ᠥᠪᠥᠷ ᠵᠠᠰᠠᠭ ᠲᠠᠷᠬᠠᠭᠠᠭᠰᠠᠨ ﹇2024﹈ 5 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ ᠳᠤ᠄ | ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ | ᠲᠤᠬᠠᠢ ᠰᠠᠨᠠᠯ︾ ︵ᠰᠤᠷᠭᠠᠨ ᠬᠢᠨᠠᠯᠲᠠ ᠬᠠᠮᠢᠶᠠᠷᠤᠯᠲᠠ ﹇2023﹈ 2 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣᠬᠠᠨ ᠤ ᠮᠠᠨ ᠤ ᠣᠷᠣᠨ ᠤ ᠰᠢᠨᠵᠢᠯᠡᠬᠦ ᠤᠬᠠᠭᠠᠨ ᠤ | ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ | ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ᠡᠳᠦᠭᠡ ᠳᠠᠷᠤᠮᠠᠯᠯᠠᠨ | ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ | ᠲᠤᠬᠠᠢ ᠬᠡᠷᠡᠭᠵᠢᠭᠦᠯᠬᠦ ᠲᠥᠰᠦᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶᠠᠨ ᠤ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ | ᠬᠤᠷᠢᠶᠠᠨ ᠤ ᠠᠯᠪᠠᠨ ᠭᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠬᠤ ᠬᠦᠷᠢᠶᠡᠯᠡᠩ | ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ | ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠤᠨ ᠵᠥᠪᠯᠡᠯ | | 2024 ᠣᠨ ᠤ 5 ᠰᠠᠷ᠎ᠠ ᠶᠢᠨ 21 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ | ᠭᠤᠷᠪᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ | | | ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠢᠨ᠎ᠡ ᠴᠠᠭ | ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ | ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ | ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠶᠠᠪᠤᠴᠠ ᠳᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠨᠡᠮᠡᠯᠲᠡ ᠦᠢᠯᠡᠳᠦᠯ ᠢ ᠬᠦᠴᠦᠯᠡᠨ ᠰᠠᠶᠢᠲᠤᠷ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠴᠢᠨᠠᠷᠯᠢᠭ ᠬᠥᠭᠵᠢᠯᠲᠡ ᠶᠢ ᠨᠢᠭᠡ ᠴᠣᠭᠴᠠᠵᠢᠭᠤᠯᠤᠨ | ᠠᠬᠢᠭᠤᠯᠬᠤ ᠶᠢᠨ ᠲᠥᠯᠦᠭᠡ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ | ᠣᠷᠭᠠᠨᠢᠭ ᠢᠶᠠᠷ ᠨᠡᠶᠢᠳᠭᠡᠨ᠂ ᠪᠠᠶᠠᠯᠢᠭ ᠰᠠᠶᠢᠬᠠᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠪᠠᠭᠰᠢ ᠶᠢᠨ ᠬᠡᠪ ᠴᠢᠨᠠᠷ ᠪᠠ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠳᠤᠮᠳᠠᠳᠤ ᠪᠠᠭ᠎ᠠ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠤᠣᠯ ᠵᠢᠭᠰᠠᠭᠠᠯ ᠤᠨ | ᠭᠠᠵᠠᠷ ᠪᠣᠯᠤᠨ ᠨᠡᠶᠢᠭᠡᠮ ᠤᠨ ᠲᠣᠮᠣ ᠬᠢᠴᠢᠶᠡᠯ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠂ ᠰᠢᠨᠵᠢᠯᠡᠬᠦ | ᠤᠬᠠᠭᠠᠨᠲᠠᠨ ᠤ ᠳᠠᠯᠳᠠ ᠴᠢᠨᠠᠷ ᠢ ᠪᠦᠷᠢᠳᠦᠭᠦᠯᠦᠭᠰᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ | ᠬᠤᠪᠢ ᠪᠡᠶ᠎ᠡ ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭᠠᠴᠤᠳ ᠢ ᠪᠣᠶᠢᠵᠢᠭᠤᠯᠵᠤ᠂ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃ 3 - 5 ᠵᠢᠯ ᠤᠨ ᠴᠢᠷᠮᠠᠶᠢᠯᠭ᠎ᠠ ᠪᠠᠷ | ᠳᠠᠮᠵᠢᠨ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠶᠢ ᠲᠣᠪᠤᠶᠢᠮ᠎ᠠ ᠳᠡᠭᠡᠭᠰᠢᠯᠡᠭᠦᠯᠦᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠲᠣᠪᠤᠶᠢᠮ᠎ᠠ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠬᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ | ᠦᠨᠳᠦᠰᠦᠨ ᠳᠤ ᠨᠢ ᠪᠠᠶᠢᠭᠤᠯᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠦᠨ᠂ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠶᠠᠪᠤᠴᠠ ᠳᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠬᠤᠯᠠ | ᠰᠠᠭᠤᠷᠢ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭ᠎ᠠ | 1. ᠰᠢᠨᠵᠢᠯᠡᠬᠦ ᠤᠬᠠᠭᠠᠨ ᠤ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠵᠢᠴᠢ ᠬᠠᠮᠢᠶ᠎ᠠ | ᠪᠦᠬᠦᠢ ᠬᠢᠴᠢᠶᠡᠯ ᠲᠥᠷᠦᠯ ︵ᠹᠢᠽᠢᠺ᠂ ᠬᠢᠮᠢ᠂ ᠠᠮᠢᠳᠤ ᠪᠣᠳᠠᠰ ᠤᠨ ᠰᠤᠳᠤᠯᠤᠯ᠂ ᠭᠠᠵᠠᠷ ᠵᠦᠢ᠂ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ / ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠬᠦ | ᠮᠡᠷᠭᠡᠵᠢᠯ ᠵᠡᠷᠭᠡ︶ ᠢ ᠪᠦᠷᠢᠨ ᠭᠦᠢᠴᠡᠳ ᠰᠠᠶᠢᠲᠤᠷ ᠨᠡᠭᠡᠭᠡᠵᠦ᠂ ︽ᠤᠯᠤᠰ ᠤᠨ ᠬᠢᠴᠢᠶᠡᠯ ︵ᠵᠠᠪᠠᠯ ᠰᠤᠷᠬᠤ | ᠬᠢᠴᠢᠶᠡᠯ︶ + ᠣᠷᠣᠨ ᠨᠤᠲᠤᠭ ᠤᠨ ᠬᠢᠴᠢᠶᠡᠯ ︵ᠰᠣᠩᠭᠤᠨ ᠵᠠᠪᠠᠯ ᠰᠤᠷᠬᠤ ᠬᠢᠴᠢᠶᠡᠯ︶ + ᠰᠤᠷᠭᠠᠭᠤᠯᠢ ᠶᠢᠨ | ᠬᠢᠴᠢᠶᠡᠯ ︵ᠰᠣᠩᠭᠤᠨ ᠰᠤᠷᠬᠤ ᠬᠢᠴᠢᠶᠡᠯ︶ + ᠨᠡᠶᠢᠭᠡᠮᠯᠢᠭ ᠤᠨ ᠠᠵᠢᠯᠯᠠᠭ᠎ᠠ + ᠬᠢᠴᠢᠶᠡᠯ ᠤᠨ ᠳᠠᠷᠠᠭᠠᠬᠢ | ᠦᠢᠯᠡᠴᠢᠯᠡᠭᠡ + ᠬᠢᠴᠢᠶᠡᠯ ᠤᠨ ᠭᠠᠳᠠᠨᠠᠬᠢ ᠦᠢᠯᠡᠳᠦᠯᠭᠡ︾ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠵᠤ᠂ ᠲᠤᠷᠰᠢᠯᠲᠠ ᠪᠠ ᠰᠦᠪᠡᠭᠴᠢᠯᠡᠬᠦ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠦᠨ᠂ ᠬᠢᠴᠢᠶᠡᠯ ᠲᠥᠷᠥᠯ ᠤᠨ ᠭᠤᠣᠯ ᠰᠡᠳᠦᠪᠲᠦ ᠰᠤᠷᠤᠯᠴᠠᠯᠭ᠎ᠠ ᠶᠢ ᠵᠠᠷᠴᠢᠮ ᠳᠡᠭᠡᠷ᠎ᠡ ᠪᠠᠨ ᠬᠠᠮᠤᠭ ᠤᠨ | ᠴᠥᠬᠡᠨ ᠳᠤ ᠪᠠᠨ 10% ᠬᠢᠴᠢᠶᠡᠯ ᠤᠨ ᠴᠠᠭ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠲᠤᠰ ᠭᠠᠵᠠᠷ ᠤᠨ ᠲᠤᠰ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ | ᠭᠦᠨᠵᠡᠭᠡᠢ ᠢᠯᠡᠷᠡᠭᠦᠯᠵᠦ᠂ ᠥᠪᠡᠷᠮᠢᠴᠡ ᠣᠨᠴᠠᠯᠢᠭᠲᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠬᠢᠴᠢᠶᠡᠯ ᠢ ᠨᠡᠭᠡᠭᠡᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠵᠢᠴᠢ ᠬᠠᠮᠢᠶ᠎ᠠ ᠪᠦᠬᠦᠢ ᠬᠢᠴᠢᠶᠡᠯ ᠲᠥᠷᠦᠯ ᠤᠨ ᠵᠢᠭᠠᠨ ᠰᠤᠷᠭᠠᠯᠲᠠ ᠳᠤ | ᠬᠠᠪᠰᠤᠷᠤᠨ ᠬᠡᠷᠡᠭᠯᠡᠬᠦ ᠪᠢᠴᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ | ᠬᠠᠪᠰᠤᠷᠤᠨ ᠵᠢᠯᠣᠭᠤᠳᠬᠤ ᠪᠢᠴᠢᠭ ᠤᠨ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ | ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ | 2. ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠢᠭᠠᠬᠤ ᠳᠥᠰᠦᠯ ᠪᠠ ᠰᠤᠷᠬᠤ ᠳᠥᠰᠦᠯ ᠢ ᠰᠢᠯᠢᠳᠡᠭᠵᠢᠭᠦᠯᠵᠦ᠂ | ᠰᠡᠩᠬᠡᠷᠡᠭᠦᠯᠬᠦ ᠮᠠᠶ᠋ᠢᠭ ᠤᠨ ᠪᠠ ᠬᠠᠶᠢᠬᠤ ᠮᠠᠶ᠋ᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠦᠨ᠂ ᠲᠥᠷᠥᠯ ᠵᠦᠢᠯ ᠤᠨ | ᠬᠡᠯᠪᠡᠷᠢ ᠶᠢᠨ᠂ ᠬᠢᠴᠢᠶᠡᠯ ᠲᠥᠷᠥᠯ ᠠᠯᠤᠰᠯᠠᠨ ᠰᠤᠷᠤᠯᠴᠠᠬᠤ ᠶᠢ ᠰᠦᠪᠡᠭᠴᠢᠯᠡᠵᠦ᠂ ᠱᠠᠲᠤ ᠬᠤᠪᠢᠶᠠᠭᠰᠠᠨ ᠣᠯᠠᠨ | ᠶᠠᠩᠵᠤ ᠶᠢᠨ᠂ ᠦᠢᠯᠡᠳᠦᠯᠭᠡᠲᠦ ᠴᠢᠨᠠᠷ ᠢᠶᠠᠷ ᠴᠢᠩᠭ᠎ᠠ ᠳᠠᠰᠬᠠᠯ ᠢ ᠲᠥᠯᠥᠪᠯᠡᠵᠦ᠂ ᠰᠤᠷᠤᠭᠴᠢᠳ ᠤᠨ ᠰᠢᠨᠵᠢᠯᠡᠬᠦ | ᠤᠬᠠᠭᠠᠨ ᠤ ᠳᠤᠷ᠎ᠠ ᠪᠠᠬ᠎ᠠ᠂ ᠰᠢᠨᠵᠢᠯᠡᠬᠦ ᠤᠬᠠᠭᠠᠨ ᠤ ᠰᠡᠳᠬᠢᠮᠵᠢ᠂ ᠦᠢᠯᠡᠳᠦᠯᠭᠡ ᠶᠢᠨ ᠴᠢᠳᠠᠪᠤᠷᠢ ᠶᠢ ᠰᠦᠪᠡᠭᠴᠢᠯᠡᠬᠦ | ᠬᠥᠮᠦᠵᠢᠯ ᠢ ᠴᠢᠬᠤᠯᠠᠴᠢᠯᠠᠨ᠎ᠠ᠃ ᠣᠨ ᠪᠠ ᠰᠤᠷᠤᠯᠭ᠎ᠠ ᠶᠢᠨ ᠱᠠᠲᠤ ᠶᠢ ᠣᠷᠭᠠᠨᠢᠭ ᠢᠶᠠᠷ ᠵᠣᠯᠭᠠᠭᠤᠯᠬᠤ ᠶᠢ | ᠴᠢᠩᠭᠠᠳᠬᠠᠵᠤ᠂ ᠶᠡᠷᠦᠩᠬᠡᠶᠢᠯᠡᠭᠰᠡᠨ ᠴᠢᠨᠠᠷ᠂ ᠦᠢᠯᠡᠳᠦᠯᠭᠡ ᠶᠢᠨ ᠴᠢᠨᠠᠷ᠂ ᠰᠢᠨᠵᠢᠯᠡᠬᠦ ᠤᠬᠠᠭᠠᠨᠴᠢ | ᠴᠢᠨᠠᠷ ᠢ ᠢᠯᠡᠷᠡᠭᠦᠯᠦᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠭᠤᠣᠯᠯᠠᠬᠤ ᠬᠡᠪ ᠪᠣᠯᠪᠠᠰᠤᠷᠠᠯ ᠢ | ᠬᠥᠮᠦᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ | ᠬᠥᠮᠦᠵᠢᠯ ᠤᠨ ᠲᠠᠪᠴᠠᠩ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ | ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠰᠤᠷᠤᠭᠴᠢᠳ ᠲᠤ ᠲᠥᠯᠦᠪᠦᠷᠢ ᠦᠭᠡᠢ | ᠬᠡᠷᠡᠭᠯᠡᠭᠦᠯᠦᠨ᠎ᠡ᠃ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠪᠠ ᠵᠢᠭᠠᠨ ᠰᠤᠷᠭᠠᠯᠲᠠ ᠶᠢ | ᠵᠢᠯᠣᠭᠤᠳᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠪᠠ | ᠵᠠᠭᠪᠤᠷ ᠢ ᠢᠯᠭᠠᠨ ᠲᠣᠳᠣᠯᠠᠵᠤ᠂ ᠪᠤᠶᠢᠵᠢᠭᠤᠯᠵᠤ᠂ ᠳᠡᠯᠭᠡᠷᠡᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠲᠥᠷᠥᠯ | ᠵᠦᠢᠯ ᠤᠨ ᠰᠤᠳᠤᠯᠭᠠᠨ ᠢ ᠴᠢᠩᠭᠠᠳᠬᠠᠵᠤ᠂ ︽ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ︾ ᠶᠢ ᠪᠠᠶᠢᠭᠤᠯᠤᠨ᠂ ᠶᠡᠭᠡ ᠳᠡᠭᠡᠳᠦ | ᠰᠤᠷᠭᠠᠭᠤᠯᠢ ᠪᠣᠯᠤᠨ ᠳᠤᠮᠳᠠᠳᠤ ᠪᠠᠭ᠎ᠠ ᠰᠤᠷᠭᠠᠭᠤᠯᠢ ᠬᠠᠮᠲᠤᠷᠠᠨ ᠵᠢᠭᠠᠬᠤ ᠶᠢ ᠰᠣᠳᠤᠯᠬᠤ ᠶᠢ ᠠᠬᠢᠭᠤᠯᠵᠤ᠂ ᠵᠢᠭᠠᠨ | ᠰᠤᠷᠭᠠᠯᠲᠠ ᠶᠢᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ ᠶᠢ ᠪᠦᠲᠦᠮᠵᠢᠲᠡᠢ ᠵᠣᠯᠭᠠᠭᠤᠯᠬᠤ ᠶᠢ | ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ︶ | 3. ᠲᠤᠷᠰᠢᠯᠲᠠ ᠶᠢᠨ ᠵᠢᠭᠠᠨ ᠰᠤᠷᠭᠠᠯᠲᠠ ᠶᠢ ᠵᠢᠷᠤᠮᠵᠢᠯ ᠲᠠᠢ ᠥᠷᠨᠢᠭᠦᠯᠦᠨ᠎ᠡ᠃ ᠡᠯ᠎ᠡ ᠱᠠᠲᠤᠨ ᠤ ᠲᠤᠰᠬᠠᠢ | ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠢᠴᠢᠶᠡᠯ ᠲᠥᠷᠦᠯ ᠤᠨ ᠠᠩᠭᠢ ᠶᠢᠨ ᠭᠡᠷ᠂ | ᠴᠢᠳᠠᠮᠵᠢᠲᠤ ᠬᠢᠴᠢᠶᠡᠯ ᠤᠨ ᠭᠡᠷ᠂ ᠰᠢᠨᠵᠢᠯᠡᠬᠦ ᠤᠬᠠᠭᠠᠨ ᠤ ᠠᠵᠢᠯᠯᠠᠬᠤ ᠲᠠᠰᠤᠭ᠂ ᠶᠡᠷᠦᠩᠬᠡᠶᠢᠯᠡᠭᠰᠡᠨ ᠲᠤᠷᠰᠢᠯᠲᠠ ᠶᠢᠨ | ᠲᠠᠰᠤᠭ ᠵᠡᠷᠭᠡ ᠰᠢᠨᠵᠢᠯᠡᠬᠦ ᠤᠬᠠᠭᠠᠨ ᠤ ᠲᠥᠷᠥᠯ ᠤᠨ ᠵᠢᠭᠠᠨ ᠰᠤᠷᠭᠠᠯᠲᠠ ᠶᠢᠨ ᠪᠠᠶᠢᠷᠢ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠵᠢᠴᠢ ᠪᠡᠯᠡᠳᠬᠡᠮᠵᠢ | ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠲᠣᠬᠢᠷᠠᠭᠤᠯᠤᠨ᠎ᠠ᠃ ᠬᠢᠴᠢᠶᠡᠯ ᠤᠨ ᠪᠠᠷᠢᠮᠵᠢᠶ᠎ᠠ | ᠶᠣᠰᠣᠭᠠᠷ ᠲᠤᠷᠰᠢᠯᠲᠠ ᠪᠠ ᠰᠥᠪᠡᠭᠴᠢᠯᠡᠯᠲᠡ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠲᠤᠷᠰᠢᠯᠲᠠ ᠶᠢᠨ | ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ | ᠵᠢᠭᠠᠨ ᠰᠤᠷᠭᠠᠯᠲᠠ ᠶᠢᠨ ᠬᠢᠴᠢᠶᠡᠯ ᠶᠠᠷᠢᠬᠤ ᠤᠷᠤᠯᠳᠤᠭᠠᠨ᠂ ᠥᠪᠡᠰᠦᠪᠡᠨ ᠦᠢᠯᠡᠳᠦᠭᠰᠡᠨ ᠵᠢᠭᠠᠨ ᠰᠤᠷᠭᠠᠯᠲᠠ ᠶᠢᠨ | ᠪᠠᠭᠠᠵᠢ ᠶᠢ ᠳᠡᠯᠭᠡᠨ ᠦᠵᠡᠭᠦᠯᠬᠦ ᠠᠵᠢᠯᠯᠠᠭ᠎ᠠ ᠪᠠ ᠪᠠᠭᠰᠢ ᠰᠤᠷᠤᠭᠴᠢᠳ ᠤᠨ ᠮᠡᠳᠡᠭᠡ ᠵᠠᠩᠭᠢ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠢᠮᠡᠯ | ᠣᠶᠤᠨ᠂ ᠵᠢᠱᠢᠮᠡᠭ ᠦᠨᠡᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ | ᠲᠤᠷᠰᠢᠯᠲᠠ ᠶᠢᠨ ᠵᠢᠭᠠᠨ ᠰᠤᠷᠭᠠᠯᠲᠠ ᠶᠢ ᠰᠠᠶᠢᠵᠢᠷᠠᠭᠤᠯᠤᠨ ᠴᠢᠩᠭᠠᠳᠬᠠᠬᠤ ᠶᠢ ᠰᠦᠪᠡᠭᠴᠢᠯᠡᠬᠦ ᠶᠢᠨ ᠬᠠᠮᠲᠤ᠂ | ᠲᠡᠷᠢᠭᠦᠨ ᠤ ᠰᠤᠷᠭᠠᠨ ᠬᠥᠮᠦᠵᠢᠯ ᠤᠨ ᠮᠡᠷᠭᠡᠵᠢᠯ ᠢ ᠠᠰᠢᠭᠯᠠᠨ ᠪᠠᠭᠤᠷᠠᠢ ᠭᠠᠵᠠᠷ ᠣᠷᠣᠨ᠂ ᠨᠥᠬᠦᠴᠡᠯ ᠪᠠᠷᠤᠭᠲᠠᠢ | ᠰᠤᠷᠭᠠᠭᠤᠯᠢ ᠵᠢᠴᠢ ᠣᠨᠴᠠᠭᠠᠢ ᠬᠡᠦᠬᠡᠳ ᠤᠨ ᠬᠠᠮᠲᠤᠯᠢᠭ ᠲᠤ ᠰᠢᠯᠢᠳᠡᠭ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠪᠠᠶᠢᠳᠠᠯ ᠢ ᠨᠥᠬᠦᠪᠥᠷᠢᠯᠡᠬᠦ ᠶᠢ | ᠴᠢᠬᠤᠯᠠᠴᠢᠯᠠᠨ᠎ᠠ᠃ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠲᠤᠷᠰᠢᠯᠲᠠ ᠶᠢᠨ ᠵᠢᠭᠠᠨ ᠰᠤᠷᠭᠠᠯᠲᠠ ᠶᠢᠨ ᠠᠮᠤᠷ ᠲᠦᠪᠰᠢᠨ ᠤ ᠪᠡᠯᠡᠳᠬᠡᠯ ᠲᠥᠰᠦᠯ ᠢ ᠳᠣᠭᠲᠠᠭᠠᠨ᠂ | ᠲᠤᠷᠰᠢᠯᠲᠠ ᠶᠢᠨ ᠵᠢᠭᠠᠨ ᠰᠤᠷᠭᠠᠯᠲᠠ ᠶᠢ ᠬᠡᠪ ᠤᠨ ᠪᠠᠶᠢᠳᠠᠯ ᠢᠶᠠᠷ ᠥᠷᠨᠢᠭᠦᠯᠬᠦ ᠪᠠ ᠲᠤᠷᠰᠢᠯᠲᠠ ᠶᠢᠨ ᠲᠠᠰᠤᠭ ᠢ | ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ︶ | 4. ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠬᠠᠮᠤᠭ ᠤᠨ ᠦᠨᠳᠦᠰᠦᠨ᠂ ᠡᠷᠬᠡᠪᠰᠢ ᠪᠦᠷᠢᠯᠳᠦᠭᠦᠯᠬᠦ ᠲᠥᠷᠥᠯ ᠵᠦᠢᠯ ᠪᠣᠯᠭᠠᠵᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ᠂ ᠰᠢᠨᠵᠢᠯᠡᠬᠦ ᠤᠬᠠᠭᠠᠨ ᠤ ᠲᠤᠷᠰᠢᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠣᠬᠢᠶᠠᠯ ᠪᠥᠲᠦᠭᠡᠯ᠂ ᠡᠭᠦᠳᠦᠨ ᠪᠦᠲᠦᠭᠡᠯᠲᠡ ᠶᠢᠨ ᠠᠵᠢᠯᠯᠠᠭ᠎ᠠ᠂ ᠠᠵᠢᠭᠯᠠᠨ ᠰᠣᠳᠤᠯᠬᠤ᠂ | ᠰᠢᠨᠵᠢᠯᠡᠬᠦ ᠤᠬᠠᠭᠠᠨ ᠤ ᠵᠢᠷᠤᠭ ᠳᠦᠷᠰᠦ ᠶᠢ ᠵᠣᠬᠢᠶᠠᠨ ᠪᠦᠲᠦᠭᠡᠬᠦ᠂ ᠰᠢᠨᠵᠢᠯᠡᠬᠦ ᠤᠬᠠᠭᠠᠨᠴᠢ ᠪᠠᠷ ᠪᠠᠶᠢᠴᠠᠭᠠᠵᠤ | ᠪᠡᠶᠡᠴᠢᠯᠡᠨ ᠣᠶᠢᠯᠠᠭᠠᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠂ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠤᠭᠴᠢᠳ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠣᠯᠤᠨ ᠳᠤᠷ᠎ᠠ ᠰᠣᠨᠢᠷᠬᠠᠯ ᠤᠨ ᠳᠤᠭᠤᠶᠢᠯᠠᠩ ᠢ ᠵᠢᠯᠣᠭᠤᠳᠬᠤ ᠶᠢ | ᠴᠢᠩᠭᠠᠳᠬᠠᠵᠤ᠂ ᠳᠤᠷ᠎ᠠ ᠰᠣᠨᠢᠷᠬᠠᠯ ᠲᠠᠢ ᠰᠤᠷᠤᠭᠴᠢᠳ ᠰᠢᠨᠵᠢᠯᠡᠬᠦ ᠤᠬᠠᠭᠠᠨ ᠤ ᠰᠥᠪᠡᠭᠴᠢᠯᠡᠯᠲᠡ ᠪᠠ | ᠲᠤᠷᠰᠢᠯᠲᠠ ᠶᠢ ᠤᠷᠲᠤ ᠬᠤᠭᠤᠴᠠᠭ᠎ᠠ ᠪᠠᠷ᠂ ᠭᠦᠨᠵᠡᠭᠡᠢ᠂ ᠰᠢᠰᠲ᠋ᠧᠮ ᠲᠠᠢ ᠥᠷᠨᠢᠭᠦᠯᠬᠦ ᠶᠢ ᠬᠥᠲᠥᠯᠥᠨ | ᠵᠢᠯᠣᠭᠤᠳᠴᠤ ᠳᠡᠮᠵᠢᠨ᠎ᠡ᠃ ᠭᠤᠷᠪᠠᠳᠠᠬᠢ ᠡᠲᠡᠭᠡᠳ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠴᠢᠨᠠᠷᠯᠢᠭ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ | ᠰᠢᠨᠵᠢ ᠴᠢᠨᠠᠷ ᠢ ᠪᠠᠷᠢᠮᠲᠠᠯᠠᠨ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ | ᠦᠢᠯᠡᠴᠢᠯᠡᠭᠡ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠵᠠᠯᠠᠭᠤᠴᠤᠳ | ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠲᠥᠪ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠨᠡᠶᠢᠭᠡᠮ ᠤᠨ | ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠲᠥᠷᠥᠯ ᠤᠨ ᠬᠢᠴᠢᠶᠡᠯ ᠪᠠ | ᠠᠵᠢᠯᠯᠠᠭ᠎ᠠ ᠶᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠭᠤᠯᠵᠤ᠂ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠳᠤ ᠠᠰᠢᠭᠲᠠᠢ ᠨᠥᠬᠦᠪᠥᠷᠢ ᠬᠠᠩᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ | ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 5. ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢ ᠬᠥᠮᠦᠵᠢᠭᠦᠯᠬᠦ ᠨᠢᠭᠡ ᠪᠦᠯᠦᠭ ᠪᠠᠭᠰᠢ ᠶᠢᠨ | ᠰᠤᠷᠭᠠᠭᠤᠯᠢ ᠶᠢᠨ ᠲᠥᠷᠥᠯ ᠤᠨ ᠲᠤᠰᠬᠠᠢ ᠮᠡᠷᠭᠡᠵᠢᠯ ᠢ ᠪᠠᠶᠢᠭᠤᠯᠤᠨ ᠬᠦᠴᠦᠷᠬᠡᠭᠵᠢᠭᠦᠯᠵᠦ᠂ ᠠᠯᠪᠠᠨ ᠤ | ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠣᠶᠤᠲᠠᠨ᠂ | ︽ᠰᠢᠯᠢᠳᠡᠭ ᠪᠠᠭᠰᠢ ᠶᠢᠨ ᠲᠥᠯᠥᠪᠯᠡᠭᠡ︾ ᠵᠡᠷᠭᠡ ᠲᠥᠷᠥᠯ ᠵᠦᠢᠯ ᠳᠤ ᠰᠢᠨᠵᠢᠯᠡᠬᠦ ᠤᠬᠠᠭᠠᠨ ᠤ ᠲᠥᠷᠥᠯ ᠤᠨ | ᠬᠢᠴᠢᠶᠡᠯ ᠤᠨ ᠪᠠᠭᠰᠢ ᠶᠢ ᠬᠥᠮᠦᠵᠢᠭᠦᠯᠬᠦ ᠬᠠᠷᠢᠴᠠᠯ ᠢ ᠳᠡᠭᠡᠭᠰᠢᠯᠡᠭᠦᠯᠦᠨ᠂ ᠥᠨᠳᠥᠷ ᠬᠡᠪ ᠴᠢᠨᠠᠷ ᠲᠠᠢ | ᠲᠤᠰᠬᠠᠶᠢᠵᠢᠭᠰᠠᠨ ᠰᠢᠨᠵᠢᠯᠡᠬᠦ ᠤᠬᠠᠭᠠᠨ ᠤ ᠲᠥᠷᠥᠯ ᠤᠨ ᠪᠠᠭᠰᠢ ᠶᠢᠨ ᠬᠠᠩᠭᠠᠯᠭ᠎ᠠ ᠶᠢ ᠡᠬᠢ ᠡᠭᠦᠰᠦᠯ ᠠᠴᠠ ᠨᠢ | ᠴᠢᠩᠭᠠᠳᠬᠠᠨ᠎ᠠ᠃ ᠡᠯ᠎ᠡ ᠱᠠᠲᠤᠨ ᠤ ᠪᠠᠭᠰᠢ ᠶᠢᠨ ᠪᠣᠯᠪᠠᠰᠤᠷᠠᠯ ᠤᠨ ᠲᠥᠷᠥᠯ ᠵᠦᠢᠯ ᠳᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢᠨ ᠪᠣᠯᠪᠠᠰᠤᠷᠠᠯ ᠤᠨ ᠲᠥᠷᠥᠯ | ᠵᠦᠢᠯ ᠢ ᠲᠤᠰᠬᠠᠢ ᠲᠣᠬᠢᠷᠠᠭᠤᠯᠵᠤ᠂ ᠪᠠᠭᠰᠢ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ | ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ | ᠨᠢᠭᠡ ᠪᠦᠷᠢ ᠳᠤ ᠰᠤᠷᠭᠠᠭᠤᠯᠢ ᠶᠢᠨ ᠤᠳᠤᠷᠢᠳᠤᠯᠭ᠎ᠠ ᠪᠤᠶᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠳ ᠢᠶᠠᠷ | ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠦᠯᠵᠦ᠂ ᠵᠠᠷᠴᠢᠮ ᠳᠡᠭᠡᠷ᠎ᠡ ᠪᠠᠨ | ᠬᠠᠮᠤᠭ ᠤᠨ ᠪᠠᠭ᠎ᠠ ᠳᠤ ᠪᠠᠨ 1 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ | ᠲᠣᠬᠢᠷᠠᠭᠤᠯᠤᠨ᠎ᠠ᠃ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠪᠠᠭᠰᠢ ᠶᠢᠨ ᠠᠵᠢᠯ ᠤᠨ | ᠪᠠᠶᠢᠷᠢ ᠶᠢᠨ ᠣᠷᠣᠨ ᠲᠤᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ | ︵ᠬᠠᠮᠢᠶᠠᠷᠤᠯᠲᠠ︶ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠨᠵᠢᠯᠡᠬᠦ ᠤᠬᠠᠭᠠᠨ ᠤ ᠲᠥᠷᠥᠯ ᠤᠨ | ᠬᠢᠴᠢᠶᠡᠯ ᠤᠨ ᠪᠠᠭᠰᠢ ᠪᠠ ᠳᠤᠷᠰᠢᠯᠲᠠ ᠶᠢᠨ ᠠᠵᠢᠯᠲᠠᠨ᠂ ᠲᠤᠷᠰᠢᠯᠲᠠ ᠶᠢᠨ ᠬᠠᠮᠢᠶᠠᠷᠤᠭᠴᠢ ᠶᠢᠨ ᠵᠣᠬᠢᠬᠤ ᠠᠵᠢᠯ ᠤᠨ | ᠬᠡᠮᠵᠢᠶ᠎ᠡ ᠶᠢ ᠵᠦᠢ ᠵᠣᠬᠢᠰᠲᠠᠢ ᠬᠢᠨᠠᠨ ᠲᠣᠭᠲᠠᠭᠠᠨ᠎ᠠ᠃ ᠣᠷᠣᠨ ᠪᠦᠰᠡ ᠶᠢᠨ ᠳᠣᠲᠣᠷᠠᠬᠢ ᠪᠠᠭᠰᠢ ᠶᠢᠨ ᠬᠦᠴᠦᠨ ᠢ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠢᠶᠠᠨ ᠠᠴᠠ ᠬᠠᠮᠢᠶᠠᠷᠤᠨ ᠰᠤᠷᠭᠠᠭᠤᠯᠢ ᠠᠴᠠ ᠤᠷᠢᠬᠤ | ᠥᠭᠡᠷᠡᠴᠢᠯᠡᠯᠲᠡ ᠶᠢᠨ ᠶᠠᠪᠤᠴᠠ ᠳᠤ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠰᠢᠨᠵᠢᠯᠡᠬᠦ ᠤᠬᠠᠭᠠᠨ ᠤ | ᠲᠥᠷᠥᠯ ᠤᠨ ᠬᠢᠴᠢᠶᠡᠯ ᠢ ᠠᠵᠢᠯ ᠤᠨ ᠪᠠᠶᠢᠷᠢ ᠰᠣᠯᠢᠨ ᠪᠣᠯᠪᠠᠰᠤᠷᠠᠭᠤᠯᠬᠤ ᠶᠢ ᠴᠠᠭ ᠲᠤ ᠨᠢ ᠲᠣᠬᠢᠷᠠᠭᠤᠯᠤᠨ | ᠥᠷᠨᠢᠭᠦᠯᠵᠦ᠂ ᠰᠢᠯᠢᠳᠡᠭ ᠪᠠᠭᠰᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠡᠷᠬᠢᠯᠡᠬᠦ ᠶᠢ | ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ | ᠬᠢᠨ ᠰᠢᠨᠵᠢᠯᠡᠬᠦ ᠤᠬᠠᠭᠠᠨ ᠤ ᠵᠢᠭᠠᠬᠤ ᠶᠢ ᠰᠤᠳᠤᠯᠤᠭᠴᠢ ᠶᠢ ᠲᠣᠬᠢᠷᠠᠭᠤᠯᠬᠤ ᠶᠢ ᠴᠢᠩᠭᠠᠳᠬᠠᠵᠤ᠂ ᠨᠡᠮᠡᠭᠳᠡᠯ ᠢ | ᠳᠡᠭᠡᠭᠰᠢᠯᠡᠭᠦᠯᠵᠦ᠂ ᠨᠥᠭᠡᠴᠡ ᠶᠢ ᠰᠠᠶᠢᠵᠢᠷᠠᠭᠤᠯᠬᠤ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠤ ᠲᠥᠷᠦᠯ ᠤᠨ | ᠬᠢᠴᠢᠶᠡᠯ ᠤᠨ ᠪᠠᠭᠰᠢ ᠶᠢ ᠬᠥᠮᠦᠵᠢᠭᠦᠯᠬᠦ᠂ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠪᠠᠭ᠎ᠠ ᠰᠤᠷᠭᠠᠭᠤᠯᠢ ᠨᠢᠭᠡ | ᠪᠦᠷᠢ ᠳᠤ ᠬᠠᠮᠤᠭ ᠤᠨ ᠪᠠᠭ᠎ᠠ ᠳᠤ ᠪᠠᠨ ᠪᠠᠶᠢᠭᠠᠯᠢ ᠲᠧᠭᠨᠢᠭ ᠤᠨ ᠮᠠᠰᠲ᠋ᠧᠷ ᠴᠣᠯᠠ ᠲᠠᠢ 1 ᠰᠢᠨᠵᠢᠯᠡᠬᠦ ᠤᠬᠠᠭᠠᠨ ᠤ | ᠲᠥᠷᠦᠯ ᠤᠨ ᠬᠢᠴᠢᠶᠡᠯ ᠤᠨ ᠪᠠᠭᠰᠢ ᠲᠠᠢ ᠪᠠᠶᠢᠬᠤ ᠶᠢ ᠪᠡᠶᠡᠯᠡᠭᠦᠯᠬᠦ ᠶᠢ ᠠᠯᠬᠤᠮ ᠠᠯᠬᠤᠮ ᠢᠶᠠᠷ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | ︵ᠬᠤᠶᠠᠷ︶ ᠨᠡᠶᠢᠭᠡᠮ ᠤᠨ ᠡᠬᠢ ᠪᠠᠶᠠᠯᠢᠭ ᠤᠨ ᠦᠢᠯᠡᠳᠦᠯᠭᠡ ᠶᠢᠨ ᠬᠦᠮᠦᠨ | ᠬᠦᠮᠦᠵᠢᠭᠦᠯᠬᠦ ᠠᠵᠢᠯᠯᠠᠭ᠎ᠠ | 6. ᠴᠢᠨᠠᠷᠯᠢᠭ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠎ᠡ᠃ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ | ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ᠂ | ᠬᠡᠦᠬᠡᠳ ᠤᠨ ᠠᠵᠢᠯᠯᠠᠭᠠᠨ ᠤ ᠲᠥᠪ᠂ ᠮᠦᠽᠧᠶ᠂ ᠰᠣᠶᠣᠯ ᠤᠨ ᠣᠷᠳᠣᠨ᠂ ᠨᠣᠮ ᠤᠨ ᠰᠠᠩ᠂ ᠲᠥᠯᠥᠪᠵᠢᠭᠦᠯᠭᠡ ᠶᠢᠨ | ᠦᠵᠡᠰᠬᠦᠯᠡᠩ ᠤᠨ ᠣᠷᠳᠣᠨ ᠪᠣᠯᠤᠨ ᠠᠵᠢᠯᠴᠢᠨ ᠲᠠᠷᠢᠶᠠᠴᠢᠨ ᠤ ᠠᠵᠤ ᠠᠬᠤᠶᠢᠯᠠᠯ ᠵᠡᠷᠭᠡ ᠨᠢᠭᠡᠴᠢ ᠶᠢ ᠨᠢᠭᠡᠳᠦᠯᠲᠡᠶ | ᠳᠠᠶᠢᠴᠢᠯᠠᠵᠤ ᠰᠤᠷᠤᠭᠴᠢᠳ ᠲᠤ ᠬᠠᠷᠢᠶ᠎ᠠ ᠪᠦᠬᠦᠢ ᠣᠷᠳᠣᠨ᠂ ᠰᠠᠭᠤᠷᠢᠨ ᠭᠠᠵᠠᠷ᠂ ᠪᠠᠭᠤᠴᠠ᠂ ᠬᠦᠷᠢᠶᠡᠯᠡᠩ ᠲᠣᠭᠤᠷᠢᠭ᠂ | ᠦᠢᠯᠡᠳᠪᠦᠷᠢᠯᠡᠯ ᠤᠨ ᠱᠣᠭᠤᠮ ᠵᠡᠷᠭᠡ ᠵᠢᠭᠰᠠᠭᠠᠯ ᠤᠨ ᠭᠠᠵᠠᠷ᠂ ᠲᠠᠪᠴᠠᠩ᠂ ᠠᠴᠢᠶᠠᠯᠠᠪᠤᠷᠢ ᠪᠣᠯᠤᠨ ᠡᠬᠢ ᠪᠠᠶᠠᠯᠢᠭ ᠢ | ᠴᠢᠯᠥᠭᠡᠲᠡᠶ ᠨᠡᠭᠡᠭᠡᠵᠦ᠂ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠰᠤᠷᠭᠠᠨ ᠬᠥᠮᠦᠵᠢᠯ ᠢ ᠥᠷᠭᠡᠨ ᠢᠶᠠᠷ | ᠬᠡᠷᠡᠭᠵᠢᠭᠦᠯᠬᠦ ᠳᠤ ᠪᠣᠳᠠᠰ ᠤᠨ ᠰᠠᠭᠤᠷᠢ ᠬᠠᠩᠭᠠᠨ᠎ᠠ᠃ ᠣᠷᠴᠢᠨ ᠠᠬᠤᠢ ᠶᠢ ᠬᠠᠮᠠᠭᠠᠯᠠᠬᠤ ᠲᠥᠬᠦᠭᠡᠷᠦᠮᠵᠢ ᠶᠢᠨ | ᠨᠡᠭᠡᠭᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ | ᠬᠡᠯᠪᠡᠷᠢ ᠶᠢ ᠪᠠᠶᠠᠯᠢᠭᠵᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠥᠮᠦᠵᠢᠯ ᠤᠨ ᠰᠠᠭᠤᠷᠢᠨ ᠢ | ᠪᠠᠶᠢᠭᠤᠯᠤᠨ᠎ᠠ᠃ ᠬᠡᠦᠬᠡᠳ ᠤᠨ ᠨᠥᠬᠦᠷᠰᠡᠭ ᠬᠤᠲᠠ ᠶᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠡᠯ᠎ᠡ | ᠭᠠᠵᠠᠷ ᠤᠨ ᠬᠢᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠣᠯᠠᠨ ᠴᠢᠳᠠᠮᠵᠢᠲᠤ | ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠤᠨ᠎ᠠ᠃ ᠳᠡᠭᠡᠳᠦ ᠨᠠᠷᠢᠯᠢᠭ ᠣᠷᠦ᠋ᠢᠯᠠᠭᠰᠠᠨ | ᠮᠡᠷᠭᠡᠵᠢᠯ ᠤᠨ ᠠᠵᠤ ᠠᠬᠤᠶᠢᠯᠠᠯ ᠪᠣᠯᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ | ᠲᠠᠷᠢᠶᠠᠴᠢᠨ ᠤ ᠠᠵᠤ ᠠᠬᠤᠶᠢᠯᠠᠯ ᠢ ᠢᠳᠡᠪᠬᠢᠲᠡᠶ ᠳᠠᠶᠢᠴᠢᠯᠠᠵᠤ᠂ ᠪᠡᠯᠡ ᠮᠥᠩᠭᠦ ᠬᠠᠨᠳᠢᠪᠯᠠᠬᠤ᠂ ᠫᠠᠶᠢᠰᠠ ᠡᠯᠭᠦᠬᠦ᠂ ᠨᠡᠷ᠎ᠡ | ᠬᠠᠳᠠᠬᠤ ᠵᠡᠷᠭᠡ ᠬᠡᠯᠪᠡᠷᠢ ᠪᠠᠷ ᠪᠠᠭᠤᠷᠠᠶ ᠭᠠᠵᠠᠷ ᠣᠷᠣᠨ᠂ ᠪᠠᠭᠤᠷᠠᠶ ᠰᠤᠷᠭᠠᠭᠤᠯᠢ ᠳᠤ ᠰᠢᠨᠵᠢᠯᠡᠬᠦ ᠤᠬᠠᠭᠠᠨ ᠤ | ᠰᠤᠷᠭᠠᠨ ᠬᠥᠮᠦᠵᠢᠯ ᠤᠨ ᠲᠠᠯᠠᠪᠤᠷ ᠭᠠᠵᠠᠷ ᠢ ᠲᠤᠰᠠᠯᠠᠨ ᠪᠠᠶᠢᠭᠤᠯᠵᠤ᠂ ᠲᠥᠬᠦᠭᠡᠷᠦᠮᠵᠢ᠂ ᠪᠠᠭᠠᠵᠢ ᠬᠡᠷᠡᠭᠰᠡᠯ᠂ ᠨᠣᠮ | ᠪᠢᠴᠢᠭ᠂ ᠵᠥᠭᠡᠯᠡᠨ ᠲᠣᠨᠤᠭ ᠵᠡᠷᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶ | 7. ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠳᠤᠮᠳᠠᠳᠤ ᠪᠠᠭ᠎ᠠ | ᠰᠤᠷᠭᠠᠭᠤᠯᠢ ᠪᠣᠯᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠯᠦᠭᠡ | ᠬᠠᠷᠢᠯᠴᠠᠬᠤ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠲᠤᠷᠰᠢᠯᠲᠠ ᠶᠢᠨ ᠲᠠᠰᠤᠭ | ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠵᠣᠬᠢᠰᠲᠠᠶ ᠨᠡᠭᠡᠭᠡᠵᠦ᠂ ᠰᠢᠨᠵᠢᠯᠡᠬᠦ ᠤᠬᠠᠭᠠᠨ | ︵ᠡᠪᠦᠯ ᠤᠨ ᠠᠮᠠᠷᠠᠯᠲᠠ ᠶᠢᠨ ᠭᠠᠵᠠᠷ︶ ᠤ ᠵᠤᠰᠠᠯᠠᠩ ᠵᠡᠷᠭᠡ ᠶᠢ ᠬᠠᠮᠵᠢᠨ ᠵᠣᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠬᠥᠮᠦᠵᠢᠯ ᠤᠨ ᠪᠠᠭᠤᠴᠠ ︵ᠰᠠᠭᠤᠷᠢᠨ | ᠭᠠᠵᠠᠷ︶ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠦᠨ᠎ᠡ᠃ ︽ᠰᠢᠨᠵᠢᠯᠡᠬᠦ ᠤᠬᠠᠭᠠᠨ ᠤ ᠢᠯᠡ ᠬᠢᠴᠢᠶᠡᠯ︾᠂ ︽ᠰᠢᠨᠵᠢᠯᠡᠬᠦ ᠤᠬᠠᠭᠠᠨᠲᠠᠨ ︵ᠵᠣᠷᠢᠭ | ᠰᠠᠨᠠᠭ᠎ᠠ︶ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠯᠠᠭᠠᠨ ᠤ ᠭᠠᠷᠠᠭ᠂ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠡᠭᠦᠳᠡᠯ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠷᠳᠣᠨ᠂ ᠰᠢᠨᠵᠢᠯᠡᠬᠦ ᠤᠬᠠᠭᠠᠨ ᠤ ᠪᠠᠶᠢᠴᠠᠭᠠᠯᠲᠠ ᠪᠠ ᠪᠡᠶᠡᠴᠢᠯᠡᠨ ᠣᠶᠢᠯᠠᠭᠠᠯᠲᠠ ᠵᠡᠷᠭᠡ ᠶᠢ | ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠠᠬᠤᠢ | ᠦᠵᠡᠭᠳᠡᠯ ᠤᠨ ᠮᠠᠶ᠋ᠢᠭᠲᠤ᠂ ᠪᠡᠶᠡᠴᠢᠯᠡᠨ ᠣᠶᠢᠯᠠᠭᠠᠬᠤ ᠮᠠᠶ᠋ᠢᠭᠲᠤ ᠰᠢᠨᠵᠢᠯᠡᠬᠦ ᠤᠬᠠᠭᠠᠨ ᠤ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠦᠨ᠎ᠡ᠃ ︽ᠰᠢᠨᠵᠢᠯᠡᠬᠦ ᠤᠬᠠᠭᠠᠨᠲᠠᠨ ᠤ ᠦᠯᠢᠭᠡᠷ ᠵᠢᠴᠢ ᠣᠯᠠᠨ ᠢᠶᠠᠷ ᠢᠶᠠᠨ ᠰᠢᠨ᠎ᠡ ᠶᠢ | ᠡᠭᠦᠳᠬᠦ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠢ ᠡᠷᠬᠢᠯᠡᠵᠦ᠂ ︽ᠬᠢᠯᠢ ᠬᠢᠵᠠᠭᠠᠷ ᠤᠨ ᠬᠤᠰᠢᠭᠤ ᠰᠢᠶᠠᠨ ᠳᠤ | ᠣᠷᠣᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠵᠦᠢᠯ᠂ ᠰᠢᠨᠵᠢᠯᠡᠬᠦ | ᠤᠬᠠᠭᠠᠨ ᠤ ᠬᠢᠴᠢᠶᠡᠯ ᠤᠨ ᠵᠢᠷᠤᠭ ᠲᠥᠯᠥᠪᠯᠡᠭᠡ ᠵᠢᠴᠢ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ | ᠵᠣᠬᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶ | 8. ᠠᠵᠤ ᠠᠬᠤᠶᠢᠯᠠᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠭᠡᠳᠬᠡᠨ᠎ᠡ᠃ ᠮᠠᠨ ᠤ ᠣᠷᠣᠨ ᠤ | ᠬᠤᠪᠣᠷ ᠰᠢᠷᠣᠢ᠂ ᠡᠨᠧᠷᠭᠢ᠂ ᠴᠠᠬᠢᠯᠭᠠᠨ ᠬᠦᠴᠦᠨ᠂ ᠰᠦᠨ ᠤ ᠦᠢᠯᠡᠰ᠂ ᠮᠠᠯ ᠠᠵᠤ ᠠᠬᠤᠢ᠂ ᠠᠮᠢᠳᠤ | ᠪᠣᠳᠠᠰ ᠤᠨ ᠡᠮ ᠦᠢᠯᠡᠳᠬᠦ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠵᠡᠷᠭᠡ ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ ᠲᠠᠷᠢᠶᠠᠴᠢᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ︽ᠮᠡᠷᠭᠡᠵᠢᠯ ᠤᠨ ᠪᠥᠲᠦᠭᠡᠭᠳᠡᠭᠦᠨ ᠢ ᠢᠲᠡᠭᠡᠯ ᠳᠦᠭᠦᠷᠡᠩ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠶᠢ ᠥᠷᠨᠢᠭᠦᠯᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠣᠳᠠᠲᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠳᠤ | ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠭᠤᠯᠵᠤ᠂ ᠮᠠᠨ ᠤ ᠣᠷᠣᠨ ᠤ ᠲᠤᠯᠭᠠᠭᠤᠷᠢ ᠠᠵᠤ ᠦᠢᠯᠡᠰ ᠢ | ᠣᠶᠢᠯᠠᠭᠠᠭᠤᠯᠵᠤ᠂ ᠬᠥᠳᠡᠯᠮᠦᠷᠢ ᠶᠢᠨ ᠵᠣᠷᠢᠭ ᠰᠠᠨᠠᠭ᠎ᠠ᠂ ᠰᠤᠳᠤᠯᠬᠤ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠵᠣᠷᠢᠭ | ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ | ᠨᠤᠲᠤᠭ ᠤᠰᠤᠨ ᠤ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ | ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠪᠦᠲᠦᠭᠡᠨ | ᠪᠠᠶᠢᠭᠤᠯᠬᠤ ᠰᠢᠨᠵᠢᠯᠡᠬᠦ ᠤᠬᠠᠭᠠᠨ ᠤ ᠵᠣᠷᠢᠯᠲᠠ ᠶᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ | ᠶᠡᠭᠡ ᠡᠭᠦᠷᠭᠡ︾ ᠶᠢ ᠪᠡᠶᠡᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ︶ | 9. ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠡᠪ ᠵᠠᠭᠪᠤᠷ ᠢ ᠰᠢᠯᠢᠳᠡᠭᠵᠢᠭᠦᠯᠦᠨ᠎ᠡ᠃ ᠨᠡᠶᠢᠭᠡᠮ ᠤᠨ | ᠡᠯ᠎ᠡ ᠡᠲᠡᠭᠡᠳ ᠰᠦᠯᠵᠢᠶᠡᠨ ᠳᠠᠬᠢ ︽ᠰᠢᠨᠵᠢᠯᠡᠬᠦ ᠤᠬᠠᠭᠠᠨ ᠤ ᠢᠯᠡ ᠬᠢᠴᠢᠶᠡᠯ︾᠂ ︽ᠭᠡᠷ ᠪᠦᠯᠢ ᠶᠢᠨ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠵᠢᠯᠣᠭᠤᠳᠬᠤ ᠬᠢᠴᠢᠶᠡᠯ︾ ᠵᠡᠷᠭᠡ ᠶᠢ ᠦᠢᠯᠡᠳᠬᠦ ᠶᠢ | ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠃ ᠰᠢᠨᠵᠢᠯᠡᠬᠦ ᠤᠬᠠᠭᠠᠨᠲᠠᠨ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠨ︶᠂ ᠰᠢᠨᠵᠢᠯᠡᠬᠦ ᠤᠬᠠᠭᠠᠨ ᠤ ᠬᠢᠴᠢᠶᠡᠯ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠠᠯᠠᠪᠤᠷ | ᠭᠠᠵᠠᠷ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠡᠬᠢ ᠪᠠᠶᠠᠯᠢᠭ ᠢ ᠴᠤᠭᠯᠠᠭᠤᠯᠬᠤ᠂ ᠵᠣᠯᠭᠠᠭᠤᠯᠬᠤ᠂ | ᠲᠣᠬᠢᠷᠠᠭᠤᠯᠬᠤ ᠲᠣᠭᠲᠠᠴᠠ ᠶᠢ ᠴᠢᠩᠭᠠᠷᠠᠭᠤᠯᠤᠨ᠂ ᠣᠷᠣᠨ ᠨᠤᠲᠤᠭ ᠵᠢᠴᠢ ᠰᠤᠷᠭᠠᠭᠤᠯᠢ ᠶᠢ ᠰᠣᠩᠭᠤᠨ ᠬᠡᠷᠡᠭᠯᠡᠬᠦ ᠶᠢ | ᠥᠨᠳᠥᠷ ᠪᠦᠲᠦᠮᠵᠢᠲᠡᠢ ᠪᠥᠭᠡᠳ ᠡᠮᠬᠢ ᠵᠢᠷᠤᠮ ᠲᠠᠢ ᠲᠣᠬᠢᠷᠠᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠡᠬᠢ ᠪᠠᠶᠠᠯᠢᠭ ᠢ ᠪᠦᠷᠢᠳᠬᠡᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠲᠤᠰᠢᠶᠠᠯ ᠬᠠᠪᠰᠤᠷᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠷᠭᠠᠨ ᠬᠥᠮᠦᠵᠢᠯ ᠤᠨ ᠠᠵᠢᠯ ᠤᠨ ᠡᠩᠨᠡᠭᠡ ᠶᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠮᠢᠩᠭᠠᠨ | ᠲᠤᠰᠬᠠᠢ ᠮᠡᠷᠭᠡᠵᠢᠯᠲᠡᠨ ᠢ ᠮᠢᠩᠭᠠᠨ ᠰᠤᠷᠭᠠᠭᠤᠯᠢ ᠳᠤ ᠣᠷᠣᠭᠤᠯᠬᠤ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ | ᠰᠢᠨᠵᠢᠯᠡᠬᠦ ᠤᠬᠠᠭᠠᠨᠲᠠᠨ᠂ ᠢᠨᠵᠧᠨᠧᠷ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠬᠠᠮᠠᠳ ᠠᠵᠢᠯᠲᠠᠨ ᠵᠡᠷᠭᠡ ᠲᠤᠰᠬᠠᠢ ᠮᠡᠷᠭᠡᠵᠢᠯᠲᠡᠨ | ᠡᠷᠳᠡᠮᠲᠡᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ ᠰᠢᠨᠵᠢᠯᠡᠬᠦ ᠤᠬᠠᠭᠠᠨ ᠤ | ᠰᠤᠳᠤᠯᠭᠠᠨ ᠬᠢᠬᠦ ᠪᠤᠶᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠳᠤ | ᠣᠷᠣᠯᠴᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ︶ | 10. ᠦᠨᠡᠯᠡᠵᠦ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ | ᠴᠢᠨᠰᠠᠭ᠎ᠠ ᠶᠢ ᠦᠨᠡᠯᠡᠬᠦ ᠳᠦᠷᠢᠮ ᠢ ᠲᠣᠭᠲᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠦᠨᠡᠯᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠦᠨᠡᠯᠡᠬᠦ ᠲᠠᠪᠴᠠᠩ ᠢ ᠡᠬᠢᠯᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ | ᠴᠢᠨᠠᠷ ᠴᠢᠨᠰᠠᠭ᠎ᠠ ᠶᠢ ᠦᠨᠡᠯᠡᠬᠦ ᠳᠦᠷᠢᠮ ᠳᠤ ᠣᠷᠣᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢ ᠵᠢᠯᠣᠭᠤᠳᠴᠤ | ᠥᠪᠡᠷ ᠢ ᠪᠠᠨ ᠦᠨᠡᠯᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭᠠᠲᠤ ᠰᠤᠷᠭᠠᠭᠤᠯᠢ | ᠪᠠᠶᠢᠴᠠᠭᠠᠭᠴᠢ ᠪᠠᠶᠢᠩᠭᠤ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠥᠷᠨᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ | ︵ᠭᠤᠷᠪᠠ︶ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠠᠵᠢᠯᠯᠠᠭ᠎ᠠ | 11. ᠲᠤᠷᠰᠢᠯᠲᠠ ᠶᠢᠨ ᠣᠷᠣᠨ ᠤ ᠲᠤᠷᠰᠢᠯᠲᠠ ᠶᠢᠨ ᠰᠤᠷᠭᠠᠭᠤᠯᠢ ᠶᠢ ᠡᠭᠦᠳᠦᠨ | ᠪᠠᠶᠢᠭᠤᠯᠤᠨ᠎ᠠ᠃ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠤᠷᠰᠢᠯᠲᠠ ᠶᠢᠨ ᠣᠷᠣᠨ᠂ | ᠲᠤᠷᠰᠢᠯᠲᠠ ᠶᠢᠨ ᠰᠤᠷᠭᠠᠭᠤᠯᠢ ᠪᠠ ᠬᠢᠮᠡᠯ ᠣᠶᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠣᠷᠴᠢᠨ ᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ | ᠭᠦᠢᠴᠡᠳ ᠰᠠᠶᠢᠲᠤᠷ ᠬᠡᠷᠡᠭᠯᠡᠵᠦ᠂ ᠲᠤᠷᠰᠢᠯᠲᠠ ᠶᠢᠨ ᠣᠷᠣᠨ ︵ᠰᠤᠷᠭᠠᠭᠤᠯᠢ︶ ᠤ ᠰᠢᠨᠵᠢᠯᠡᠬᠦ ᠤᠬᠠᠭᠠᠨ ᠤ ᠰᠤᠷᠭᠠᠨ | ᠬᠥᠮᠦᠵᠢᠯ ᠤᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠶᠢ ᠵᠣᠷᠢᠭᠵᠢᠭᠤᠯᠤᠨ ᠳᠡᠮᠵᠢᠵᠦ᠂ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ ᠬᠢᠮᠡᠯ ᠣᠶᠤᠨ ᠵᠡᠷᠭᠡ ᠨᠢᠭᠡ ᠪᠦᠯᠦᠭ ᠲᠤᠷᠰᠢᠯᠲᠠ ᠶᠢᠨ ᠣᠷᠣᠨ᠂ | ᠲᠤᠷᠰᠢᠯᠲᠠ ᠶᠢᠨ ᠰᠤᠷᠭᠠᠭᠤᠯᠢ ᠶᠢ ᠰᠣᠩᠭᠤᠬᠤ ᠪᠠ ᠮᠠᠭᠠᠳᠯᠠᠨ ᠲᠣᠭᠲᠠᠭᠠᠵᠤ᠂ ︽ᠨᠢᠭᠡ ᠪᠦᠯᠦᠭ ᠨᠢ ᠪᠣᠯᠪᠠᠰᠤᠷᠠᠩᠭᠤᠢ | ᠪᠣᠯᠪᠠᠯ ᠨᠢᠭᠡ ᠪᠦᠯᠦᠭ ᠢ ᠰᠢᠯᠭᠠᠨ ᠠᠪᠬᠤ᠂ ᠨᠢᠭᠡ ᠪᠦᠯᠦᠭ ᠢ ᠮᠠᠭᠠᠳᠯᠠᠨ ᠲᠣᠭᠲᠠᠭᠠᠬᠤ︾ ᠵᠠᠷᠴᠢᠮ ᠶᠣᠰᠣᠭᠠᠷ᠂ | ᠪᠠᠶᠢᠷᠢᠰᠢᠯᠠᠭᠤᠯᠤᠯᠲᠠ ᠵᠦᠢ ᠵᠣᠬᠢᠰᠲᠠᠢ᠂ ᠣᠨᠴᠠᠯᠢᠭ ᠣᠯᠠᠨ ᠶᠠᠩᠵᠤᠴᠢᠯᠠᠭᠰᠠᠨ ᠰᠢᠨᠵᠢᠯᠡᠬᠦ ᠤᠬᠠᠭᠠᠨ ᠤ ᠰᠤᠷᠭᠠᠨ | ᠬᠥᠮᠦᠵᠢᠯ ᠤᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 12. ᠴᠢᠳᠠᠪᠤᠷᠢᠲᠠᠨ ᠰᠣᠩᠭᠤᠬᠤ ᠲᠣᠭᠲᠠᠴᠠ ᠶᠢ ᠰᠦᠪᠡᠭᠴᠢᠯᠡᠨ᠎ᠡ᠃ ᠣᠷᠦ᠋ᠢᠯᠠᠭᠰᠠᠨ ᠰᠢᠨ᠎ᠡ ᠶᠢ ᠡᠭᠦᠳᠬᠦ | ᠴᠢᠳᠠᠪᠤᠷᠢᠲᠠᠨ ᠢ ᠰᠣᠩᠭᠤᠵᠤ ᠬᠥᠮᠦᠵᠢᠭᠦᠯᠬᠦ ᠪᠦᠲᠦᠮᠵᠢᠲᠡᠢ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ︽ᠳᠤᠮᠳᠠᠳᠤ ᠰᠤᠷᠭᠠᠭᠤᠯᠢ ᠶᠢᠨ ᠭᠠᠷᠮᠠᠭᠠᠢ | ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠬᠢᠴᠢᠶᠡᠯ ᠲᠥᠷᠦᠯ ᠤᠨ ᠣᠷᠦ᠋ᠢᠯᠠᠭᠰᠠᠨ ᠰᠤᠷᠤᠭᠴᠢ ᠶᠢ | ᠬᠥᠮᠦᠵᠢᠭᠦᠯᠬᠦ ᠲᠥᠯᠥᠪᠯᠡᠭᠡ︾᠂ ︽ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠪᠠᠭᠤᠴᠠ︾᠂ ︽ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ | ᠬᠥᠮᠦᠵᠢᠭᠦᠯᠬᠦ︾ ᠵᠡᠷᠭᠡ ᠲᠥᠷᠥᠯ ᠵᠦᠢᠯ ᠢ ᠰᠣᠩᠭᠤᠵᠤ᠂ ᠬᠥᠮᠥᠵᠢᠭᠦᠯᠵᠦ᠂ ᠬᠡᠷᠡᠭᠯᠡᠬᠦ ᠲᠠᠯ᠎ᠠ ᠪᠠᠷ ᠲᠤᠰ ᠲᠤᠰ ᠤᠨ | ᠭᠤᠣᠯᠳᠠᠯᠭ᠎ᠠ ᠪᠠᠨ ᠲᠣᠳᠣᠷᠬᠠᠶᠢᠯᠠᠵᠤ᠂ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠮᠬᠢ ᠵᠢᠷᠤᠮ ᠲᠠᠢ | ᠬᠡᠷᠡᠭᠵᠢᠭᠦᠯᠬᠦ ᠶᠢ ᠠᠬᠢᠭᠤᠯᠵᠤ᠂ ᠬᠥᠮᠦᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠷᠣᠨ ᠤ ᠳᠣᠲᠣᠷᠠᠬᠢ | ᠶᠡᠭᠡ ᠳᠡᠭᠡᠳᠦ ᠰᠤᠷᠭᠠᠭᠤᠯᠢ ᠪᠣᠯᠤᠨ ᠳᠤᠮᠳᠠᠳᠤ ᠰᠤᠷᠭᠠᠭᠤᠯᠢ ᠬᠠᠮᠲᠤᠷᠠᠨ ᠰᠢᠨ᠎ᠡ ᠶᠢ ᠡᠭᠦᠳᠬᠦ ᠲᠤᠷᠰᠢᠯᠲᠠ ᠶᠢᠨ | ᠲᠠᠰᠤᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠥᠷᠲᠡᠭᠡ᠂ ᠴᠢᠳᠠᠪᠤᠷᠢᠲᠠᠨ ᠬᠥᠮᠦᠵᠢᠭᠦᠯᠬᠦ ᠠᠩᠭᠢ ᠶᠢ | ᠬᠠᠮᠲᠤ ᠳᠤ ᠪᠠᠨ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠶᠡᠭᠡ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ | ᠬᠤᠣᠰ ᠵᠢᠯᠣᠭᠤᠳᠣᠭᠴᠢ ᠪᠠᠭᠰᠢ ᠶᠢᠨ ᠳᠦᠷᠢᠮ ᠢ ᠰᠦᠪᠡᠭᠴᠢᠯᠡᠵᠦ᠂ ᠠᠪᠢᠶᠠᠰ ᠲᠤ ᠨᠢ ᠲᠣᠬᠢᠷᠠᠭᠤᠯᠤᠨ | ᠵᠢᠭᠠᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠠᠮᠢᠳᠤ ᠪᠣᠳᠠᠰ ᠤᠨ ᠰᠢᠨᠵᠢᠯᠡᠬᠦ ᠤᠬᠠᠭᠠᠨ ᠤ | ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠲᠥᠯᠥᠪᠯᠡᠭᠡ 2.0 ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠠᠭᠤᠷᠢ | ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠢ ᠰᠠᠶᠢᠲᠤᠷ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠣᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 13. ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠠᠭᠤᠯᠭ᠎ᠠ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ | ᠰᠡᠳᠦᠪ ᠤᠨ ᠬᠡᠯᠪᠡᠷᠢ ᠶᠢ ᠲᠡᠭᠦᠯᠳᠡᠷᠵᠢᠭᠦᠯᠵᠦ᠂ ᠬᠡᠪ ᠪᠣᠯᠪᠠᠰᠤᠷᠠᠯ ᠢᠶᠠᠷ ᠭᠤᠣᠯ ᠰᠠᠨᠠᠭ᠎ᠠ ᠶᠢ ᠳᠣᠭᠲᠠᠭᠠᠬᠤ ᠶᠢ | ᠪᠠᠷᠢᠮᠲᠠᠯᠠᠨ᠂ ᠰᠢᠯᠭᠠᠯᠲᠠ ᠶᠢᠨ ᠰᠡᠳᠦᠪ ᠤᠨ ᠰᠦᠪᠡᠭᠴᠢᠯᠡᠯᠳᠦ ᠴᠢᠨᠠᠷ᠂ ᠨᠡᠭᠡᠭᠡᠯᠲᠡᠲᠦ ᠴᠢᠨᠠᠷ᠂ ᠶᠡᠷᠦᠩᠬᠡᠶᠢᠯᠡᠭᠰᠡᠨ | ᠴᠢᠨᠠᠷ ᠢ ᠴᠢᠩᠭᠠᠳᠬᠠᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠬᠥᠮᠦᠵᠢᠭᠦᠯᠦᠨ᠎ᠡ᠃ ᠣᠯᠠᠨ | ᠡᠰᠢᠵᠢᠭᠦᠯᠦᠭᠰᠡᠨ ᠦᠨᠡᠯᠡᠬᠦ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠰᠤᠷᠤᠭᠴᠢᠳ ᠤᠨ ᠡᠳᠦᠷ | ᠲᠤᠲᠤᠮ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠶᠡᠷᠦᠩᠬᠡᠶᠢᠯᠡᠨ᠂ | ᠡᠯ᠎ᠡ ᠠᠶᠢᠮᠠᠭ ᠬᠤᠲᠠ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠹᠢᠽᠢᠺ | ᠬᠢᠮᠢ ᠠᠮᠢᠳᠤ ᠪᠣᠳᠠᠰ ᠤᠨ ᠲᠤᠷᠰᠢᠯᠲᠠ ᠶᠢᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠰᠡᠳᠦᠪ | ᠭᠠᠷᠭᠠᠭᠰᠠᠨ ᠪᠠᠭᠰᠢ ᠶᠢᠨ ᠬᠥᠮᠥᠷᠭᠡ ᠶᠢ ᠰᠣᠩᠭᠤᠨ ᠪᠠᠶᠢᠭᠤᠯᠵᠤ᠂ ᠭᠤᠣᠯ ᠰᠡᠳᠦᠪ ᠭᠠᠷᠭᠠᠭᠰᠠᠨ ᠪᠠᠭᠰᠢ ᠶᠢ | ᠰᠣᠩᠭᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠰᠡᠳᠦᠪ ᠭᠠᠷᠭᠠᠬᠤ | ᠪᠠᠭᠰᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠳᠤ ᠵᠣᠬᠢᠴᠠᠬᠤ ᠰᠢᠯᠭᠠᠯᠲᠠ ᠶᠢ ᠥᠷᠨᠢᠭᠦᠯᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠰᠡᠳᠦᠪ ᠤᠨ ᠬᠦᠴᠢᠷᠳᠡᠯ ᠢ ᠵᠦᠢ ᠵᠣᠬᠢᠰᠲᠠᠢ ᠲᠣᠭᠲᠠᠭᠠᠵᠤ᠂ ᠠᠯᠪᠠᠨ ᠵᠢᠷᠤᠮ ᠤᠨ ᠬᠢᠴᠢᠶᠡᠯ ᠤᠨ | ᠪᠠᠷᠢᠮᠵᠢᠶ᠎ᠠ ᠪᠥᠬᠦᠢ ᠰᠡᠳᠦᠪ ᠭᠠᠷᠭᠠᠬᠤ ᠶᠢ ᠴᠢᠩᠭ᠎ᠠ ᠵᠢᠷᠤᠮᠯᠠᠨ᠂ 2024 ᠣᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠭᠠᠵᠠᠷ ᠵᠦᠢ ᠪᠠ ᠠᠮᠢᠳᠤ ᠪᠣᠳᠠᠰ ᠤᠨ | ᠤᠬᠠᠭᠠᠨ ︵ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠮᠡᠳᠡᠯᠭᠡ ᠶᠢ ᠪᠠᠭᠲᠠᠭᠠᠨ᠎ᠠ︶ ᠤ ᠰᠤᠷᠤᠯᠭ᠎ᠠ ᠲᠡᠭᠦᠰᠬᠦ | ᠰᠢᠯᠭᠠᠯᠲᠠ ᠶᠢᠨ ᠰᠡᠳᠦᠪ ᠢ ᠪᠦᠬᠦ ᠣᠷᠣᠨ ᠳᠤ ᠨᠢᠭᠡᠳᠦᠯᠲᠡᠢ ᠰᠡᠳᠦᠪ ᠭᠠᠷᠭᠠᠬᠤ ᠶᠢ ᠪᠡᠶᠡᠯᠡᠭᠦᠯᠵᠦ᠂ 2025 ᠣᠨ ᠤ | ᠪᠦᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ | ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ︶ ᠶᠢᠨ ᠪᠢᠷ ᠤᠨ ᠰᠢᠯᠭᠠᠯᠲᠠ ᠶᠢᠨ | ᠰᠡᠳᠦᠪ ᠢ ᠪᠦᠬᠦ ᠣᠷᠣᠨ ᠳᠤ ᠨᠢᠭᠡᠳᠦᠯᠲᠡᠢ ᠰᠡᠳᠦᠪ ᠭᠠᠷᠭᠠᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ | 14. ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠤᠷᠤᠯᠳᠤᠭᠠᠨ ᠢ | ᠵᠢᠷᠤᠮᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠬᠢᠴᠢᠶᠡᠯ ᠲᠥᠷᠦᠯ ᠤᠨ ᠪᠤᠰᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠤᠯᠢ ᠶᠣᠰᠣᠭᠠᠷ ᠡᠵᠡᠩᠨᠡᠬᠦ᠂ | ᠵᠢᠷᠤᠮᠵᠢᠭᠤᠯᠤᠨ ᠬᠥᠭᠵᠢᠭᠦᠯᠬᠦ ᠶᠢ ᠬᠥᠲᠥᠯᠥᠨ ᠵᠢᠯᠣᠭᠤᠳᠴᠤ᠂ ᠰᠤᠷᠤᠭᠴᠢᠳ ᠤᠨ ᠥᠪᠡᠷᠮᠢᠴᠡ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠎ᠠ᠃ ᠵᠥᠪ ᠢᠶᠠᠷ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠢᠯᠣᠭᠤᠳᠤᠨ ︽ᠴᠠᠭᠠᠨ ᠨᠡᠷᠡᠰ ᠤᠨ | ᠵᠢᠭᠰᠠᠭᠠᠯᠲᠠ︾ ᠶᠢᠨ ᠤᠷᠤᠯᠳᠤᠭᠠᠨ ᠳᠤ ᠣᠷᠣᠯᠴᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ | ᠥᠰᠦᠨ ᠪᠤᠶᠢᠵᠢᠬᠤ ᠲᠠᠪᠴᠠᠩ ᠢ ᠪᠠᠶᠢᠭᠤᠯᠤᠨ᠂ ᠨᠢᠭᠤᠭᠳᠠᠮᠠᠯ ᠬᠦᠴᠦᠨ ᠪᠥᠬᠦᠢ ᠰᠤᠷᠤᠭᠴᠢ ᠶᠢ ᠢᠯᠡᠷᠡᠭᠦᠯᠵᠦ᠂ | ᠲᠡᠳᠡᠨ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨ ᠤ ᠰᠤᠳᠤᠯᠭᠠᠨ ᠳᠤ ᠢᠳᠡᠪᠬᠢᠲᠡᠢ | ᠣᠷᠣᠯᠴᠠᠭᠤᠯᠤᠨ᠎ᠠ᠃ ᠨᠢᠭᠡᠳᠦᠯᠲᠡᠢ ᠲᠥᠯᠥᠪᠯᠡᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠭᠰᠠᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠤᠷᠤᠯᠳᠤᠭᠠᠨ ᠤ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠤᠭᠰᠠᠨ ᠦᠭᠡᠢ ᠪᠠᠷ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠤ ᠲᠥᠷᠥᠯ | ᠵᠦᠢᠯ ᠡᠷᠬᠢᠯᠡᠬᠦ ᠶᠢ ᠬᠤᠷᠢᠭᠯᠠᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠤᠬᠠᠮᠰᠠᠷ ᠢ ᠬᠥᠮᠦᠵᠢᠭᠦᠯᠬᠦ ᠳᠤ | ᠠᠰᠢᠭᠲᠠᠢ ᠤᠷᠤᠯᠳᠤᠭᠠᠨ ᠤ ᠠᠵᠢᠯᠯᠠᠭ᠎ᠠ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠦᠷ᠎ᠡ ᠪᠦᠲᠦᠭᠡᠯ ᠢ ᠳᠡᠯᠭᠡᠨ | ᠦᠵᠡᠭᠦᠯᠵᠦ ᠰᠣᠯᠢᠯᠴᠠᠬᠤ ᠲᠠᠪᠴᠠᠩ ᠢ ᠪᠠᠶᠢᠭᠤᠯᠵᠤ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶ | 15. ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠤᠨ᠎ᠠ᠃ ᠭᠡᠷ | ᠪᠦᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠶᠡᠭᠡ ᠪᠠᠷ ᠰᠠᠨᠠᠭᠠᠴᠢᠯᠠᠵᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠦᠨ᠎ᠡ ᠥᠷᠲᠡᠭ ᠢ ᠲᠣᠪᠤᠶᠢᠯᠭᠠᠨ ᠬᠥᠲᠥᠯᠥᠨ ᠳᠠᠭᠠᠭᠤᠯᠵᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠬᠦᠴᠦᠨ ᠢ ᠬᠤᠷᠠᠮᠳᠤᠭᠤᠯᠤᠨ᠂ ᠭᠡᠷ ᠪᠦᠯᠢ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠢᠯᠡ ᠬᠢᠴᠢᠶᠡᠯ ᠭᠠᠷᠭᠠᠵᠤ᠂ ᠣᠯᠠᠨ ᠬᠡᠯᠪᠡᠷᠢᠲᠦ ᠭᠡᠷ ᠪᠦᠯᠢ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠦᠨ᠂ ︽ᠭᠡᠷ ᠤᠨ ᠡᠭᠦᠳᠡᠨ ᠳᠠᠬᠢ︾ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠷᠭᠠᠨ | ᠬᠥᠮᠦᠵᠢᠯ ᠢ ᠲᠦᠭ ᠲᠦᠮᠡᠨ ᠠᠶᠢᠯ ᠡᠷᠦᠬᠡ ᠳᠤ ᠣᠷᠣᠭᠤᠯᠬᠤ ᠶᠢ ᠠᠬᠢᠭᠤᠯᠵᠤ᠂ ᠭᠡᠷ ᠤᠨ ᠠᠬᠠᠮᠠᠳ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠦᠵᠡᠯ ᠤᠬᠠᠮᠰᠠᠷ ᠪᠣᠯᠤᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠦᠨ᠎ᠡ᠃ ᠭᠡᠷ ᠤᠨ ᠠᠬᠠᠮᠠᠳ ᠤᠨ ᠰᠤᠷᠭᠠᠭᠤᠯᠢ᠂ ᠬᠡᠦᠬᠡᠳ ᠤᠨ ᠭᠡᠷ ᠣᠷᠣᠨ᠂ ᠪᠠᠭᠠᠴᠤᠳ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠠᠵᠢᠯᠯᠠᠬᠤ ᠲᠠᠰᠤᠭ᠂ | ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠰᠠᠭᠤᠷᠢᠨ ᠭᠠᠵᠠᠷ ᠵᠡᠷᠭᠡ ᠦᠢᠯᠡᠴᠢᠯᠡᠭᠡᠨ ᠤ | ᠬᠡᠯᠪᠡᠷᠢ ᠪᠣᠯᠤᠨ ᠵᠠᠭᠪᠤᠷ ᠢ ᠠᠰᠢᠭᠯᠠᠨ᠂ ᠭᠡᠷ ᠪᠦᠯᠢ ᠪᠣᠯᠤᠨ ᠵᠠᠯᠠᠭᠤᠴᠤᠳ ᠪᠠᠭᠠᠴᠤᠳ ᠲᠤ ᠬᠠᠨᠳᠤᠭᠤᠯᠤᠨ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠬᠢᠨ᠎ᠡ᠃ ᠡᠴᠢᠭᠡ ᠡᠬᠡ ᠦᠷ᠎ᠡ ᠬᠡᠦᠬᠡᠳ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠩᠰᠢᠯᠭ᠎ᠠ ᠶᠢ ᠳᠡᠯᠭᠡᠷᠡᠭᠦᠯᠵᠦ᠂ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠦᠵᠡᠯᠲᠡ ᠶᠢ ᠬᠤᠪᠢᠷᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠶᠢ ᠪᠦᠲᠦᠮᠵᠢᠲᠡᠢ ᠠᠬᠢᠭᠤᠯᠤᠨ᠂ ᠬᠡᠦᠬᠡᠳ ᠢ ᠰᠢᠨᠵᠢᠯᠡᠬᠦ ᠤᠬᠠᠭᠠᠨ ᠢᠶᠠᠷ ᠰᠡᠩᠬᠡᠷᠡᠭᠦᠯᠬᠦ᠂ ᠰᠢᠨᠵᠢᠯᠡᠬᠦ | ᠤᠬᠠᠭᠠᠨ ᠤ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠵᠡᠷᠭᠡ ᠲᠠᠯ᠎ᠠ ᠪᠠᠷ ᠬᠢ ᠭᠡᠷ ᠪᠦᠯᠢ ᠶᠢᠨ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠬᠡᠦᠬᠡᠳ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ᠂ | ᠪᠦᠬᠦ ᠲᠠᠯ᠎ᠠ ᠪᠠᠷ ᠬᠥᠭᠵᠢᠬᠦ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠥᠪᠡᠷᠲᠡᠭᠡᠨ ᠵᠠᠰᠠᠬᠤ ᠣᠷᠣᠨ ᠨᠢᠭᠡᠳᠦᠯᠲᠡᠢ ᠲᠥᠯᠥᠪᠯᠡᠬᠦ᠂ ᠠᠶᠢᠮᠠᠭ ᠬᠤᠲᠠ ᠵᠢᠯᠣᠭᠤᠳᠬᠤ᠂ ᠬᠤᠰᠢᠭᠤ ᠰᠢᠶᠠᠨ | ︵ᠬᠤᠲᠠ᠂ ᠲᠣᠭᠤᠷᠢᠭ︶ ᠬᠡᠷᠡᠭᠵᠢᠭᠦᠯᠬᠦ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠪᠠᠲᠤᠯᠠᠭ᠎ᠠ ᠶᠢ ᠰᠠᠨᠠᠭᠠᠴᠢᠯᠠᠭ᠎ᠠ ᠠᠴᠠ ᠪᠠᠨ ᠣᠯᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠰᠲ᠋ᠧᠮ ᠲᠠᠢ | ᠪᠠᠶᠢᠷᠢᠯᠠᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ | ᠪᠠᠲᠤᠯᠠᠨ᠎ᠠ᠃ ᠡᠯ᠎ᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠥᠪᠡᠷ ᠤᠨ | ᠰᠢᠨᠵᠢᠯᠡᠬᠦ ᠤᠬᠠᠭᠠᠨ ᠤ ᠰᠣᠳᠤᠯᠭᠠᠨ ᠤ ᠳᠠᠪᠠᠭᠤᠯᠢᠭ ᠪᠣᠯᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠠᠰᠢᠭᠯᠠᠨ | ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠢᠳᠡᠪᠬᠢᠲᠡᠢ ᠳᠡᠮᠵᠢᠨ | ᠣᠷᠣᠯᠴᠠᠨ᠎ᠠ᠃ | ︵ᠬᠤᠶᠠᠷ︶ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠬᠢᠨ ᠡᠯ᠎ᠡ ᠲᠠᠯ᠎ᠠ ᠶᠢᠨ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ | ᠪᠡᠯᠡ ᠮᠥᠩᠭᠦ ᠶᠢ ᠥᠷᠭᠡᠨ ᠢᠶᠠᠷ ᠣᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠥᠷᠥᠯ ᠵᠦᠢᠯ ᠪᠠ ᠢᠯᠡ ᠡᠬᠢ ᠪᠠᠶᠠᠯᠢᠭ ᠤᠨ | ᠭᠤᠣᠯᠳᠠᠯᠭ᠎ᠠ ᠶᠢ ᠬᠥᠳᠡᠭᠡ ᠲᠣᠰᠬᠤᠨ ᠤ ᠭᠠᠵᠠᠷ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠲᠡᠶᠢᠰᠢ ᠬᠡᠯᠪᠠᠶᠢᠯᠭᠡᠵᠦ᠂ ᠪᠠᠭᠤᠷᠠᠢ ᠰᠤᠷᠭᠠᠭᠤᠯᠢ | ᠵᠢᠴᠢ ᠣᠨᠴᠠᠭᠠᠢ ᠬᠡᠦᠬᠡᠳ ᠤᠨ ᠬᠠᠮᠲᠤᠯᠢᠭ ᠢ ᠬᠠᠯᠠᠮᠵᠢᠯᠠᠨ ᠬᠠᠪᠰᠤᠷᠴᠤ ᠵᠢᠯᠣᠭᠤᠳᠤᠨ᠎ᠠ᠃ ᠰᠤᠷᠭᠠᠨ ᠬᠥᠮᠦᠵᠢᠯ ᠢᠶᠠᠷ | ᠰᠤᠷᠤᠯᠭ᠎ᠠ ᠶᠢ ᠲᠡᠳᠬᠦᠬᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠳᠤᠯᠤᠨ | ᠰᠤᠷᠤᠯᠴᠠᠬᠤ ᠠᠵᠢᠯ ᠢ ᠦᠨᠡᠨ ᠬᠦ ᠰᠠᠶᠢᠲᠤᠷ ᠬᠢᠨ᠎ᠡ᠃ ᠡᠯ᠎ᠡ ᠡᠬᠢ ᠪᠠᠶᠠᠯᠢᠭ ᠤᠨ ᠨᠢᠭᠡᠴᠢ ᠨᠡᠶᠢᠲᠡ ᠶᠢᠨ | ᠠᠰᠠᠷᠠᠮᠵᠢ ᠶᠢᠨ ᠣᠷᠣᠨ ᠪᠠᠶᠢᠷᠢ ᠶᠢ ᠲᠣᠭᠲᠠᠭᠠᠬᠤ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠠᠴᠠ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠦᠵᠡᠭᠦᠯᠦᠨ᠎ᠡ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠪᠣᠯᠤᠨ ᠰᠦᠯᠵᠢᠶ᠎ᠡ ᠵᠡᠷᠭᠡ ᠡᠯ᠎ᠡ ᠲᠥᠷᠥᠯ ᠤᠨ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠬᠠᠨᠳᠤᠭᠤᠯᠤᠨ ᠣᠯᠠᠨ ᠶᠠᠩᠵᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ | ᠲᠤᠰᠬᠠᠢ ᠪᠤᠯᠤᠩ ᠭᠠᠷᠭᠠᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠤᠬᠠᠭᠤᠯᠵᠤ ᠬᠥᠲᠥᠯᠥᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠤᠨ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠲᠤ ᠪᠠᠨ ᠵᠢᠳᠬᠦᠬᠦ ᠠᠯᠤᠰ ᠬᠡᠳᠦ ᠶᠢᠨ ᠬᠦᠰᠡᠯ | ᠵᠣᠷᠢᠯᠲᠠ ᠲᠠᠢ ᠪᠣᠯᠬᠤ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ | ᠬᠥᠮᠦᠵᠢᠯ ᠢ ︽ᠬᠤᠶᠠᠷ ᠢ ᠬᠥᠩᠭᠡᠷᠡᠭᠦᠯᠬᠦ︾ ᠤᠬᠠᠭᠤᠯᠭ᠎ᠠ ᠶᠢᠨ ᠠᠵᠢᠯ ᠤᠨ ᠵᠢᠭᠰᠠᠭᠠᠯ ᠤᠨ ᠭᠠᠵᠠᠷ ᠤᠨ | ᠭᠤᠣᠯᠳᠠᠯᠭ᠎ᠠ ᠲᠠᠢ ᠡᠭᠦᠷᠭᠡ ᠳᠤ ᠣᠷᠣᠭᠤᠯᠤᠨ᠂ ᠣᠷᠣᠨ ᠤ ᠳᠣᠲᠣᠷᠠᠬᠢ ᠭᠤᠣᠯ ᠵᠠᠭᠤᠴᠢᠯᠠᠭᠤᠷ ᠤᠨ ᠬᠢᠨ ᠡᠯ᠎ᠡ | ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ | ᠬᠠᠮᠲᠤᠷᠠᠯᠴᠠᠬᠤ ᠶᠢ ᠵᠣᠷᠢᠭᠵᠢᠭᠤᠯᠵᠤ᠂ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ | ᠬᠥᠮᠦᠵᠢᠯ ᠢ ᠤᠯᠠᠮᠵᠢᠯᠠᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠷᠭᠠᠨ ᠬᠥᠮᠦᠵᠢᠯ ᠢ ᠴᠢᠬᠤᠯᠠᠴᠢᠯᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | | | |