| | ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ | ᠵᠡᠮᠳᠡᠭ ᠣᠶᠤᠲᠠᠳ ᠢ ᠲᠤᠰᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠤᠰᠠᠯᠠᠬᠤ ᠠᠷᠭ᠎ᠠ︾ ᠭᠡᠵᠦ | ᠲᠣᠪᠴᠢᠯᠠᠪᠠ︶ ᠶᠢ ᠣᠶᠢᠷ᠎ᠠ ᠳᠤ ᠳᠠᠷᠤᠮᠠᠯᠯᠠᠨ ᠲᠠᠷᠬᠠᠭᠠᠭᠠᠳ ᠬᠡᠷᠡᠭᠵᠢᠭᠦᠯᠪᠡ᠃ | ︽ᠲᠤᠰᠠᠯᠠᠬᠤ ᠠᠷᠭ᠎ᠠ︾ ᠳᠤ᠂ ᠬᠥᠬᠡᠬᠤᠲᠠ ᠶᠢᠨ ᠡᠷᠦᠬᠡ ᠠᠮᠠ ᠲᠠᠢ᠂ ᠬᠦᠴᠦᠨ ᠪᠦᠬᠦᠢ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠲᠠᠢ᠂ ᠡᠩ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠨ ᠮᠥᠷᠲᠡᠭᠡᠨ | ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠤᠶᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠡᠳ ᠵᠢᠩᠬᠢᠨᠢ ᠪᠠᠷ | ᠰᠤᠷᠤᠯᠴᠠᠵᠤ ᠪᠠᠶᠢᠭ᠎ᠠ ᠲᠤᠰᠬᠠᠢ ᠮᠡᠷᠭᠡᠵᠢᠯ ᠤᠨ ᠰᠤᠷᠤᠭᠴᠢ᠂ ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ᠪᠠ | ᠳ᠋ᠣᠺᠲ᠋ᠣᠷᠠᠨᠲ ᠰᠤᠷᠭᠠᠭᠤᠯᠢ ᠳᠤ ᠣᠷᠣᠭᠰᠠᠨ ᠲᠤᠬᠠᠢ ᠶᠢᠨ ᠵᠢᠯ ᠠᠴᠠ ᠪᠠᠨ ᠡᠬᠢᠯᠡᠨ᠂ ᠰᠤᠷᠭᠠᠭᠤᠯᠢ ᠶᠢᠨ ᠳᠦᠷᠢᠮ | ᠶᠣᠰᠣᠭᠠᠷ᠂ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠲᠤᠰᠠᠯᠠᠮᠵᠢ | ᠭᠤᠶᠤᠴᠢᠯᠠᠵᠤ ᠪᠣᠯᠣᠨ᠎ᠠ᠃ ᠠᠰᠫᠢᠷᠠᠨᠲ᠂ ᠳ᠋ᠣᠺᠲ᠋ᠣᠷᠠᠨᠲ ᠪᠦᠷᠢ ᠶᠢ ᠵᠢᠯ ᠳᠤ 1 ᠲᠦᠮᠡᠨ ᠲᠥᠭᠦᠷᠢᠭ᠂ ᠵᠢᠩᠬᠢᠨᠢ | ᠠᠩᠭᠢ ᠶᠢᠨ ᠰᠣᠷᠣᠭᠴᠢ ᠪᠦᠷᠢ ᠶᠢ ᠵᠢᠯ ᠳᠤ 8000 ᠲᠥᠭᠦᠷᠢᠭ᠂ ᠲᠤᠰᠬᠠᠢ ᠮᠡᠷᠭᠡᠵᠢᠯ ᠤᠨ ᠰᠤᠷᠤᠭᠴᠢ ᠪᠦᠷᠢ ᠶᠢ | ᠵᠢᠯ ᠳᠤ 5000 ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠨ᠎ᠠ᠃ | ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ︽ᠲᠤᠰᠠᠯᠠᠬᠤ ᠠᠷᠭ᠎ᠠ︾ ᠶᠢ ᠨᠡᠶᠢᠲᠡᠯᠡᠭᠰᠡᠨ ᠠᠴᠠ ᠵᠡᠮᠳᠡᠭᠴᠦᠳ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠭᠥᠷᠳᠡᠬᠦ ᠶᠢ ᠬᠦᠴᠦᠲᠡᠢ ᠳᠡᠮᠵᠢᠬᠦ ᠪᠠ ᠵᠣᠷᠢᠭᠵᠢᠭᠤᠯᠤᠨ᠂ ᠣᠷᠣᠨ ᠤ ᠲᠥᠪ ᠬᠤᠲᠠ ᠳᠠᠬᠢ | ᠵᠡᠮᠳᠡᠭᠴᠦᠳ ᠤᠨ ᠰᠤᠷᠭᠠᠨ ᠬᠥᠮᠦᠵᠢᠯ ᠭᠥᠷᠳᠡᠬᠦ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ | ᠵᠡᠮᠳᠡᠭᠴᠦᠳ ᠤᠨ ᠨᠠᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠬᠤ ᠪᠣᠯᠣᠨ᠎ᠠ ᠬᠡᠮᠡᠵᠡᠢ᠃ |