠶᠢᠨ ᠪᠦᠲᠦᠮᠵᠢᠲᠡᠢ ᠨᠡᠪᠲᠡᠷᠡᠬᠦ ᠲᠣᠭᠲᠠᠴᠠ ᠶᠢ ᠪᠠᠶᠢᠭᠤᠯᠤᠨ᠎ᠠ᠃ | ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠤᠯᠠᠮ | ᠨᠢᠭᠡ ᠠᠯᠬᠤᠮ ᠴᠢᠩᠭᠠᠷᠠᠭᠤᠯᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠦᠵᠡᠯ | ᠰᠠᠨᠠᠭ᠎ᠠ ᠤᠷᠮ᠎ᠠ ᠰᠡᠳᠬᠢᠯᠭᠡ᠂ ᠰᠤᠷᠤᠯᠭ᠎ᠠ ᠶᠢᠨ ᠪᠠᠶᠢᠳᠠᠯ᠂ ᠦᠢᠯᠡ ᠠᠵᠢᠯᠯᠠᠭᠠᠨ ᠤ ᠢᠯᠡᠷᠡᠯ ᠪᠠ ᠪᠡᠶ᠎ᠡ ᠰᠡᠳᠬᠢᠯ ᠤᠨ | ᠬᠥᠭᠵᠢᠯᠲᠡ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠳᠠᠷᠤᠢ ᠳᠤ ᠨᠢ ᠭᠡᠷ ᠤᠨ ᠠᠬᠠᠮᠠᠳ ᠲᠤ | ᠮᠡᠳᠡᠭᠳᠡᠨ᠎ᠡ᠃ ᠡᠯ᠎ᠡ ᠰᠤᠷᠭᠠᠭᠤᠯᠢ ᠭᠡᠷ ᠪᠦᠯᠢ ᠪᠠ ᠰᠤᠷᠭᠠᠭᠤᠯᠢ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠭᠡᠷ ᠤᠨ ᠠᠬᠠᠮᠠᠳ ᠲᠠᠢ ᠬᠠᠷᠢᠯᠴᠠᠬᠤ ᠳᠡᠪᠲᠡᠷ ᠢ ᠪᠡᠯᠡᠳᠭᠡᠨ᠂ ᠤᠲᠠᠰᠤ᠂ ᠸᠢᠴᠠᠲ᠂ | QQ᠂ ᠳ᠋ᠢᠩ ᠳ᠋ᠢᠩ ᠵᠡᠷᠭᠡ ᠴᠠᠭ ᠲᠤᠬᠠᠢ ᠳᠤ ᠨᠢ ᠨᠡᠪᠲᠡᠷᠡᠵᠦ ᠪᠣᠯᠬᠤ ᠴᠢᠮᠡᠭᠡ ᠬᠤᠯᠪᠣᠭᠠᠨ ᠤ ᠪᠠᠭᠠᠵᠢ ᠶᠢ ᠰᠠᠶᠢᠲᠤᠷ | ᠬᠡᠷᠡᠭᠯᠡᠨ᠂ ᠭᠡᠷ ᠤᠨ ᠠᠬᠠᠮᠠᠳ ᠤᠨ ᠬᠤᠷᠠᠯ᠂ ᠭᠡᠷ ᠤᠨ ᠰᠤᠷᠪᠤᠯᠵᠢᠯᠠᠭ᠎ᠠ᠂ ᠭᠡᠷ ᠤᠨ ᠠᠬᠠᠮᠠᠳ ᠤᠨ ᠨᠡᠭᠡᠭᠡᠯᠲᠡᠲᠦ ᠡᠳᠦᠷ᠂ | ᠭᠡᠷ ᠤᠨ ᠠᠬᠠᠮᠠᠳ ᠢ ᠬᠦᠯᠢᠶᠡᠨ ᠠᠪᠴᠤ ᠠᠭᠤᠯᠵᠠᠬᠤ ᠡᠳᠦᠷ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷ | ᠪᠦᠯᠢ ᠪᠠ ᠰᠤᠷᠭᠠᠭᠤᠯᠢ ᠪᠠᠶᠢᠩᠭᠤ ᠨᠡᠪᠲᠡᠷᠡᠨ ᠬᠠᠷᠢᠯᠴᠠᠬᠤ ᠶᠢ ᠰᠠᠶᠢᠲᠤᠷ ᠪᠡᠶᠡᠯᠡᠭᠦᠯᠦᠨ᠎ᠡ᠃ ᠰᠤᠷᠭᠠᠭᠤᠯᠢ ᠶᠢᠨ | ᠤᠳᠤᠷᠢᠳᠤᠯᠭ᠎ᠠ ᠲᠦᠷᠦᠭᠦᠯᠡᠨ ᠭᠡᠷ ᠤᠨ ᠰᠤᠷᠪᠤᠯᠵᠢᠯᠠᠭ᠎ᠠ ᠥᠷᠨᠢᠭᠦᠯᠵᠦ᠂ ᠠᠩᠭᠢ ᠶᠢᠨ ᠡᠷᠬᠢᠯᠡᠭᠴᠢ ᠵᠢᠯ ᠪᠦᠷᠢ | ᠰᠤᠷᠤᠭᠴᠢ ᠨᠢᠭᠡ ᠪᠦᠷᠢ ᠶᠢᠨ ᠭᠡᠷ ᠲᠤ ᠬᠠᠮᠤᠭ ᠤᠨ ᠪᠠᠭ᠎ᠠ ᠳᠤ ᠪᠠᠨ ᠨᠢᠭᠡ ᠤᠳᠠᠭ᠎ᠠ ᠭᠡᠷ ᠤᠨ ᠰᠤᠷᠪᠤᠯᠵᠢᠯᠠᠭ᠎ᠠ ᠬᠢᠵᠦ᠂ | ᠭᠡᠷ ᠲᠤ ᠪᠠᠨ ᠦᠯᠡᠳᠡᠭᠰᠡᠨ ᠬᠡᠦᠬᠡᠳ ᠤᠨ ᠭᠡᠷ ᠲᠤ ᠲᠣᠭᠲᠠᠮᠠᠯ ᠬᠤᠭᠤᠴᠠᠭ᠎ᠠ ᠲᠠᠢ ᠭᠡᠷ ᠤᠨ ᠰᠣᠷᠪᠤᠯᠵᠢᠯᠠᠭ᠎ᠠ ᠬᠢᠵᠦ᠂ | ᠪᠤᠰᠤᠳ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠰᠤᠷᠤᠭᠴᠢ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ | ᠭᠡᠷ ᠤᠨ ᠰᠤᠷᠪᠤᠯᠵᠢᠯᠠᠭ᠎ᠠ ᠬᠢᠬᠦ ᠶᠢ ᠨᠡᠮᠡᠭᠳᠡᠭᠦᠯᠦᠨ᠎ᠡ᠃ ᠠᠩᠭᠢ ᠪᠦᠷᠢ ᠰᠤᠷᠤᠯᠭ᠎ᠠ ᠶᠢᠨ ᠵᠢᠯ ᠪᠦᠷᠢ ᠰᠦᠯᠵᠢᠶᠡᠨ ᠳᠠᠬᠢ | ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠠᠮᠤᠭ ᠤᠨ ᠪᠠᠭ᠎ᠠ ᠳᠤ ᠪᠠᠨ 2 ᠤᠳᠠᠭ᠎ᠠ | ᠭᠡᠷ ᠤᠨ ᠠᠬᠠᠮᠠᠳ ᠤᠨ ᠬᠤᠷᠠᠯ ᠬᠢᠵᠦ᠂ ᠬᠤᠯᠪᠣᠭᠳᠠᠯ ᠪᠦᠬᠦᠢ ᠬᠢᠴᠢᠶᠡᠯ ᠲᠥᠷᠦᠯ ᠤᠨ ᠪᠠᠭᠰᠢ ᠪᠦᠬᠦ ᠶᠠᠪᠤᠴᠠ ᠳᠤ | ᠣᠷᠣᠯᠴᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ︶ | 2. ᠭᠡᠷ ᠤᠨ ᠬᠥᠮᠦᠵᠢᠯ ᠢ ᠵᠢᠯᠣᠭᠤᠳᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠡᠷ ᠤᠨ ᠬᠥᠮᠦᠵᠢᠯ ᠢ | ᠵᠢᠯᠣᠭᠤᠳᠬᠤ ᠵᠥᠪᠯᠡᠯ ᠪᠠ ᠭᠡᠷ ᠤᠨ ᠠᠬᠠᠮᠠᠳ ᠤᠨ ᠵᠥᠪᠯᠡᠯ ᠢ ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮ | ᠲᠣᠭᠲᠠᠭᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠳᠦᠷᠢᠮ ᠢ | ᠲᠡᠭᠦᠯᠳᠡᠷᠵᠢᠭᠦᠯᠦᠨ᠂ ᠠᠵᠢᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠭᠡᠷ ᠤᠨ ᠠᠬᠠᠮᠠᠳ ᠤᠨ ᠰᠤᠷᠭᠠᠭᠤᠯᠢ᠂ ᠭᠡᠷ ᠤᠨ ᠠᠬᠠᠮᠠᠳ ᠤᠨ ᠵᠥᠪᠯᠡᠯ᠂ ᠭᠡᠷ ᠤᠨ ᠰᠤᠷᠪᠤᠯᠵᠢᠯᠠᠭ᠎ᠠ ᠶᠢᠨ ᠳᠦᠷᠢᠮ | ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠭᠡᠷ ᠤᠨ ᠠᠬᠠᠮᠠᠳ ᠤᠨ ᠰᠤᠷᠭᠠᠭᠤᠯᠢ ᠶᠢᠨ ᠪᠥᠲᠦᠭᠡᠨ | ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠠᠶᠢᠮᠠᠭ | ᠬᠤᠲᠠ᠂ ᠬᠤᠰᠢᠭᠤ ᠰᠢᠶᠠᠨ ᠳᠤ ᠭᠡᠷ ᠤᠨ ᠠᠬᠠᠮᠠᠳ ᠤᠨ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ ᠶᠢ ᠪᠠᠶᠢᠭᠤᠯᠤᠨ᠂ | ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ | ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠭᠡᠷ ᠤᠨ | ᠠᠬᠠᠮᠠᠳ ᠤᠨ ᠰᠤᠷᠭᠠᠭᠤᠯᠢ ᠯᠤᠭ᠎ᠠ ᠡᠬᠢ ᠪᠠᠶᠠᠯᠢᠭ ᠢ ᠬᠤᠪᠢᠶᠠᠯᠴᠠᠨ ᠡᠳ᠋ᠯᠡᠵᠦ ᠪᠣᠯᠤᠨ᠎ᠠ᠃ ᠡᠯ᠎ᠡ ᠭᠠᠵᠠᠷ ᠤᠨ ᠡᠯ᠎ᠡ | ᠰᠤᠷᠭᠠᠭᠤᠯᠢ ᠶᠢᠨ ᠬᠢᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠬᠦ ᠶᠢ ᠴᠢᠬᠤᠯᠠ | ᠡᠭᠦᠷᠭᠡ ᠬᠠᠷᠢᠭᠤᠴᠠᠯᠭ᠎ᠠ ᠪᠣᠯᠭᠠᠵᠤ᠂ ᠲᠡᠭᠦᠨ ᠢ ᠰᠤᠷᠭᠠᠭᠤᠯᠢ ᠶᠢᠨ ᠠᠵᠢᠯ ᠤᠨ ᠲᠥᠯᠥᠪᠯᠡᠭᠡ ᠳᠤ ᠣᠷᠣᠭᠤᠯᠤᠨ᠂ | ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠪᠠᠭᠰᠢ ᠶᠢ ᠰᠢᠯᠭᠠᠨ | ᠦᠨᠡᠯᠡᠬᠦ ᠳᠣᠭᠲᠠᠯᠴᠠᠭᠠᠨ ᠳᠤ ᠣᠷᠣᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠨᠠᠶᠢᠷᠠᠭᠤᠯᠤᠨ | ᠳᠠᠷᠤᠮᠠᠯᠯᠠᠭᠰᠠᠨ ᠭᠡᠷ ᠤᠨ ᠬᠥᠮᠦᠵᠢᠯ ᠢ ᠵᠢᠯᠣᠭᠤᠳᠬᠤ ᠤᠩᠰᠢᠬᠤ ᠪᠢᠴᠢᠭ ᠢ ᠰᠠᠶᠢᠲᠤᠷ ᠬᠡᠷᠡᠭᠯᠡᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ | ᠭᠡᠷ ᠤᠨ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠬᠤ ᠲᠤᠬᠠᠢ ᠵᠢᠯᠣᠭᠤᠳᠬᠤ ᠬᠥᠲᠥᠯᠪᠦᠷᠢ︾ ᠶᠢ | ᠨᠠᠶᠢᠳᠠᠪᠤᠷᠢᠵᠢᠭᠤᠯᠤᠨ᠂ ᠵᠢᠯᠣᠭᠤᠳᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠯᠭ᠎ᠠ ᠶᠢᠨ | ᠬᠤᠭᠤᠴᠠᠭ᠎ᠠ ᠪᠦᠷᠢ ᠳᠤ ᠬᠠᠮᠤᠭ ᠤᠨ ᠪᠠᠭ᠎ᠠ ᠳᠤ ᠪᠠᠨ 2 ᠤᠳᠠᠭ᠎ᠠ ᠭᠡᠷ ᠤᠨ ᠬᠥᠮᠦᠵᠢᠯ ᠢ ᠵᠢᠯᠣᠭᠤᠳᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠭᠰᠡᠨ ᠬᠡᠦᠬᠡᠳ ᠵᠡᠷᠭᠡ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ | ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠤᠨ ᠬᠥᠮᠦᠵᠢᠯ ᠢ ᠬᠠᠪᠰᠤᠷᠤᠨ ᠲᠡᠳᠬᠦᠬᠦ ᠡᠬᠡ | ᠳᠠᠩᠰᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ︶ | 3. ᠭᠡᠷ ᠤᠨ ᠬᠥᠮᠦᠵᠢᠯ ᠢ ᠵᠢᠯᠣᠭᠤᠳᠬᠤ ᠬᠡᠯᠪᠡᠷᠢ ᠶᠢ ᠪᠠᠶᠠᠯᠢᠭᠵᠢᠭᠤᠯᠤᠨ᠎ᠠ᠃ ᠭᠡᠷ ᠤᠨ ᠬᠥᠮᠦᠵᠢᠯ ᠤᠨ | ᠲᠤᠰᠬᠠᠢ ᠮᠡᠷᠭᠡᠵᠢᠯᠲᠡᠨ᠂ ᠰᠤᠷᠭᠠᠭᠤᠯᠢ ᠶᠢᠨ ᠵᠠᠬᠢᠷᠤᠯ᠂ ᠬᠠᠮᠢᠶ᠎ᠠ ᠪᠦᠬᠦᠢ ᠪᠠᠭᠰᠢ᠂ ᠡᠴᠢᠭᠡ ᠡᠬᠡ ᠶᠢ ᠤᠷᠢᠵᠤ | ᠯᠧᠺᠲ᠋ᠣᠷ ᠤᠨ ᠪᠦᠯᠬᠦᠮ ᠪᠠᠶᠢᠭᠤᠯᠵᠤ᠂ ᠪᠣᠯᠪᠠᠰᠤᠷᠠᠭᠤᠯᠤᠯ ᠪᠠ ᠲᠠᠶᠢᠯᠤᠮᠵᠢ ᠬᠢᠬᠦ᠂ ᠵᠦᠪᠯᠡᠯᠭᠡ ᠥᠭᠬᠦ ᠦᠢᠯᠡᠴᠢᠯᠡᠭᠡ᠂ | ᠲᠤᠷᠰᠢᠯᠭ᠎ᠠ ᠰᠣᠯᠢᠯᠴᠠᠬᠤ᠂ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠵᠡᠷᠭᠡ ᠣᠯᠠᠨ ᠶᠠᠩᠵᠤ ᠬᠡᠯᠪᠡᠷᠢ ᠶᠢᠨ | ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠪᠠ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ | ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠨᠣᠯᠵᠢᠬᠤᠨ᠂ ᠴᠢᠬᠤᠯᠠ ᠶᠡᠭᠡ ᠰᠤᠷᠭᠠᠨ ᠬᠥᠮᠦᠵᠢᠯ ᠤᠨ | ᠲᠥᠷᠥ ᠶᠢᠨ ᠪᠣᠳᠣᠯᠭ᠎ᠠ ᠪᠠ ᠭᠡᠷ ᠤᠨ ᠬᠥᠮᠦᠵᠢᠯ ᠤᠨ ᠮᠡᠳᠡᠯᠭᠡ ᠶᠢ ᠤᠬᠠᠭᠤᠯᠵᠤ᠂ ᠭᠡᠷ ᠤᠨ ᠠᠬᠠᠮᠠᠳ ᠤᠨ ᠨᠡᠶᠢᠳᠡᠮ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ᠂ | ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠮᠡᠳᠡᠭᠡ ᠵᠠᠩᠭᠢ ᠶᠢᠨ ᠲᠠᠪᠴᠠᠩ ᠢ ᠰᠠᠶᠢᠲᠤᠷ ᠬᠡᠷᠡᠭᠯᠡᠵᠦ᠂ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠮᠡᠳᠡᠭᠡ ᠵᠠᠩᠭᠢ ᠶᠢ ᠤᠬᠠᠭᠤᠯᠵᠤ᠂ ᠭᠡᠷ ᠤᠨ | ᠠᠬᠠᠮᠠᠳ ᠢ ᠰᠤᠷᠭᠠᠭᠤᠯᠢ ᠶᠢᠨ ᠰᠤᠷᠭᠠᠨ ᠬᠥᠮᠦᠵᠢᠯ ᠢ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠬᠤ ᠪᠠᠷ ᠬᠥᠲᠦᠯᠦᠨ | ᠵᠢᠯᠣᠭᠤᠳᠤᠨ᠎ᠠ᠃ ᠭᠡᠷ ᠤᠨ ᠠᠬᠠᠮᠠᠳ ᠪᠠ ᠰᠤᠷᠤᠭᠴᠢᠳ ᠬᠠᠮᠲᠤ ᠳᠤ ᠪᠠᠨ ᠣᠷᠣᠯᠴᠠᠬᠤ ᠠᠵᠢᠯᠯᠠᠭ᠎ᠠ ᠶᠢ | ᠥᠷᠨᠢᠭᠦᠯᠵᠦ᠂ ᠴᠢᠬᠤᠯᠠ ᠶᠡᠭᠡ ᠳᠤᠷᠠᠰᠬᠠᠯ ᠤᠨ ᠡᠳᠦᠷ᠂ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠢᠶᠠᠷ | ᠠᠵᠠ ᠲᠣᠬᠢᠶᠠᠯ ᠪᠣᠯᠭᠠᠨ᠂ ᠪᠠᠶᠠᠯᠢᠭ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠪᠠᠷ | ᠳᠠᠮᠵᠢᠭᠤᠯᠤᠨ ᠡᠴᠢᠭᠡ ᠡᠬᠡ ᠬᠡᠦᠬᠡᠳ ᠤᠨ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠭᠡᠷ ᠤᠨ | ᠠᠬᠠᠮᠠᠳ ᠪᠠ ᠰᠤᠷᠭᠠᠭᠤᠯᠢ ᠬᠠᠮᠲᠤ ᠳᠤ ᠪᠠᠨ ᠪᠤᠶᠢᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ ᠭᠡᠷ ᠤᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠦᠷᠭᠦᠯᠵᠢᠯᠡᠨ ᠥᠷᠨᠢᠭᠦᠯᠵᠦ᠂ | ︽ᠭᠡᠷ ᠲᠤ ᠪᠠᠨ ᠢᠯᠡᠭᠡᠭᠰᠡᠨ ᠵᠠᠬᠢᠳᠠᠯ︾ ᠤᠨ ᠤᠩᠰᠢᠯᠭ᠎ᠠ ᠶᠢᠨ ᠤᠷᠤᠯᠳᠤᠭᠠᠨ ᠪᠠ ᠰᠦᠯᠵᠢᠶᠡᠨ ᠳᠤ ︽ᠮᠢᠨᠦ ᠭᠡᠷ ᠤᠨ | ᠰᠤᠷᠲᠠᠯ ᠤᠨ ᠦᠯᠢᠭᠡᠷ︾ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠢ ᠥᠷᠨᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ | ᠬᠤᠷᠠᠯ︶ | 4. ᠨᠡᠶᠢᠭᠡᠮ ᠤᠨ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠦᠢᠯᠡᠳᠦᠯ ᠢ ᠪᠠᠳᠠᠷᠠᠭᠤᠯᠤᠨ᠎ᠠ᠃ ᠡᠯ᠎ᠡ | ᠭᠠᠵᠠᠷ ᠤᠨ ᠡᠯ᠎ᠡ ᠰᠤᠷᠭᠠᠭᠤᠯᠢ ᠳᠣᠲᠣᠭᠠᠳᠤ ᠶᠢ ᠬᠠᠮᠠᠭᠠᠯᠠᠬᠤ᠂ ᠰᠣᠶᠣᠯ ᠪᠠ ᠵᠢᠭᠤᠯᠴᠢᠯᠠᠯ᠂ ᠡᠪᠯᠡᠯ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ | ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠡᠬᠢ ᠪᠠᠶᠠᠯᠢᠭ ᠢ ᠬᠠᠩᠭᠠᠵᠤ᠂ | ᠲᠤᠰ ᠭᠠᠵᠠᠷ ᠣᠷᠣᠨ ᠤ ᠬᠠᠷᠢᠴᠠᠩᠭᠤᠢ ᠲᠣᠭᠲᠠᠭᠤᠨ ᠨᠡᠶᠢᠭᠡᠮ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠪᠠ ᠡᠬᠢ ᠪᠠᠶᠠᠯᠢᠭ ᠤᠨ ᠭᠠᠷᠴᠠᠭ ᠤᠨ ᠨᠠᠷᠢᠨ ᠳᠠᠩᠰᠠ ᠶᠢ ᠪᠠᠶᠢᠭᠤᠯᠤᠨ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ | ᠪᠠᠭᠤᠴᠠ ︵ᠰᠠᠭᠤᠷᠢᠨ ᠭᠠᠵᠠᠷ︶ ᠶᠢᠨ ᠦᠢᠯᠡᠳᠦᠯ ᠢ ᠪᠠᠳᠠᠷᠠᠭᠤᠯᠤᠨ᠂ ᠦᠢᠯᠡᠳᠦᠯᠭᠡ ᠶᠢᠨ ᠰᠠᠭᠤᠷᠢᠨ ᠭᠠᠵᠠᠷ ᠤᠨ | ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠨᠡᠶᠢᠭᠡᠮ ᠤᠨ ᠦᠢᠯᠡᠳᠦᠯᠭᠡ ᠶᠢᠨ ᠬᠢᠴᠢᠶᠡᠯ ᠢ | ᠢᠳᠡᠪᠬᠢᠲᠡᠢ ᠨᠡᠭᠡᠭᠡᠨ ᠬᠥᠭᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠪᠠ ᠪᠠᠭᠠᠴᠤᠳ ᠤᠨ ᠬᠤᠰᠢᠭᠤᠴᠢ | ᠠᠩᠭᠢ ᠶᠢᠨ ᠠᠵᠢᠯᠯᠠᠭ᠎ᠠ᠂ ᠬᠥᠳᠡᠯᠮᠦᠷᠢ ᠶᠢᠨ ᠬᠥᠮᠦᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ | ᠬᠥᠮᠦᠵᠢᠯ᠂ ᠠᠮᠤᠷ ᠲᠦᠪᠰᠢᠨ ᠤ ᠬᠥᠮᠦᠵᠢᠯ ᠪᠠ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ ᠦᠵᠡᠭᠳᠡᠯᠲᠦ | ᠬᠡᠯᠪᠡᠷᠢ ᠶᠢᠨ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ | ᠬᠠᠨᠳᠤᠯᠭᠠᠲᠠᠢ ᠪᠠᠶᠢᠩᠭᠤᠵᠢᠭᠤᠯᠤᠨ ᠥᠷᠨᠢᠭᠦᠯᠦᠨ᠎ᠡ᠃ ︽ᠲᠠᠪᠤᠨ ᠠᠬᠠᠮᠠᠳ︾᠂ ᠬᠥᠳᠡᠯᠮᠦᠷᠢ ᠶᠢᠨ ᠵᠢᠱᠢᠶᠡᠴᠢ᠂ ᠶᠣᠰᠣ | ᠰᠤᠷᠲᠠᠬᠤᠨ ᠤ ᠵᠢᠱᠢᠶᠡᠴᠢ᠂ ᠴᠠᠭ ᠦᠶ᠎ᠡ ᠶᠢᠨ ᠦᠯᠢᠭᠡᠷ ᠳᠠᠭᠤᠷᠢᠶᠠᠯ᠂ ᠡᠯ᠎ᠡ ᠲᠥᠷᠥᠯ ᠤᠨ ᠣᠶᠤᠨ ᠤ ᠪᠣᠯᠪᠠᠰᠤᠨ ᠤ | ᠲᠡᠷᠢᠭᠦᠨ ᠤ ᠲᠥᠯᠥᠭᠡᠯᠡᠭᠴᠢ᠂ ᠮᠣᠷᠠᠯ ᠤᠷᠠᠯᠢᠭ ᠬᠤᠣᠰᠯᠠᠭᠰᠠᠨ ᠤᠷᠠᠯᠢᠭᠴᠢᠳ ᠢ ᠢᠳᠡᠪᠬᠢᠲᠡᠢ ᠤᠷᠢᠵᠤ | ᠰᠤᠷᠭᠠᠭᠤᠯᠢ ᠳᠤ ᠤᠬᠠᠭᠤᠯᠤᠨ ᠲᠠᠶᠢᠯᠪᠤᠷᠢᠯᠠᠬᠤ ᠬᠥᠮᠦᠵᠢᠯ ᠤᠨ ᠠᠵᠢᠯᠯᠠᠭ᠎ᠠ ᠥᠷᠨᠢᠭᠦᠯᠦᠨ᠎ᠡ᠃ ᠡᠯ᠎ᠡ ᠲᠠᠯ᠎ᠠ ᠶᠢᠨ | ᠨᠡᠶᠢᠭᠡᠮ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠤᠷᠢᠨ ᠠᠪᠴᠢᠷᠠᠬᠤ︾ ᠪᠠ ︽ᠭᠠᠳᠠᠭᠰᠢ ᠭᠠᠷᠬᠤ︾ ᠶᠢ | ᠤᠶᠠᠯᠳᠤᠭᠤᠯᠬᠤ ᠶᠢ ᠪᠠᠷᠢᠮᠲᠠᠯᠠᠨ᠂ ᠰᠤᠷᠭᠠᠭᠤᠯᠢ ᠶᠢᠨ ᠬᠢᠴᠢᠶᠡᠯ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠠᠭᠤᠯᠭ᠎ᠠ ᠶᠢ ᠪᠠᠶᠠᠯᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ︶ | ︵ᠬᠤᠶᠠᠷ︶ ᠭᠡᠷ ᠤᠨ ᠠᠬᠠᠮᠠᠳ ᠭᠡᠷ ᠤᠨ ᠬᠥᠮᠦᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠭᠡᠨ᠎ᠡ | 5. ᠭᠡᠷ ᠤᠨ ᠠᠬᠠᠮᠠᠳ ᠭᠡᠷ ᠤᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠭᠡᠷ ᠤᠨ | ᠠᠬᠠᠮᠠᠳ ᠭᠡᠷ ᠪᠦᠯᠢ ᠪᠣᠯ ᠠᠩᠬᠠᠨ ᠤ ᠬᠢᠴᠢᠶᠡᠯ ᠤᠨ ᠲᠠᠩᠬᠢᠮ᠂ ᠭᠡᠷ ᠤᠨ ᠠᠬᠠᠮᠠᠳ ᠪᠣᠯ ᠠᠩᠬᠠᠨ ᠤ ᠪᠠᠭᠰᠢ ᠭᠡᠬᠦ | ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠪᠤ ᠡᠵᠢ ᠪᠤᠶᠤ ᠪᠤᠰᠤᠳ ᠬᠢᠨᠠᠨ ᠬᠠᠮᠠᠭᠠᠯᠠᠭᠴᠢ | ᠪᠡᠶ᠎ᠡ ᠪᠠᠷ ᠢᠶᠠᠨ ᠬᠡᠪ ᠳᠦᠷᠢᠮ ᠦᠵᠡᠭᠦᠯᠦᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠬᠥᠮᠥᠵᠢᠭᠦᠯᠬᠦ ᠶᠢ | ᠴᠢᠬᠤᠯᠠᠴᠢᠯᠠᠵᠤ᠂ ᠭᠡᠷ ᠤᠨ ᠰᠤᠷᠲᠠᠯ ᠢ ᠰᠠᠶᠢᠲᠤᠷ ᠪᠣᠢ ᠪᠣᠯᠭᠠᠵᠤ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ | ᠳᠤᠮᠳᠠᠳᠤ ᠶᠢᠨ ᠦᠨᠳᠦᠰᠦᠲᠡᠨ ᠤ ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ ᠬᠡᠦᠬᠡᠳ ᠤᠨ | ᠡᠷᠡᠭᠦᠯ ᠢᠶᠠᠷ ᠥᠰᠦᠨ ᠪᠤᠶᠢᠵᠢᠬᠤ ᠳᠤ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠢ ᠡᠭᠦᠳᠴᠦ᠂ ᠭᠡᠷ ᠤᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠨ᠎ᠡ᠃ ᠬᠡᠦᠬᠡᠳ ᠲᠠᠢ ᠪᠠᠨ ᠢᠯᠡᠭᠦᠬᠡᠨ | ᠨᠡᠪᠲᠡᠷᠡᠯᠴᠡᠵᠦ᠂ ᠬᠡᠦᠬᠡᠳ ᠤᠨ ᠤᠷᠮ᠎ᠠ ᠰᠡᠳᠬᠢᠯᠭᠡ ᠶᠢᠨ ᠬᠤᠪᠢᠷᠠᠯᠲᠠ ᠪᠠ ᠰᠡᠳᠬᠢᠴᠡ ᠶᠢᠨ ᠡᠷᠡᠭᠦᠯ ᠮᠡᠨᠳᠦ ᠶᠢ | ᠦᠷᠭᠦᠯᠵᠢ ᠠᠩᠬᠠᠷᠴᠤ᠂ ᠠᠷᠭ᠎ᠠ ᠬᠡᠮᠵᠢᠶ᠎ᠡ ᠠᠪᠴᠤ ᠪᠦᠲᠦᠮᠵᠢᠲᠡᠢ ᠵᠢᠯᠣᠭᠤᠳᠤᠨ᠂ ᠬᠡᠦᠬᠡᠳ ᠢᠶᠠᠨ ᠨᠤᠭᠤᠷᠠᠯ | ᠪᠦᠳᠦᠷᠢᠯ ᠳᠤ ᠤᠴᠠᠷᠠᠬᠤ ᠦᠶ᠎ᠡ ᠰᠡᠳᠬᠢᠯ ᠰᠢᠨᠲᠠᠷᠠᠬᠤ ᠦᠭᠡᠢ᠂ ᠵᠣᠷᠢᠭ ᠮᠣᠬᠤᠬᠤ ᠦᠭᠡᠢ ᠪᠠᠶᠢᠬᠤ ᠶᠢ | ᠵᠣᠷᠢᠭᠵᠢᠭᠤᠯᠵᠤ᠂ ᠬᠡᠦᠬᠡᠳ ᠢᠶᠠᠨ ᠰᠢᠷᠭᠠᠭᠤ ᠰᠤᠷᠤᠯᠴᠠᠵᠤ᠂ ᠢᠲᠡᠭᠡᠯ ᠲᠡᠭᠦᠯᠳᠡᠷ ᠥᠭᠡᠳᠡᠷᠬᠡᠭ ᠪᠠᠶᠢᠬᠤ ᠪᠠᠷ | ᠬᠥᠲᠥᠯᠥᠨ ᠵᠢᠯᠣᠭᠤᠳᠤᠨ᠎ᠠ᠃ ᠬᠡᠦᠬᠡᠳ ᠲᠤ ᠪᠠᠨ ᠬᠡᠷᠡᠭ ᠭᠠᠷᠪᠠᠯ ᠳᠠᠷᠤᠢ ᠳᠤ ᠨᠢ ᠭᠡᠷ ᠤᠨ ᠠᠬᠠᠮᠠᠳ ᠲᠤ ᠪᠠᠨ | ᠬᠡᠯᠡᠵᠦ᠂ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠡᠷᠢᠬᠦ ᠬᠡᠷᠡᠭᠲᠡᠢ ᠭᠡᠵᠦ ᠰᠠᠨᠠᠭᠤᠯᠤᠨ᠎ᠠ᠃ ᠭᠡᠷ ᠲᠤ ᠪᠠᠨ | ᠦᠯᠡᠳᠡᠭᠰᠡᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠨ᠂ ᠭᠡᠷ ᠲᠤ ᠪᠠᠨ ᠦᠯᠡᠳᠡᠭᠰᠡᠨ | ᠬᠡᠦᠬᠡᠳ ᠤᠨ ᠭᠡᠷ ᠪᠦᠯᠢ ᠶᠢᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ᠂ ᠭᠡᠷ ᠲᠤ ᠪᠠᠨ ᠦᠯᠡᠳᠡᠭᠰᠡᠨ | ᠬᠡᠦᠬᠡᠳ ᠤᠨ ᠭᠡᠷ ᠤᠨ ᠠᠬᠠᠮᠠᠳ ᠢ ᠦᠷ᠎ᠡ ᠬᠡᠦᠬᠡᠳ ᠲᠠᠢ ᠪᠠᠨ ᠰᠠᠶᠢᠲᠤᠷ ᠬᠠᠷᠢᠯᠴᠠᠵᠤ ᠨᠡᠪᠲᠡᠷᠡᠬᠦ ᠪᠠᠷ | ᠱᠠᠭᠠᠷᠳᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ︶ | 6. ᠰᠢᠨᠵᠢᠯᠡᠬᠦ ᠤᠬᠠᠭᠠᠨᠴᠢ ᠭᠡᠷ ᠤᠨ ᠬᠥᠮᠦᠵᠢᠯ ᠤᠨ ᠦᠵᠡᠯᠲᠡ ᠶᠢ ᠪᠤᠢ ᠪᠣᠯᠭᠠᠨ᠎ᠠ᠃ ᠭᠡᠷ ᠤᠨ ᠠᠬᠠᠮᠠᠳ | ᠬᠡᠦᠬᠡᠳ ᠤᠨ ᠥᠰᠦᠨ ᠪᠤᠶᠢᠵᠢᠬᠤ ᠵᠢᠮ᠎ᠡ ᠶᠣᠰᠣ ᠶᠢ ᠵᠥᠪ ᠢᠶᠠᠷ ᠲᠠᠨᠢᠵᠤ᠂ ᠬᠡᠦᠬᠡᠳ ᠤᠨ ᠪᠣᠳᠠᠭᠠᠯᠢ ᠪᠡᠶ᠎ᠡ ᠶᠢᠨ | ᠵᠥᠷᠢᠶ᠎ᠡ ᠪᠠ ᠲᠥᠷᠥᠯᠬᠢ ᠴᠢᠨᠠᠷ ᠢ ᠬᠦᠨᠳᠦᠳᠬᠡᠨ᠂ ᠬᠡᠦᠬᠡᠳ ᠤᠨ ᠰᠡᠳᠬᠢᠨ ᠪᠣᠳᠣᠬᠤ ᠴᠢᠳᠠᠪᠤᠷᠢ᠂ ᠪᠦᠲᠦᠭᠡᠯᠴᠢ | ᠴᠢᠳᠠᠪᠤᠷᠢ ᠶᠢ ᠬᠠᠮᠠᠭᠠᠯᠠᠵᠤ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ᠂ ᠰᠠᠶᠢᠨ ᠰᠠᠶᠢᠬᠠᠨ ᠵᠠᠩ ᠰᠤᠷᠲᠠᠯ᠂ | ᠰᠠᠶᠢᠨ ᠰᠠᠶᠢᠬᠠᠨ ᠳᠠᠳᠬᠠᠯ ᠢ ᠬᠥᠮᠦᠵᠢᠭᠦᠯᠬᠦ ᠶᠢ ᠭᠡᠷ ᠤᠨ ᠬᠥᠮᠦᠵᠢᠯ ᠤᠨ ᠲᠡᠷᠢᠭᠦᠨ ᠴᠢᠬᠤᠯᠠ ᠬᠠᠷᠠᠯᠲᠠ ᠪᠣᠯᠭᠠᠨ᠂ | ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠩᠬᠠᠷᠤᠨ᠂ ᠬᠡᠦᠬᠡᠳ ᠤᠨ ᠬᠦᠰᠡᠯ ᠢ ᠣᠶᠤᠨᠴᠢ ᠪᠠᠷ | ᠪᠠᠶᠢᠷᠢᠯᠠᠭᠤᠯᠵᠤ᠂ ᠬᠡᠦᠬᠡᠳ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠭᠡᠷ ᠤᠨ | ᠬᠥᠮᠦᠵᠢᠯ ᠤᠨ ᠠᠷᠭ᠎ᠠ ᠶᠢ ᠵᠥᠪ ᠡᠵᠡᠮᠰᠢᠵᠦ᠂ ᠭᠡᠷ ᠤᠨ ᠠᠬᠠᠮᠠᠳ ᠦᠷ᠎ᠡ ᠬᠡᠦᠬᠡᠳ ᠲᠤ ᠪᠠᠨ ᠢᠯᠡᠭᠦᠬᠡᠨ ᠬᠠᠨᠢ | ᠪᠣᠯᠵᠤ ᠢᠯᠡᠭᠦᠬᠡᠨ ᠬᠠᠯᠠᠮᠵᠢᠯᠠᠬᠤ ᠶᠢ ᠴᠢᠬᠤᠯᠠᠴᠢᠯᠠᠨ᠂ ᠡᠴᠢᠭᠡ ᠡᠬᠡ ᠦᠷ᠎ᠡ ᠬᠡᠦᠬᠡᠳ ᠢᠳᠡᠪᠬᠢᠲᠡᠢ ᠦᠢᠯᠡᠳᠦᠯᠴᠡᠬᠦ ᠶᠢ | ᠴᠢᠬᠤᠯᠠᠴᠢᠯᠠᠵᠤ᠂ ᠶᠣᠰᠣ ᠰᠤᠷᠲᠠᠬᠤᠨ ᠤ ᠠᠶᠠᠨᠳᠠᠭᠠᠨ ᠰᠡᠩᠭᠬᠡᠷᠡᠭᠦᠯᠬᠦ ᠦᠢᠯᠡᠳᠦᠯ ᠢ ᠪᠠᠳᠠᠷᠠᠭᠤᠯᠤᠨ᠎ᠠ︔ ᠢᠯᠡᠭᠦᠬᠡᠨ | ᠬᠥᠲᠥᠯᠥᠨ ᠵᠢᠯᠣᠭᠤᠳᠴᠤ ᠢᠯᠡᠭᠦᠬᠡᠨ ᠵᠣᠷᠢᠭᠵᠢᠭᠤᠯᠵᠤ᠂ ᠬᠡᠪ ᠴᠢᠨᠠᠷ ᠢ ᠪᠤᠶᠢᠵᠢᠭᠤᠯᠬᠤ ᠪᠠ ᠰᠠᠶᠢᠨ ᠰᠠᠶᠢᠬᠠᠨ | ᠳᠠᠳᠬᠠᠯ ᠢ ᠪᠣᠢ ᠪᠣᠯᠭᠠᠬᠤ ᠶᠢ ᠴᠢᠬᠤᠯᠠᠴᠢᠯᠠᠨ᠎ᠠ︔ ᠢᠯᠡᠭᠦᠬᠡᠨ ᠬᠦᠨᠳᠦᠳᠬᠡᠵᠦ᠂ ᠡᠷᠬᠡ ᠲᠡᠭᠰᠢ ᠪᠠᠷ ᠤᠯᠤᠯᠴᠠᠬᠤ ᠶᠢ | ᠴᠢᠩᠭᠠᠳᠬᠠᠵᠤ᠂ ᠬᠥᠮᠥᠵᠢᠭᠦᠯᠬᠦ ᠠᠷᠭ᠎ᠠ ᠬᠡᠯᠪᠡᠷᠢ ᠶᠢ ᠡᠷᠬᠢᠮᠯᠡᠨ᠎ᠡ︔ ᠢᠯᠡᠭᠦᠬᠡᠨ ᠰᠠᠨᠠᠭᠤᠯᠵᠤ ᠢᠯᠡᠭᠦᠬᠡᠨ | ᠬᠠᠪᠰᠤᠷᠴᠤ᠂ ᠮᠠᠭᠤ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠳᠬᠠᠨ ᠬᠤᠷᠢᠭᠯᠠᠵᠤ᠂ ᠬᠤᠷᠢᠭᠯᠠᠨ | ᠵᠣᠭᠰᠣᠭᠠᠬᠤ ᠪᠠ ᠵᠢᠭᠠᠨ ᠰᠤᠷᠭᠠᠵᠤ᠂ ᠬᠡᠦᠬᠡᠳ ᠤᠨ ᠨᠡᠩ ᠰᠠᠶᠢᠨ ᠪᠡᠶ᠎ᠡ ᠪᠠᠨ ᠳᠠᠭᠠᠭᠠᠵᠤ ᠥᠰᠦᠨ ᠪᠤᠶᠢᠵᠢᠬᠤ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶ | 7. ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠲᠠᠢ ᠰᠠᠨᠠᠭᠠᠴᠢᠯᠠᠭ᠎ᠠ ᠠᠴᠠ ᠪᠠᠨ | ᠬᠠᠮᠵᠢᠯᠴᠠᠨ᠎ᠠ᠃ ᠭᠡᠷ ᠤᠨ ᠠᠬᠠᠮᠠᠳ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠭᠡᠷ ᠤᠨ ᠬᠥᠮᠦᠵᠢᠯ ᠤᠨ ᠵᠢᠯᠣᠭᠤᠳᠣᠯᠭ᠎ᠠ ᠵᠢᠴᠢ ᠭᠡᠷ ᠤᠨ ᠠᠬᠠᠮᠠᠳ | ᠪᠣᠯᠤᠨ ᠰᠤᠷᠭᠠᠭᠤᠯᠢ ᠦᠢᠯᠡᠳᠦᠯᠴᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠡᠦᠬᠡᠳ ᠤᠨ ᠥᠰᠦᠨ | ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ᠂ ᠬᠡᠦᠬᠡᠳ ᠢ ᠢᠳᠡᠪᠬᠢᠲᠡᠢ ᠰᠤᠷᠭᠠᠨ ᠬᠥᠮᠥᠵᠢᠭᠦᠯᠵᠦ᠂ | ᠭᠡᠷ ᠤᠨ ᠬᠥᠮᠦᠵᠢᠯ ᠤᠨ ᠮᠡᠳᠡᠯᠭᠡ ᠪᠣᠯᠤᠨ ᠠᠷᠭ᠎ᠠ ᠶᠢ ᠤᠬᠠᠮᠰᠠᠷ ᠠᠴᠠ ᠪᠠᠨ ᠰᠤᠷᠤᠯᠴᠠᠨ᠂ ᠰᠤᠷᠭᠠᠭᠤᠯᠢ ᠪᠣᠯᠤᠨ | ᠪᠠᠭᠰᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠡᠷᠬᠡ ᠪᠠᠨ | ᠵᠥᠪ ᠬᠡᠷᠡᠭᠵᠢᠭᠦᠯᠬᠦ ᠶᠢ ᠳᠠᠮᠵᠢᠵᠤ᠂ ᠰᠤᠷᠭᠠᠭᠤᠯᠢ ᠲᠠᠢ ᠬᠠᠮᠲᠤᠷᠠᠨ ᠰᠤᠷᠭᠠᠨ ᠬᠥᠮᠦᠵᠢᠯ ᠤᠨ ᠬᠠᠮ ᠬᠦᠴᠦᠨ | ᠢ ᠪᠣᠢ ᠪᠣᠯᠭᠠᠨ᠂ ᠰᠤᠷᠭᠠᠭᠤᠯᠢ ᠲᠠᠢ ᠬᠠᠮᠲᠤᠷᠠᠨ ᠬᠡᠦᠬᠡᠳ ᠤᠨ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠣᠯᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠤᠷᠭᠠᠭᠤᠯᠢ ᠯᠤᠭ᠎ᠠ ᠨᠢᠭᠲᠠ ᠨᠡᠪᠲᠡᠷᠡᠬᠦ ᠶᠢ ᠪᠠᠲᠤᠯᠠᠵᠤ᠂ ᠬᠡᠦᠬᠡᠳ ᠤᠨ ᠰᠤᠷᠭᠠᠭᠤᠯᠢ ᠳᠠᠬᠢ | ᠢᠯᠡᠷᠡᠯ ᠪᠣᠯᠤᠨ ᠰᠤᠷᠤᠯᠭ᠎ᠠ ᠶᠢᠨ ᠪᠠᠶᠢᠳᠠᠯ ᠢ ᠣᠶᠢᠯᠠᠭᠠᠨ᠂ ᠰᠤᠷᠭᠠᠭᠤᠯᠢ ᠲᠠᠢ ᠴᠠᠭ ᠲᠤᠬᠠᠢ ᠳᠤ ᠨᠢ ᠬᠡᠦᠬᠡᠳ ᠤᠨ | ᠭᠡᠷ ᠲᠤ ᠪᠠᠨ ᠪᠠᠶᠢᠬᠤ ᠦᠶ᠎ᠡ ᠶᠢᠨ ᠦᠵᠡᠯ ᠪᠣᠳᠤᠯ ᠰᠡᠳᠬᠢᠯᠭᠡ᠂ ᠪᠡᠶ᠎ᠡ ᠰᠡᠳᠬᠢᠯ ᠤᠨ ᠪᠠᠶᠢᠳᠠᠯ ᠪᠣᠯᠤᠨ ᠡᠳᠦᠷ | ᠲᠤᠲᠤᠮ ᠤᠨ ᠢᠯᠡᠷᠡᠯ ᠤᠨ ᠲᠤᠬᠠᠢ ᠨᠡᠪᠲᠡᠷᠡᠯᠴᠡᠨ᠎ᠡ᠃ ᠬᠡᠦᠬᠡᠳ ᠢ ᠬᠥᠲᠥᠯᠥᠨ ᠵᠢᠯᠣᠭᠤᠳᠴᠤ ᠬᠢᠴᠢᠶᠡᠯ ᠰᠤᠷᠤᠯᠭ᠎ᠠ | ᠪᠠ ᠳᠠᠰᠬᠠᠯ ᠢ ᠴᠠᠭ ᠲᠤᠬᠠᠢ ᠳᠤ ᠨᠢ ᠪᠡᠶᠡᠯᠡᠭᠦᠯᠵᠦ᠂ ᠬᠢᠵᠦ ᠳᠡᠶᠢᠯᠬᠦ ᠭᠡᠷ ᠤᠨ ᠠᠵᠢᠯ ᠢ ᠬᠢᠯᠭᠡᠨ᠂ ᠬᠡᠦᠬᠡᠳ ᠢ | ᠬᠥᠲᠥᠯᠥᠨ ᠵᠢᠯᠣᠭᠤᠳᠴᠤ ᠡᠯᠧᠺᠲᠷᠣᠨ ᠦᠢᠯᠡᠳᠬᠦᠨ ᠢ ᠵᠦᠢ ᠵᠣᠬᠢᠰᠲᠠᠢ ᠬᠡᠷᠡᠭᠯᠡᠭᠦᠯᠵᠦ᠂ ᠡᠷᠡᠭᠦᠯ ᠮᠡᠨᠳᠦ | ᠰᠦᠯᠵᠢᠶᠡᠨ ᠳᠤ ᠭᠠᠷᠭᠠᠨ᠂ ᠰᠦᠯᠵᠢᠶᠡᠨ ᠳᠤ ᠰᠢᠨᠤᠭᠤᠯᠬᠤ ᠦᠭᠡᠢ᠂ ᠬᠡᠷᠡᠭᠯᠡᠬᠦ ᠴᠠᠭ ᠤᠨ ᠣᠷᠳᠣ ᠶᠢ ᠡᠵᠡᠮᠳᠡᠨ᠂ | ᠬᠠᠷᠠᠭᠠᠨ ᠤ ᠡᠷᠡᠭᠦᠯ ᠮᠡᠨᠳᠦ ᠶᠢ ᠨᠢ ᠬᠠᠮᠠᠭᠠᠯᠠᠨ᠎ᠠ᠃ ᠬᠡᠦᠬᠡᠳ ᠢᠶᠠᠨ ᠲᠣᠬᠢᠷᠠᠮᠵᠢᠲᠠᠢ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠣᠯᠴᠠᠬᠤ ᠪᠠᠷ ᠵᠢᠯᠣᠭᠤᠳᠴᠤ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠤᠷᠠᠯᠢᠭ ᠤᠨ | ᠠᠵᠢᠯᠯᠠᠭ᠎ᠠ ᠶᠢ ᠥᠷᠨᠢᠭᠦᠯᠦᠨ᠂ ᠬᠡᠦᠬᠡᠳ ᠤᠨ ᠰᠢᠮ᠎ᠡ ᠲᠡᠵᠢᠭᠡᠯ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠵᠢᠮ᠎ᠡ | ᠶᠣᠰᠣ ᠲᠠᠢ ᠠᠵᠢᠯᠯᠠᠵᠤ ᠠᠮᠠᠷᠠᠬᠤ ᠶᠢ ᠨᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶ | 8. ᠬᠡᠦᠬᠡᠳ ᠢᠶᠠᠨ ᠳᠠᠭᠠᠭᠤᠯᠤᠨ ᠨᠡᠶᠢᠭᠡᠮ ᠤᠨ ᠬᠢᠴᠢᠶᠡᠯ ᠢ ᠪᠡᠶᠡᠴᠢᠯᠡᠨ ᠣᠶᠢᠯᠠᠭᠠᠭᠤᠯᠤᠨ᠎ᠠ᠃ ᠨᠡᠶᠢᠭᠡᠮ ᠤᠨ | ᠦᠢᠯᠡᠳᠦᠯᠭᠡ ᠶᠢᠨ ᠲᠤᠮᠤ ᠬᠢᠴᠢᠶᠡᠯ ᠤᠨ ᠬᠡᠦᠬᠡᠳ ᠲᠤ ᠦᠵᠡᠭᠦᠯᠬᠦ ᠰᠤᠷᠭᠠᠨ ᠬᠥᠮᠥᠵᠢᠭᠦᠯᠬᠦ ᠴᠢᠬᠤᠯᠠ ᠦᠢᠯᠡᠳᠦᠯ ᠢ | ᠣᠯᠠᠨ ᠠᠷᠭ᠎ᠠ ᠵᠠᠮ ᠢᠶᠠᠷ ᠥᠷᠭᠡᠨ ᠳᠡᠯᠭᠡᠷᠡᠩᠭᠦᠢ ᠤᠬᠠᠭᠤᠯᠵᠤ᠂ ᠡᠴᠢᠭᠡ ᠡᠬᠡ ᠶᠢ ᠬᠥᠲᠥᠯᠥᠨ ᠵᠢᠯᠣᠭᠤᠳᠴᠤ | ᠬᠡᠦᠬᠡᠳ ᠢᠶᠠᠨ ᠳᠠᠭᠠᠭᠤᠯᠤᠨ ᠭᠠᠳᠠᠨᠠᠬᠢ ᠬᠥᠳᠡᠯᠭᠡᠭᠡᠨ᠂ ᠲᠣᠭᠤᠷᠢᠨ ᠦᠵᠡᠵᠦ ᠵᠤᠭᠠᠴᠠᠬᠤ ᠪᠠ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠬᠡᠯᠪᠡᠷᠢᠲᠦ ᠨᠡᠶᠢᠭᠡᠮ ᠲᠣᠭᠤᠷᠢᠭ ᠤᠨ ᠠᠵᠢᠯᠯᠠᠭ᠎ᠠ᠂ | ᠲᠠᠷᠢᠶᠠᠯᠠᠩ ᠢ ᠪᠡᠶᠡᠴᠢᠯᠡᠨ ᠣᠶᠢᠯᠠᠭᠠᠬᠤ᠂ ᠨᠡᠶᠢᠭᠡᠮ ᠤᠨ ᠬᠥᠳᠡᠯᠮᠦᠷᠢ᠂ ᠰᠠᠶᠢᠨ ᠳᠤᠷ᠎ᠠ ᠶᠢᠨ ᠦᠢᠯᠡᠴᠢᠯᠡᠭᠡ᠂ | ᠨᠡᠶᠢᠭᠡᠮ ᠤᠨ ᠪᠠᠶᠢᠴᠠᠭᠠᠯᠲᠠ᠂ ᠠᠵᠢᠯ ᠮᠡᠷᠭᠡᠵᠢᠯ ᠤᠨ ᠣᠶᠢᠯᠠᠭᠠᠯᠲᠠ ᠵᠢᠴᠢ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠭᠠᠷ ᠤᠷᠠᠯᠠᠯ ᠤᠨ ᠤᠷ᠎ᠠ ᠴᠢᠳᠠᠪᠤᠷᠢ ᠵᠡᠷᠭᠡ ᠦᠢᠯᠡᠳᠦᠯᠭᠡ ᠶᠢᠨ | ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠡᠦᠬᠡᠳ ᠢ ᠬᠠᠪᠰᠤᠷᠤᠨ ᠪᠠᠶᠢᠭᠠᠯᠢ ᠲᠠᠢ ᠨᠡᠩ ᠰᠠᠶᠢᠲᠤᠷ | ᠣᠶᠢᠷᠠᠲᠤᠭᠤᠯᠤᠨ᠂ ᠬᠠᠷᠠᠭᠠᠰᠤ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠬᠡᠪ ᠴᠢᠨᠠᠷ ᠢᠶᠠᠨ | ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶ | ︵ᠭᠤᠷᠪᠠ︶ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠦᠢᠯᠡᠴᠢᠯᠡᠭᠡ ᠪᠠᠷ ᠬᠥᠮᠦᠨ | ᠬᠥᠮᠦᠵᠢᠭᠦᠯᠬᠦ ᠶᠢ ᠪᠦᠲᠦᠮᠵᠢᠲᠡᠢ ᠳᠡᠮᠵᠢᠨ᠎ᠡ | 9. ᠨᠡᠶᠢᠭᠡᠮ ᠪᠠ ᠭᠡᠷ ᠤᠨ ᠬᠥᠮᠦᠵᠢᠯ ᠤᠨ ᠦᠢᠯᠡᠴᠢᠯᠡᠭᠡᠨ ᠤ ᠳᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠭᠡᠷ ᠤᠨ ᠬᠥᠮᠦᠵᠢᠯ ᠤᠨ ᠵᠢᠯᠣᠭᠤᠳᠣᠯᠭ᠎ᠠ ᠶᠢ ᠬᠤᠲᠠ ᠬᠥᠳᠡᠭᠡ ᠨᠡᠶᠢᠭᠡᠮ ᠲᠣᠭᠤᠷᠢᠭ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠠᠭᠤᠯᠭ᠎ᠠ ᠪᠣᠯᠭᠠᠵᠤ᠂ ᠲᠦᠭᠡᠮᠡᠯ ᠬᠠᠷᠠᠭᠠᠯᠵᠠᠯᠲᠤ ᠭᠡᠷ ᠤᠨ | ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠰᠠᠭᠤᠭᠠᠯᠢ | ᠠᠷᠠᠳ ︵ᠲᠣᠰᠬᠤᠨ︶ ᠤᠨ ᠵᠥᠪᠯᠡᠯ ᠨᠢ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ᠂ | ᠪᠣᠯᠪᠠᠰᠤᠨ ᠢ ᠦᠢᠯᠡᠳᠦᠯᠭᠡᠵᠢᠭᠦᠯᠬᠦ ᠥᠷᠲᠡᠭᠡ᠂ ᠡᠮᠡᠭᠲᠡᠶᠢᠴᠦᠳ ᠬᠡᠦᠬᠡᠳ ᠤᠨ ᠭᠡᠷ ᠣᠷᠣᠨ ᠳᠤ ᠲᠦᠰᠢᠭᠯᠡᠨ ᠭᠡᠷ ᠤᠨ | ᠠᠬᠠᠮᠠᠳ ᠤᠨ ᠰᠤᠷᠭᠠᠭᠤᠯᠢ ᠪᠤᠶᠤ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡ ᠴᠡᠭ ᠢ | ᠨᠡᠶᠢᠳᠡᠮ ᠪᠠᠶᠢᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠲᠤᠰᠬᠠᠢ ᠮᠡᠷᠭᠡᠵᠢᠯ ᠤᠨ | ᠵᠢᠯᠣᠭᠤᠳᠬᠤ ᠠᠵᠢᠯᠲᠠᠨ ᠢ ᠢᠳᠡᠪᠬᠢᠲᠡᠢ ᠲᠣᠬᠢᠷᠠᠭᠤᠯᠤᠨ᠂ ᠵᠢᠯ ᠪᠦᠷᠢ 4 ᠤᠳᠠᠭ᠎ᠠ ᠠᠴᠠ ᠳᠡᠭᠡᠭᠰᠢ ᠲᠦᠭᠡᠮᠡᠯ | ᠬᠠᠷᠠᠭᠠᠯᠵᠠᠯᠲᠤ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠡᠷ | ᠲᠤ ᠪᠠᠨ ᠦᠯᠡᠳᠡᠭᠰᠡᠨ ᠬᠡᠦᠬᠡᠳ᠂ ᠵᠡᠮᠳᠡᠭ ᠬᠡᠦᠬᠡᠳ ᠪᠠ ᠣᠨᠴᠠᠭᠠᠢ ᠭᠡᠷ ᠪᠦᠯᠢ ᠶᠢᠨ ᠬᠡᠦᠬᠡᠳ ᠲᠤ | ᠭᠤᠣᠯᠳᠠᠯᠭ᠎ᠠ ᠲᠠᠢ ᠠᠩᠬᠠᠷᠤᠯ ᠢᠶᠠᠨ ᠬᠠᠨᠳᠤᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ︶ | 10. ᠨᠡᠶᠢᠭᠡᠮ ᠪᠠ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠪᠠᠶᠠᠯᠢᠭᠵᠢᠭᠤᠯᠤᠨ᠎ᠠ᠃ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠶᠢᠷᠢ ᠲᠠᠯᠠᠪᠤᠷ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠭᠡᠷ ᠤᠨ | ᠬᠥᠮᠦᠵᠢᠯ ᠤᠨ ᠵᠢᠯᠣᠭᠤᠳᠣᠯᠭ᠎ᠠ ᠥᠷᠨᠢᠭᠦᠯᠬᠦ᠂ ᠤᠷᠤᠭ ︵ᠡᠷᠭᠦᠨ ᠲᠡᠵᠢᠭᠡᠬᠦ︶ ᠳᠠᠩᠰᠠᠯᠠᠬᠤ ᠪᠠᠶᠢᠭᠤᠯᠤᠮᠵᠢ ᠶᠢᠨ | ᠠᠬᠤᠢ ᠲᠠᠯᠠᠪᠠᠢ ᠳᠤ ᠵᠦᠪᠯᠡᠯᠭᠡ ᠥᠭᠴᠦ ᠬᠠᠪᠰᠤᠷᠤᠨ ᠵᠢᠯᠣᠭᠤᠳᠬᠤ᠂ ᠤᠬᠠᠭᠤᠯᠭ᠎ᠠ ᠬᠥᠮᠦᠵᠢᠯ ᠤᠨ ᠹᠢᠯᠢᠮ | ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠤᠷᠤᠭ ᠭᠡᠷ ᠪᠦᠯᠢ ᠶᠢᠨ ᠬᠠᠷᠢᠭᠤᠴᠠᠯᠭ᠎ᠠ ᠪᠠ ᠡᠭᠦᠷᠭᠡ ᠶᠢ | ᠴᠢᠩᠭᠠᠷᠠᠭᠤᠯᠵᠤ᠂ ᠭᠡᠷ ᠤᠨ ᠬᠥᠮᠦᠵᠢᠯ ᠤᠨ ᠵᠢᠯᠣᠭᠤᠳᠣᠯᠭ᠎ᠠ ᠬᠠᠩᠭᠠᠨ᠎ᠠ᠃ ᠨᠣᠮ ᠤᠨ ᠰᠠᠩ᠂ ᠮᠦᠽᠧᠢ᠂ | ᠰᠣᠶᠣᠯ ᠤᠨ ᠣᠷᠳᠣᠨ᠂ ᠳᠤᠷᠠᠰᠬᠠᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ᠂ | ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠨᠡᠶᠢᠭᠡᠮ ᠤᠨ ᠠᠵᠢᠯᠯᠠᠭ᠎ᠠ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠭᠡᠷ ᠤᠨ ᠬᠥᠮᠦᠵᠢᠯ ᠤᠨ ᠤᠬᠠᠭᠤᠯᠭ᠎ᠠ᠂ ᠵᠢᠯᠣᠭᠤᠳᠬᠤ ᠦᠢᠯᠡᠴᠢᠯᠡᠭᠡ ᠪᠠ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠵᠦ᠂ ᠣᠯᠠᠨ ᠶᠡᠩᠵᠦᠴᠢᠯᠠᠭᠰᠡᠨ᠂ ᠴᠢᠨᠠᠷᠯᠢᠭ ᠭᠡᠷ ᠤᠨ ᠬᠥᠮᠦᠵᠢᠯ ᠤᠨ ᠲᠥᠷᠥᠯ ᠤᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠭᠡᠷ ᠤᠨ ᠬᠥᠮᠦᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠶᠢ | ᠵᠣᠷᠢᠭᠵᠢᠭᠤᠯᠤᠨ ᠳᠡᠮᠵᠢᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠷᠠᠳ | ᠤᠨ ᠶᠠᠪᠤᠳᠠᠯ ᠤᠨ ᠲᠢᠩᠬᠢᠮ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 11. ᠨᠡᠶᠢᠭᠡᠮ ᠤᠨ ᠬᠥᠮᠦᠨ ᠬᠥᠮᠦᠵᠢᠭᠦᠯᠬᠦ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠭᠡᠨ᠎ᠡ᠃ ᠨᠡᠶᠢᠭᠡᠮ | ᠲᠣᠭᠤᠷᠢᠭ ᠤᠨ ᠬᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠠᠨᠳᠤᠭᠤᠯᠤᠨ ᠬᠢᠴᠢᠶᠡᠯ ᠤᠨ | ᠭᠠᠳᠠᠨᠠᠬᠢ ᠡᠯ᠎ᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠭᠴᠢᠳ ᠤᠨ | ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠠᠬᠢᠭᠤᠯᠤᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ | ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ | ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ᠂ ᠦᠢᠯᠡᠳᠦᠯᠭᠡ ᠶᠢ ᠰᠤᠳᠤᠯᠤᠨ ᠰᠤᠷᠤᠯᠴᠠᠬᠤ ᠰᠠᠭᠤᠷᠢᠨ | ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠪᠣᠯᠤᠨ ᠨᠣᠮ ᠤᠨ ᠰᠠᠩ᠂ | ᠮᠦᠽᠧᠢ᠂ ᠰᠣᠶᠣᠯ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ᠂ ᠤᠷᠠᠨ ᠵᠢᠷᠤᠭ ᠤᠨ | ᠣᠷᠳᠣᠨ᠂ ᠳᠤᠷᠠᠰᠬᠠᠯ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠲᠣᠭᠯᠠᠯᠲᠠ ᠶᠢᠨ | ᠣᠷᠳᠣᠨ᠂ ᠪᠡᠶ᠎ᠡ ᠶᠢᠨ ᠲᠠᠮᠢᠷ ᠤᠨ ᠣᠷᠳᠣᠨ᠂ ᠤᠯᠤᠰ ᠤᠨ ᠴᠡᠴᠡᠷᠯᠢᠭ᠂ ᠵᠠᠯᠠᠭᠤᠴᠤᠳ ᠪᠠᠭᠠᠴᠤᠳ ᠤᠨ ᠣᠷᠳᠣᠨ᠂ | ᠬᠡᠦᠬᠡᠳ ᠤᠨ ᠠᠵᠢᠯᠯᠠᠭᠠᠨ ᠤ ᠲᠥᠪ ᠵᠡᠷᠭᠡ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠢᠴᠢ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ ᠪᠤᠶᠤ | ᠬᠠᠷᠠᠭᠠᠯᠵᠠᠯ ᠲᠠᠢ ᠨᠡᠭᠡᠭᠡᠨ᠎ᠡ᠃ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠶᠣᠯ ᠢ | ᠤᠯᠠᠮᠵᠢᠯᠠᠨ ᠵᠠᠯᠭᠠᠮᠵᠢᠯᠠᠬᠤ᠂ ᠳᠤᠷ᠎ᠠ ᠰᠣᠨᠢᠷᠬᠠᠯ ᠢ ᠬᠥᠮᠦᠵᠢᠭᠦᠯᠬᠦ ᠪᠠ ᠦᠢᠯᠡᠳᠦᠯᠭᠡ ᠶᠢ ᠪᠡᠶᠡᠴᠢᠯᠡᠨ ᠣᠶᠢᠯᠠᠭᠠᠬᠤ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠲᠤ ᠰᠠᠭᠠᠳ ᠦᠭᠡᠢ ᠨᠡᠪᠲᠡᠷᠡᠬᠦ ᠵᠠᠮ᠂ ᠡᠯ᠎ᠡ ᠪᠠᠶᠢᠷᠢ | ᠲᠠᠯᠠᠪᠤᠷ ᠢ ᠰᠦᠯᠵᠢᠶᠡᠨ ᠳᠤ ᠪᠣᠯᠵᠤᠨ ᠨᠡᠪᠲᠡᠷᠡᠬᠦ ᠵᠠᠮ᠂ ᠨᠡᠭᠡᠭᠡᠯᠲᠡᠲᠦ ᠡᠳᠦᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠡᠶᠢᠭᠡᠮ ᠤᠨ ᠬᠥᠮᠦᠨ ᠬᠥᠮᠦᠵᠢᠭᠦᠯᠬᠦ ᠳᠤ ᠳᠥᠭᠦᠮ ᠦᠵᠡᠭᠦᠯᠬᠦ ᠡᠬᠢ ᠪᠠᠶᠠᠯᠢᠭ ᠢ ᠬᠠᠩᠭᠠᠨ᠎ᠠ᠃ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠡᠷᠭᠡ ᠨᠢ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠲᠥᠷᠥᠯ ᠵᠦᠢᠯ ᠪᠣᠯᠤᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠲᠤ ᠦᠢᠯᠡᠳᠦᠯᠭᠡᠵᠢᠭᠦᠯᠬᠦ᠂ | ᠪᠣᠯᠪᠠᠰᠤᠷᠠᠬᠤ ᠲᠣᠬᠢᠶᠠᠯ ᠬᠠᠩᠭᠠᠨ᠎ᠠ᠃ ︽ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾᠂ ︽ᠰᠢ ᠵᠦᠴᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠵᠢᠯ ᠢ ᠦᠷᠭᠦᠯᠵᠢᠯᠡᠨ ᠠᠬᠢᠭᠤᠯᠵᠤ᠂ | ᠰᠤᠷᠤᠭᠴᠢᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ | ᠮᠥᠴᠢᠷ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠪᠯᠡᠯ ᠤᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 12. ᠨᠡᠶᠢᠭᠡᠮ ᠤᠨ ᠬᠥᠮᠦᠨ ᠬᠥᠮᠦᠵᠢᠭᠦᠯᠬᠦ ᠣᠷᠴᠢᠨ ᠢ ᠦᠷᠭᠦᠯᠵᠢᠯᠡᠨ ᠴᠡᠪᠡᠷᠰᠢᠭᠦᠯᠦᠨ᠎ᠡ᠃ ᠬᠡᠦᠬᠡᠳ ᠤᠨ | ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠬᠡᠪᠯᠡᠭᠳᠡᠬᠦᠨ ᠢ ᠢᠯᠭᠠᠷᠠᠭᠤᠯᠤᠨ ᠴᠡᠭᠴᠡᠯᠡᠬᠦ ᠶᠢ ᠭᠦᠨᠵᠡᠭᠡᠢ | ᠥᠷᠨᠢᠭᠦᠯᠵᠦ᠂ ᠰᠦᠯᠵᠢᠶᠡᠨ ᠤ ᠶᠡᠷᠦᠩᠬᠡᠶᠢᠯᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠂ ᠰᠦᠯᠵᠢᠶᠡᠨ ᠤ ᠬᠤᠣᠷ | ᠬᠥᠨᠥᠭᠡᠯ ᠲᠠᠢ ᠮᠡᠳᠡᠭᠡ ᠵᠠᠩᠭᠢ᠂ ᠰᠦᠯᠵᠢᠶᠡᠨ ᠤ ᠲᠣᠭᠯᠠᠭᠠᠮ ᠳᠤ ᠰᠢᠨᠤᠬᠤ᠂ ᠡᠷᠡᠭᠦᠯ ᠪᠤᠰᠤ ᠰᠦᠯᠵᠢᠶᠡᠨ ᠤ ᠦᠢᠯᠡ | ᠠᠵᠢᠯᠯᠠᠭ᠎ᠠ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠳᠦᠷᠢᠮ ᠠᠴᠠ ᠵᠥᠷᠢᠴᠡᠭᠰᠡᠨ ᠰᠦᠯᠵᠢᠶᠡᠨ ᠤ | ᠲᠠᠪᠴᠠᠩ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷᠢᠶ᠎ᠠ ᠭᠠᠵᠠᠷ ᠤᠨ ᠰᠦᠯᠵᠢᠶᠡᠨ ᠥᠷᠲᠡᠭᠡ ᠶᠢ | ᠰᠢᠪᠠᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ ᠳᠤ ᠠᠰᠢᠭᠲᠠᠢ ᠪᠥᠭᠡᠳ ᠴᠢᠭᠡᠴᠢ ᠨᠡᠶᠢᠭᠡᠮ ᠤᠨ ᠰᠣᠶᠣᠯ ᠵᠢᠴᠢ | ᠰᠠᠶᠢᠨ ᠰᠠᠶᠢᠬᠠᠨ ᠰᠦᠯᠵᠢᠶᠡᠨ ᠤ ᠠᠮᠢ ᠠᠬᠤᠢ ᠶᠢ ᠬᠦᠴᠦᠯᠡᠨ ᠪᠤᠢ ᠪᠣᠯᠭᠠᠨ᠎ᠠ᠃ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠠᠵᠢᠯ ᠤᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠶᠢ ᠬᠠᠮᠲᠤᠷᠠᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ | ᠵᠠᠰᠠᠯᠲᠠ ᠶᠢ ᠴᠢᠩᠭᠠᠳᠬᠠᠨ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ | ᠰᠤᠷᠭᠠᠭᠤᠯᠢ ᠶᠢᠨ ᠡᠷᠭᠢᠨ ᠲᠣᠭᠤᠷᠢᠨ ᠳᠤ ᠨᠠᠰᠤᠨ ᠳᠤ ᠦᠯᠦ ᠬᠦᠷᠦᠭᠰᠡᠳ ᠲᠤ ᠦᠯᠦ ᠲᠣᠬᠢᠷᠠᠬᠤ ᠠᠵᠢᠯᠯᠠᠭᠠᠨ ᠤ | ᠪᠠᠶᠢᠷᠢ ᠲᠠᠯᠠᠪᠤᠷ ᠭᠠᠷᠭᠠᠵᠤ ᠪᠣᠯᠬᠤ ᠦᠭᠡᠢ᠃ ᠡᠯ᠎ᠡ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠵᠠᠰᠠᠯᠲᠠ ᠶᠢ ᠭᠦᠨᠵᠡᠭᠡᠶᠢᠷᠡᠭᠦᠯᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ | ᠠᠬᠢᠭᠤᠯᠤᠨ᠂ ᠬᠢᠴᠢᠶᠡᠯ ᠲᠥᠷᠥᠯ ᠤᠨ ᠬᠡᠯᠪᠡᠷᠢ ᠪᠠᠨ ᠥᠭᠡᠷᠡᠲᠦᠭᠦᠯᠦᠭᠰᠡᠨ ᠪᠣᠯᠪᠠᠰᠤᠷᠠᠯ ᠢ ᠵᠠᠰᠠᠬᠤ ᠡᠷᠴᠢᠮ | ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ | ᠰᠢᠢᠳᠬᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠰᠣᠶᠣᠯ ᠪᠠ ᠵᠢᠭᠤᠯᠴᠢᠯᠠᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | ︵ᠳᠥᠷᠪᠡ︶ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮ | ᠬᠦᠴᠦᠨ ᠢ ᠴᠢᠩᠭᠠᠷᠠᠭᠤᠯᠤᠨ᠎ᠠ | 13. ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠶᠢᠨ ᠣᠷᠣᠨ ᠤ ᠪᠠᠶᠢᠭᠤᠯᠤᠯᠲᠠ ᠶᠢ | ᠠᠬᠢᠭᠤᠯᠤᠨ᠎ᠠ᠃ ᠠᠶᠢᠮᠠᠭ ᠬᠤᠲᠠ ᠶᠢ ᠵᠢᠯᠣᠭᠤᠳᠤᠨ ᠪᠦᠬᠦ ᠤᠯᠤᠰ ᠤᠨ ᠰᠤᠷᠭᠠᠭᠤᠯᠢ ᠭᠡᠷ ᠪᠦᠯᠢ ᠨᠡᠶᠢᠭᠡᠮ | ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠶᠢᠨ ᠣᠷᠣᠨ ᠤ ᠠᠵᠢᠯ ᠢ ᠵᠣᠬᠢᠶᠠᠨ ᠪᠠᠶᠢᠭᠤᠯᠬᠤ | ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠵᠠᠷᠤᠳᠠᠯ ᠤᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠲᠤᠷᠰᠢᠯᠲᠠ ᠶᠢᠨ ᠣᠷᠣᠨ ᠨᠢ ᠲᠤᠷᠰᠢᠯᠲᠠ ᠶᠢᠨ ᠠᠭᠤᠯᠭ᠎ᠠ | ᠪᠠ ᠠᠵᠢᠯ ᠤᠨ ᠲᠣᠬᠢᠷᠠᠭᠤᠯᠤᠯᠲᠠ ᠪᠠᠨ ᠲᠣᠳᠣᠷᠬᠠᠶᠢᠯᠠᠵᠤ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ | ᠤᠶᠠᠯᠳᠤᠭᠤᠯᠤᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠷᠠᠯᠲᠠ ᠪᠠ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠬᠠᠮᠵᠢᠯᠴᠠᠨ ᠬᠥᠮᠦᠨ | ᠬᠥᠮᠦᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶᠢᠭᠤᠯᠤᠯ ᠲᠣᠭᠲᠠᠴᠠ ᠶᠢ | ᠰᠦᠪᠡᠭᠴᠢᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠨ᠂ ᠬᠠᠮᠵᠢᠯᠴᠠᠨ ᠬᠥᠮᠦᠨ ᠬᠥᠮᠦᠵᠢᠭᠦᠯᠬᠦ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ | ᠭᠦᠢᠴᠡᠳ ᠪᠤᠶᠢᠵᠢᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ | ᠪᠠᠳᠠᠷᠠᠭᠤᠯᠤᠨ᠂ ᠲᠤᠷᠰᠢᠯᠲᠠ ᠶᠢᠨ ᠣᠷᠣᠨ ᠳᠤ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ ᠤᠬᠠᠭᠤᠯᠵᠤ᠂ | ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ | ᠲᠦᠷᠭᠡᠳᠬᠡᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶ | 14. ᠭᠡᠷ ᠤᠨ ᠬᠥᠮᠦᠵᠢᠯ ᠢ ᠵᠢᠯᠣᠭᠤᠳᠬᠤ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠷᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠪᠠᠶᠢᠭᠤᠯᠤᠮᠵᠢ᠂ ᠲᠤᠰᠬᠠᠢ | ᠮᠡᠷᠭᠡᠵᠢᠯ ᠤᠨ ᠪᠦᠯᠬᠦᠮ ᠨᠡᠶᠢᠲᠡ ᠶᠢ ᠵᠣᠷᠢᠭᠵᠢᠭᠤᠯᠤᠨ ᠳᠠᠮᠵᠢᠵᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ | ᠬᠥᠮᠦᠨ ᠬᠥᠮᠦᠵᠢᠭᠦᠯᠬᠦ ᠣᠨᠣᠯ ᠪᠠ ᠦᠢᠯᠡᠳᠦᠯᠭᠡ ᠶᠢᠨ ᠰᠣᠳᠤᠯᠭᠠᠨ ᠢ ᠥᠷᠨᠢᠭᠦᠯᠵᠦ᠂ ᠣᠨᠣᠯ ᠤᠨ ᠪᠠᠶᠢᠭᠤᠯᠤᠯᠲᠠ | ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠭᠡᠷ ᠤᠨ ᠬᠥᠮᠦᠵᠢᠯ ᠢ ᠵᠢᠯᠣᠭᠤᠳᠬᠤ | ᠲᠤᠰᠬᠠᠢ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ︽ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ | ᠵᠢᠯᠣᠭᠤᠳᠬᠤ ᠲᠣᠪᠴᠢ︾ ᠭᠡᠬᠦ ᠤᠩᠰᠢᠬᠤ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠭᠡᠷ ᠤᠨ ᠬᠥᠮᠦᠵᠢᠯ ᠢ | ᠵᠢᠯᠣᠭᠤᠳᠬᠤ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠥᠷᠨᠢᠭᠦᠯᠦᠨ᠎ᠡ᠃ ᠪᠠᠭᠰᠢ ᠶᠢᠨ | ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ ᠬᠢᠴᠢᠶᠡᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠤᠨ | ᠬᠥᠮᠦᠵᠢᠯ ᠢ ᠵᠢᠯᠣᠭᠤᠳᠬᠤ ᠶᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ ᠪᠠ ᠪᠠᠭᠰᠢ ᠶᠢᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠬᠤᠲᠠ ᠬᠥᠳᠡᠭᠡ ᠶᠢᠨ | ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡᠨ ᠤ ᠠᠵᠢᠯᠲᠠᠨ ᠤ | ᠪᠣᠯᠪᠠᠰᠤᠷᠠᠯ ᠢ ᠴᠢᠩᠭᠠᠳᠬᠠᠨ᠂ ᠪᠠᠭᠰᠢ ᠪᠣᠯᠤᠨ ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ | ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠡᠯ᠎ᠡ ᠳᠡᠭᠡᠳᠦ ᠰᠤᠷᠭᠠᠭᠤᠯᠢ ᠤᠶᠤᠲᠠᠳ ᠲᠤ | ᠭᠡᠷ ᠤᠨ ᠬᠥᠮᠦᠵᠢᠯ ᠤᠨ ᠲᠤᠬᠠᠢ ᠰᠣᠩᠭᠤᠨ ᠰᠤᠷᠬᠤ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠭᠡᠷ ᠤᠨ | ᠠᠬᠠᠮᠠᠳ ᠤᠨ ᠰᠤᠷᠭᠠᠭᠤᠯᠢ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠥᠷᠭᠡᠳᠬᠡᠵᠦ᠂ ᠥᠷᠭᠡᠨ | ᠣᠯᠠᠨ ᠭᠡᠷ ᠤᠨ ᠠᠬᠠᠮᠠᠳ ᠲᠤ ᠬᠠᠨᠳᠤᠭᠤᠯᠤᠨ ᠭᠡᠷ ᠤᠨ ᠬᠥᠮᠦᠵᠢᠯ ᠤᠨ ᠰᠦᠯᠵᠢᠶᠡᠨ ᠤ ᠨᠡᠶᠢᠲᠡ ᠶᠢᠨ | ᠠᠰᠠᠷᠠᠮᠵᠢ ᠶᠢᠨ ᠲᠠᠶᠢᠯᠤᠮᠵᠢ ᠶᠢ ᠨᠡᠭᠡᠭᠡᠵᠦ᠂ ᠴᠢᠨᠠᠷᠯᠢᠭ ᠭᠡᠷ ᠤᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ | ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠵᠢᠴᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠡᠯ᠎ᠡ | ᠭᠠᠵᠠᠷ ᠤᠨ ᠬᠢᠨ ᠭᠡᠷ ᠤᠨ ᠬᠥᠮᠦᠵᠢᠯ ᠤᠨ ᠦᠢᠯᠡᠴᠢᠯᠡᠭᠡᠨ ᠤ ᠵᠢᠯᠣᠭᠤᠳᠬᠤ ᠵᠠᠭᠪᠤᠷ ᠤᠨ ᠰᠢᠨ᠎ᠡ ᠶᠢ ᠡᠭᠦᠳᠴᠦ᠂ | ᠰᠦᠯᠵᠢᠶᠡᠨ ᠳᠠᠬᠢ ᠭᠡᠷ ᠤᠨ ᠠᠬᠠᠮᠠᠳ ᠤᠨ ᠰᠤᠷᠭᠠᠭᠤᠯᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠣᠷᠣᠨ ᠪᠦᠰᠡ ᠶᠢᠨ ᠳᠣᠲᠣᠷᠠᠬᠢ ᠭᠡᠷ ᠤᠨ ᠬᠥᠮᠦᠵᠢᠯ ᠤᠨ ᠡᠬᠢ ᠪᠠᠶᠠᠯᠢᠭ ᠢ ᠪᠠᠶᠠᠯᠢᠭᠵᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠡᠮᠡᠭᠲᠡᠶᠢᠴᠦᠳ ᠤᠨ ᠬᠤᠯᠪᠣᠭᠠᠲᠤ ᠬᠤᠷᠠᠯ︶ | 15. ᠬᠠᠮᠵᠢᠯᠴᠠᠨ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ | ᠪᠣᠯᠭᠠᠨ᠎ᠠ᠃ ᠬᠠᠮᠵᠢᠯᠴᠠᠨ ᠬᠥᠮᠦᠨ ᠬᠥᠮᠦᠵᠢᠭᠦᠯᠬᠦ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ | ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠡᠯ᠎ᠡ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠪᠦᠲᠦᠮᠵᠢᠲᠡᠢ ᠵᠠᠭᠪᠤᠷ᠂ ᠰᠢᠨ᠎ᠡ ᠶᠢ | ᠡᠭᠦᠳᠦᠭᠰᠡᠨ ᠠᠷᠭ᠎ᠠ ᠪᠠᠷᠢᠯ ᠪᠠ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠦ᠂ ᠲᠠᠰᠤᠷᠠᠯᠲᠠ ᠦᠭᠡᠢ | ᠳ᠋ᠦᠩᠨᠡᠨ᠂ ᠶᠡᠭᠡ ᠪᠠᠷ ᠳᠡᠯᠭᠡᠷᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠰᠤᠷᠭᠠᠨ ᠬᠥᠮᠦᠵᠢᠭᠦᠯᠵᠦ | ᠬᠥᠲᠥᠯᠥᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ᠪᠣᠯᠪᠠᠰᠤᠨ ᠰᠦᠯᠵᠢᠶ᠎ᠡ᠂ ᠦᠢᠯᠡᠳᠦᠯᠭᠡ ᠰᠦᠯᠵᠢᠶ᠎ᠡ᠂ | ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠥᠪᠥᠷ ᠮᠣᠩᠭᠤᠯ ᠤᠨ ᠲᠠᠪᠴᠠᠩ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠠᠪᠴᠠᠩ᠂ ᠤᠮᠠᠷᠠᠲᠤ ᠬᠢᠯᠢ ᠶᠢᠨ ᠰᠤᠷᠭᠠᠨ ᠬᠥᠮᠦᠵᠢᠯ᠂ ᠲᠠᠯ᠎ᠠ ᠨᠤᠲᠤᠭ | ᠬᠡᠷᠡᠭᠯᠡᠭᠴᠢ ᠶᠢᠨ ᠬᠡᠰᠡᠭ᠂ ᠪᠧᠨ ᠲᠧᠩ ᠬᠠᠮ ᠵᠠᠭᠤᠴᠢᠯᠠᠭᠤᠷ᠂ ᠤᠮᠠᠷᠠᠲᠤ ᠬᠢᠯᠢ ᠶᠢᠨ ᠤᠶᠠᠩᠭᠠᠯᠠᠯ᠂ ᠬᠥᠮᠦᠯᠢᠭ | ᠤᠮᠠᠷᠠᠲᠤ ᠬᠢᠯᠢ ᠵᠡᠷᠭᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠨᠠᠷᠢᠯᠢᠭ ᠣᠨᠣᠴᠠᠲᠠᠢ ᠤᠬᠠᠭᠤᠯᠤᠨ | ᠲᠠᠶᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠣᠨᠣᠪᠴᠢᠲᠠᠢ ᠤᠬᠠᠭᠤᠯᠤᠨ ᠲᠠᠶᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠭ᠎ᠠ ᠶᠢᠨ ᠦᠷ᠎ᠡ | ᠪᠦᠲᠦᠮᠵᠢ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠨᠣᠯᠵᠢᠬᠤᠨ ᠪᠠ ᠵᠥᠪ | ᠣᠨᠣᠪᠴᠢᠲᠠᠢ ᠭᠡᠷ ᠤᠨ ᠬᠥᠮᠦᠵᠢᠯ ᠤᠨ ᠠᠷᠭ᠎ᠠ ᠶᠢ ᠥᠷᠭᠡᠨ ᠢᠶᠠᠷ ᠳᠡᠯᠭᠡᠷᠡᠭᠦᠯᠬᠦ ᠶᠢ ᠬᠥᠲᠥᠯᠥᠨ ᠵᠢᠯᠣᠭᠤᠳᠴᠤ᠂ | ᠪᠦᠬᠦ ᠨᠡᠶᠢᠭᠡᠮ ᠢᠶᠠᠷ ᠢᠶᠠᠨ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ | ᠴᠢᠬᠤᠯᠠᠴᠢᠯᠠᠨ ᠬᠠᠯᠠᠮᠵᠢᠯᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ᠂ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠥᠮᠦᠨ | ᠬᠥᠮᠦᠵᠢᠭᠦᠯᠬᠦ ᠬᠠᠮ ᠬᠦᠴᠦᠨ ᠢ ᠳᠡᠭᠡᠭᠰᠢᠯᠡᠭᠦᠯᠦᠨ᠂ ᠪᠦᠬᠦ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠵᠢᠯᠴᠠᠨ | ᠬᠥᠮᠦᠨ ᠬᠥᠮᠦᠵᠢᠭᠦᠯᠬᠦ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠤᠢ | ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠭᠤᠯᠢ ᠭᠡᠷ ᠪᠦᠯᠢ ᠨᠡᠶᠢᠭᠡᠮ | ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠬᠤ ᠶᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ | ᠰᠠᠯᠠᠭ᠎ᠠ ᠮᠥᠴᠢᠷ ᠬᠤᠯᠪᠤᠯᠳᠤᠨ ᠬᠥᠳᠡᠯᠦᠯᠴᠡᠬᠦ ᠶᠢ ᠴᠢᠩᠭᠠᠳᠬᠠᠨ᠂ ᠵᠠᠷᠤᠳᠠᠯ ᠤᠨ ᠨᠥᠬᠦᠴᠡᠯ ᠢ ᠪᠠᠲᠤᠯᠠᠬᠤ ᠶᠢ | ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠨᠢᠭᠲᠠ ᠬᠠᠮᠵᠢᠯᠴᠠᠭᠰᠠᠨ ᠬᠥᠮᠦᠨ ᠬᠥᠮᠦᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ | ᠡᠮᠡᠭᠲᠡᠶᠢᠴᠦᠳ ᠬᠡᠦᠬᠡᠳ ᠤᠨ ᠠᠵᠢᠯ ᠤᠨ ᠪᠠᠶᠢᠭᠤᠯᠤᠮᠵᠢ ᠭᠡᠷ ᠤᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠵᠢᠯᠣᠭᠤᠳᠬᠤ᠂ ᠰᠢᠪᠠᠳᠠᠭᠤᠯᠬᠤ ᠪᠠ ᠰᠠᠶᠢᠲᠤᠷ ᠬᠢᠬᠦ ᠶᠢ ᠬᠠᠷᠢᠭᠤᠴᠠᠨ᠎ᠠ︔ ᠰᠤᠷᠭᠠᠨ ᠬᠥᠮᠦᠵᠢᠯ | ᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢ ᠬᠠᠷᠢᠭᠤᠴᠠᠨ ᠵᠢᠯᠣᠭᠤᠳᠴᠤ ᠬᠠᠮᠵᠢᠯᠴᠠᠨ ᠬᠥᠮᠦᠨ ᠬᠥᠮᠦᠵᠢᠭᠦᠯᠬᠦ | ᠭᠤᠣᠯᠯᠠᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠭᠡᠷ ᠪᠦᠯᠢ᠂ ᠨᠡᠶᠢᠭᠡᠮ ᠯᠦᠭᠡ ᠨᠢᠭᠲᠠ | ᠨᠡᠪᠲᠡᠷᠡᠯᠴᠡᠨ ᠬᠠᠮᠵᠢᠯᠴᠠᠬᠤ ᠶᠢ ᠴᠢᠩᠭᠠᠷᠠᠭᠤᠯᠤᠨ᠎ᠠ︔ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ | ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠨᠢ ᠰᠤᠷᠭᠠᠭᠤᠯᠢ ᠪᠠ ᠨᠡᠶᠢᠭᠡᠮ ᠳᠤ ᠦᠢᠯᠡᠳᠦᠯᠭᠡ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠬᠠᠷᠢᠭᠤᠴᠠᠨ᠎ᠠ︔ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠵᠣᠬᠢᠶᠠᠨ ᠪᠠᠶᠢᠭᠤᠯᠤᠯᠲᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠭᠡᠮ ᠲᠣᠭᠤᠷᠢᠭ ᠤᠨ ᠭᠡᠷ ᠤᠨ | ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ︔ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠨᠡᠶᠢᠭᠡᠮ | ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠰᠠᠶᠢᠲᠤᠷ ᠬᠢᠨ᠎ᠡ᠃ | ︵ᠬᠤᠶᠠᠷ︶ ᠰᠢᠯᠭᠠᠨ ᠬᠢᠨᠠᠵᠤ ᠦᠨᠡᠯᠡᠬᠦ ᠠᠵᠢᠯ ᠢ ᠴᠢᠩᠭᠠᠳᠬᠠᠨ᠎ᠠ | ᠡᠯ᠎ᠡ ᠭᠠᠵᠠᠷ ᠤᠨ ᠬᠢᠨ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠲᠤᠰ ᠭᠠᠵᠠᠷ | ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ ᠲᠣᠭᠲᠠᠴᠠ ᠶᠢᠨ | ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ | ᠦᠷ᠎ᠡ ᠪᠦᠲᠦᠮᠵᠢ ᠶᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠯᠡᠬᠦ ᠪᠠ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠴᠢᠬᠤᠯᠠ ᠠᠭᠤᠯᠭ᠎ᠠ ᠳᠤ | ᠣᠷᠣᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ᠂ ᠨᠠᠰᠤᠨ ᠳᠤ ᠦᠯᠦ ᠬᠦᠷᠦᠭᠰᠡᠳ ᠤᠨ ᠦᠵᠡᠯ | ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠪᠠ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠬᠢᠨᠠᠨ | ᠰᠢᠯᠭᠠᠬᠤ ᠳᠣᠭᠲᠠᠯᠴᠠᠭᠠᠨ ᠳᠤ ᠣᠷᠣᠭᠤᠯᠤᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠢᠨ ᠰᠤᠷᠭᠠᠭᠤᠯᠢ ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠰᠢᠯᠭᠠᠨ ᠬᠢᠨᠠᠬᠤ ᠪᠠᠨ | ᠴᠢᠩᠭᠠᠳᠬᠠᠵᠤ᠂ ᠰᠢᠯᠭᠠᠨ ᠬᠢᠨᠠᠵᠤ ᠦᠨᠡᠯᠡᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠰᠤᠷᠭᠠᠭᠤᠯᠢ | ᠲᠠᠢ ᠬᠠᠮᠵᠢᠯᠴᠠᠨ ᠬᠥᠮᠦᠨ ᠬᠥᠮᠦᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠬᠤ ᠶᠢ ᠪᠦᠲᠦᠮᠵᠢᠲᠡᠢ ᠤᠷᠮᠠᠰᠢᠭᠤᠯᠤᠨ᠎ᠠ᠃ | | | |