ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠬᠢᠩᠭᠠᠨ ᠠᠶᠢᠮᠠᠭ
ᠨᠡᠶᠢᠲᠡᠯᠡᠭᠰᠡᠨ ᠴᠠᠭ᠄
2024/6/13
      ᠣᠶᠢᠷ᠎ᠠ ᠶᠢᠨ ᠡᠳᠦᠷ᠂ ᠬᠢᠩᠭᠠᠨ ᠠᠶᠢᠮᠠᠭ ︽ᠭᠠᠷ ᠤᠨ ᠡᠷᠳᠡᠮ᠂ ᠨᠠᠰᠤᠨ ᠤ ᠲᠦᠰᠢᠭ︾ ᠪᠠᠷ ᠭᠤᠣᠯ ᠰᠡᠳᠦᠪ ᠪᠣᠯᠭᠠᠵᠤ᠂ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠤᠯᠵᠤ᠂ ᠪᠠᠭᠰᠢ ᠰᠤᠷᠤᠭᠴᠢ ᠶᠢᠨ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠦᠵᠡᠰᠬᠦᠯᠡᠩ ᠨᠢ ︽ᠤᠯᠠᠮᠵᠢᠯᠠᠬᠤ᠂ ᠰᠢᠨ᠎ᠡ ᠶᠢ ᠡᠭᠦᠳᠬᠦ᠂ ᠤᠷ᠎ᠠ ᠴᠢᠳᠠᠪᠤᠷᠢ᠂ ᠪᠣᠬᠢᠷᠲᠤᠯ ᠦᠭᠡᠢ᠂ ᠬᠠᠯᠠᠭᠤᠨ‌‍ᠰᠡᠳᠬᠢᠯᠭᠡ︾ ᠪᠠᠷ ᠭᠤᠣᠯ ᠰᠡᠳᠦᠪ ᠪᠣᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠪᠥᠲᠦᠭᠡᠭᠳᠡᠭᠦᠨ᠂ ᠤᠷ᠎ᠠ ᠴᠢᠳᠠᠪᠤᠷᠢ ᠶᠢᠨ ᠦᠵᠡᠭᠦᠯᠭᠡ ᠶᠢᠨ ᠪᠣᠳᠠᠰ᠂ ᠰᠢᠨ᠎ᠡ ᠶᠢ ᠡᠭᠦᠳᠦᠭᠰᠡᠨ ᠦᠢᠯᠡᠳᠬᠦᠨ 1000 ᠭᠠᠷᠤᠢ ᠶᠢ ᠳᠡᠯᠭᠡᠨ ᠦᠵᠡᠭᠦᠯᠪᠡ᠃   

1.webp.png

      ᠠᠵᠢᠯᠯᠠᠭᠠᠨ ᠤ ᠬᠤᠭᠤᠴᠠᠭᠠᠨ ᠳᠤ᠂ ᠬᠢᠩᠭᠠᠨ ᠠᠶᠢᠮᠠᠭ ᠤᠨ ᠡᠯ᠎ᠡ ᠭᠠᠵᠠᠷ ᠤᠨ ᠡᠯ᠎ᠡ ᠰᠤᠷᠭᠠᠭᠤᠯᠢ

ᠠᠵᠢᠯᠯᠠᠭᠠᠨ ᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠰᠤᠷᠭᠠᠭᠤᠯᠢ ᠶᠢᠨ ᠬᠦᠷᠢᠶᠡᠨ ᠤ

ᠰᠣᠶᠤᠯ ᠢ ᠭᠦᠨ ᠦᠨᠳᠦᠰᠦᠯᠡᠭᠦᠯᠵᠦ ᠠᠮᠢ ᠨᠠᠰᠤᠨ ᠤ ᠦᠰᠦᠨ ᠪᠤᠶᠢᠵᠢᠯᠲᠠ ᠶᠢ ᠤᠮᠳᠠᠯᠠᠨᠠᠮ︾ ᠭᠡᠬᠦ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠠᠬᠤᠢ

ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ 2024 ᠣᠨ ᠤ ᠬᠢᠩᠭᠠᠨ ᠠᠶᠢᠮᠠᠭ ᠤᠨ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ᠂ ᠳᠤᠮᠳᠠᠳᠤ ᠶᠢᠨ ᠮᠠᠭᠲᠠᠭᠠᠯ  ᠭᠡᠬᠦ

ᠬᠤᠪᠢᠰᠬᠠᠯ ᠤᠨ ᠪᠢᠴᠢᠯ ᠸᠢᠳᠢᠣ᠋᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠣᠯᠠᠨ ᠶᠠᠩᠵᠤ ᠶᠢᠨ

ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠰᠢᠯᠭᠠᠷᠠᠭᠤᠯᠵᠤ᠂ ︽ᠤᠷ᠎ᠠ ᠴᠢᠳᠠᠪᠤᠷᠢᠲᠠᠨ ᠭᠠᠷᠮᠠᠭᠠᠶᠢᠯᠠᠭᠴᠢ ᠳᠠᠭᠤᠷᠢᠶᠠᠯ

ᠦᠵᠡᠭᠦᠯᠵᠦ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠦᠯᠢᠭᠡᠷ ᠶᠠᠷᠢᠬᠤ︾ ᠭᠡᠬᠦ ᠤᠬᠠᠭᠤᠯᠤᠨ ᠲᠠᠶᠢᠯᠪᠤᠷᠢᠯᠠᠬᠤ᠂

ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠰᠤᠷᠭᠠᠭᠤᠯᠢ ᠳᠤ ᠣᠷᠣᠭᠤᠯᠬᠤ᠂ ᠭᠡᠷ ᠤᠨ ᠠᠬᠠᠮᠠᠳ ᠤᠨ

ᠨᠡᠭᠡᠭᠡᠯᠲᠡᠲᠦ ᠡᠳᠦᠷ᠂ ᠰᠠᠶᠢᠨ ᠳᠤᠷ᠎ᠠ ᠶᠢᠨ ᠪᠦᠯᠬᠦᠮ ᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠰᠢᠷᠢᠰ

ᠣᠨᠴᠠᠯᠢᠭᠲᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃ ᠣᠶᠢᠷ᠎ᠠ ᠶᠢᠨ ᠵᠢᠯ ᠤᠨ ᠲᠤᠷᠰᠢ ᠬᠢᠩᠭᠠᠨ

ᠠᠶᠢᠮᠠᠭ ᠤᠨ ᠰᠤᠷᠭᠠᠭᠤᠯᠢ ᠡᠷᠬᠢᠯᠡᠬᠦ ᠨᠥᠬᠦᠴᠡᠯ᠂ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ᠂ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠵᠡᠷᠭᠡ ᠲᠠᠯ᠎ᠠ ᠪᠠᠷ ᠣᠯᠤᠭᠰᠠᠨ ᠡᠯᠪᠡᠭ

ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ᠂ ᠣᠯᠠᠨ ᠠᠷᠭ᠎ᠠ ᠵᠠᠮ᠂ ᠪᠣᠰᠤᠭ᠎ᠠ ᠴᠣᠭᠴᠠᠲᠤ ᠬᠡᠯᠪᠡᠷᠢ ᠪᠠᠷ

ᠢᠯᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠡᠶᠢᠭᠡᠮ ᠤᠨ ᠬᠦᠷᠢᠶᠡᠯᠡᠯ ᠢ ᠣᠯᠤᠭᠰᠠᠨ ᠪᠠ ᠢᠷᠠᠭᠤ

ᠠᠯᠳᠠᠷ ᠢᠶᠠᠨ ᠭᠠᠶᠢᠬᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠷᠢᠭᠤᠴᠠᠯᠭ᠎ᠠ ᠡᠭᠦᠷᠭᠡᠯᠡᠯ᠂

ᠬᠥᠮᠦᠨ ᠰᠣᠶᠤᠯ ᠤᠨ ᠬᠠᠶᠢᠷ᠎ᠠ ᠰᠡᠳᠬᠢᠯᠭᠡ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠤᠷ᠎ᠠ

ᠴᠢᠳᠠᠪᠤᠷᠢ ᠶᠢᠨ ᠬᠡᠪ ᠨᠠᠮᠪᠠᠭ᠎ᠠ ᠶᠢ ᠢᠯᠡᠷᠡᠭᠦᠯᠪᠡ᠃

   

2.png

      ᠣᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ︽ᠨᠢᠭᠡ ᠶᠢ ᠨᠢᠭᠡᠳᠦᠯᠲᠡᠢ ᠲᠥᠯᠦᠪᠯᠡᠵᠦ ᠬᠤᠶᠠᠷ ᠲᠤ

ᠬᠦᠴᠦ ᠪᠠᠨ ᠲᠥᠪᠯᠡᠷᠡᠭᠦᠯᠵᠦ ᠭᠤᠷᠪᠠ ᠶᠢ ᠠᠬᠢᠭᠤᠯᠵᠤ ᠳᠥᠷᠪᠡ ᠶᠢ ᠠᠭᠤᠰᠬᠠᠬᠤ︾ ᠰᠢᠨ᠎ᠡ ᠬᠥᠭᠵᠢᠯᠲᠡ ᠶᠢᠨ

ᠵᠠᠭᠪᠤᠷ ᠢ ᠬᠦᠴᠦᠯᠡᠨ ᠡᠭᠦᠳᠴᠦ᠂ ᠠᠶᠢᠮᠠᠭ ᠤᠨ ᠬᠡᠪᠴᠢᠶᠡᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠶᠢ ᠠᠬᠢᠭᠤᠯᠪᠠ᠃

      ᠦᠵᠦ ᠲᠥᠯᠥᠪᠯᠡᠭᠡ ᠶᠢ ᠴᠢᠩᠭᠠᠳᠭᠠᠵᠤ᠂ ︽ᠦᠨᠳᠦᠰᠦᠨ ᠬᠥᠳᠡᠯᠭᠡᠬᠦ ᠬᠦᠴᠦᠨ︾ ᠢ                

ᠬᠥᠭᠵᠢᠭᠡᠪᠡ᠃ ︽ᠬᠢᠩᠭᠠᠨ ᠠᠶᠢᠮᠠᠭ ᠤᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠠᠷᠢᠶ᠎ᠠ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ

ᠭᠦᠨᠵᠡᠭᠡᠶᠢᠷᠡᠭᠦᠯᠬᠦ᠂ ᠲᠣᠭᠲᠠᠴᠠ ᠶᠢ ᠲᠡᠭᠦᠯᠳᠡᠷᠵᠢᠭᠦᠯᠬᠦ ᠠᠭᠤᠯᠤᠭᠳᠠᠬᠤᠨᠲᠤ ᠮᠠᠶ᠋ᠢᠭ ᠤᠨ ᠬᠥᠭᠵᠢᠯᠲᠡ ᠶᠢᠨ ᠵᠠᠮ ᠢᠶᠠᠷ

ᠵᠠᠮᠨᠠᠭᠤᠯᠪᠠ᠃ ᠤᠯᠤᠰ ᠤᠨ ᠳᠡᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠬᠥᠭᠵᠢᠭᠦᠯᠦᠯᠲᠡ ᠶᠢᠨ ᠳᠠᠭᠤᠷᠢᠶᠠᠯ ᠦᠵᠡᠭᠦᠯᠬᠦ ᠰᠤᠷᠭᠠᠭᠤᠯᠢ 1᠂ ᠤᠯᠤᠰ ᠤᠨ ᠳᠡᠰ ᠤᠨ

ᠭᠤᠣᠯᠳᠠᠯᠭ᠎ᠠ ᠲᠠᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2᠂ ᠤᠯᠤᠰ ᠤᠨ ᠳᠡᠰ ᠤᠨ ᠳᠡᠭᠡᠳᠦ

ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ 2᠂ ᠤᠯᠤᠰ ᠤᠨ ᠳᠡᠰ ᠤᠨ ᠮᠡᠷᠭᠡᠵᠢᠯ ᠤᠨ

ᠶᠡᠭᠡ ᠪᠠᠭᠰᠢ ᠶᠢᠨ ᠠᠵᠢᠯᠯᠠᠬᠤ ᠲᠠᠰᠤᠭ 1 ᠶᠢ ᠪᠠᠶᠢᠭᠤᠯᠪᠠ᠃ ︽ᠬᠢᠩᠭᠠᠨ ᠠᠶᠢᠮᠠᠭ ᠤᠨ ᠤᠷ᠎ᠠ ᠴᠢᠳᠠᠪᠤᠷᠢᠲᠤ

ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠮᠦᠵᠢᠭᠦᠯᠬᠦ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠡᠭᠦᠷᠭᠡ ᠶᠢᠨ

ᠨᠠᠷᠢᠨ ᠳᠠᠩᠰᠠ ᠶᠢ 50 ᠵᠦᠢᠯ ᠳᠤ ᠨᠠᠷᠢᠯᠢᠬᠵᠢᠭᠤᠯᠵᠤ᠂ ᠪᠦᠬᠦ ᠠᠶᠢᠮᠠᠭ ᠤᠨ ᠳᠤᠮᠳᠠ᠂ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠲᠠᠷᠢᠮᠠᠯ ᠤᠨ ᠦᠢᠯᠡᠳᠪᠦᠷᠢᠯᠡᠯ ᠤᠨ ᠮᠡᠷᠭᠡᠵᠢᠯ᠂ ᠣᠢ ᠰᠢᠭᠤᠢ ᠶᠢᠨ ᠭᠠᠯ

ᠤᠨᠲᠠᠷᠠᠭᠠᠬᠤ ᠵᠡᠷᠭᠡ 10 ᠲᠤᠰᠬᠠᠢ ᠮᠡᠷᠭᠡᠵᠢᠯ ᠤᠨ ᠬᠤᠯᠪᠤᠭᠠᠯᠠᠨ ᠰᠤᠷᠤᠭᠴᠢ ᠡᠯᠰᠡᠵᠦ᠂ ᠠᠶᠢᠮᠠᠭ ᠤᠨ ᠳᠣᠲᠤᠷᠠᠬᠢ

ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠯᠭᠠᠭᠤᠯᠬᠤ ᠶᠢ ᠳᠦᠷᠢᠮᠵᠢᠭᠦᠯᠬᠦ ᠪᠠ

ᠵᠢᠷᠤᠮᠵᠢᠭᠤᠯᠬᠤ ᠶᠢ ᠪᠡᠶᠡᠯᠡᠭᠦᠯᠦᠨ᠂ ᠬᠥᠨᠳᠡᠯᠡᠨ ᠢᠶᠠᠷ ᠠᠭᠤᠰᠴᠤ᠂ ᠭᠤᠯᠳᠤ ᠪᠠᠷ ᠨᠡᠪᠲᠡᠷᠡᠬᠦ ᠳᠣᠭᠲᠠᠯᠴᠠᠭᠠᠨ ᠤ ᠪᠣᠷᠣ

ᠲᠥᠯᠥᠪ ᠢ ᠪᠠᠶᠢᠭᠤᠯᠪᠠ᠃

      ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ︽ᠵᠣᠬᠢᠴᠠᠬᠤ

ᠴᠢᠳᠠᠪᠤᠷᠢ︾ ᠶᠢ ᠴᠢᠩᠭᠠᠷᠠᠭᠤᠯᠪᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠲᠦᠷᠦᠭᠦᠯᠡᠭᠦᠯᠦᠭᠰᠡᠨ᠂

ᠠᠵᠢᠯ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠪᠠᠶᠢᠭᠤᠯᠤᠮᠵᠢ᠂ ᠳᠡᠭᠡᠳᠦ ᠳᠣᠣᠷᠠᠳᠤ

ᠤᠷᠤᠰᠬᠠᠯ ᠤᠨ ᠠᠵᠤ ᠠᠬᠤᠶᠢᠯᠠᠯ ᠵᠡᠷᠭᠡ ᠬᠠᠮᠲᠤ ᠳᠤ ᠪᠠᠨ ᠣᠷᠣᠯᠴᠠᠭᠰᠠᠨ ᠬᠤᠲᠠ ᠶᠢᠨ ᠬᠡᠪᠴᠢᠶᠡᠨ ᠤ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ 1᠂ ᠠᠵᠢᠯ ᠲᠥᠷᠥᠯ ᠤᠨ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠤ ᠬᠠᠮᠲᠤ ᠶᠢᠨ ᠴᠣᠭᠴᠠ 1᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ  ᠢ ᠠᠭᠤᠰᠬᠠᠬᠤ ᠦᠢᠯᠡᠳᠦᠯᠭᠡ ᠶᠢᠨ ᠲᠥᠪ 11 ᠶᠢ ᠵᠣᠬᠢᠶᠠᠨ ᠪᠠᠶᠢᠭᠤᠯᠵᠤ᠂ ᠪᠦᠬᠦᠨ ᠢ ᠥᠪᠡᠷᠲᠡᠭᠡᠨ

ᠵᠠᠰᠠᠬᠤ ᠣᠷᠣᠨ ᠤ ᠠᠩᠬᠠᠳᠠᠭᠴᠢ ᠪᠦᠯᠦᠭ  ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠨᠢᠭᠡᠴᠢ ᠳᠤ

ᠣᠷᠣᠭᠤᠯᠪᠠ᠃ ᠬᠢᠮᠡᠯ ᠣᠶᠤᠨ᠂ ᠲᠣᠭᠤᠭᠠᠴᠢ ᠪᠠ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ

ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠳᠦᠷᠢᠮ ᠤᠨ ᠪᠠᠶᠢᠭᠤᠯᠤᠯᠲᠠ᠂

ᠬᠠᠮᠲᠤᠷᠠᠯᠴᠠᠭᠠᠨ ᠤ ᠵᠠᠭᠪᠤᠷ᠂ ᠠᠰᠢᠭ ᠲᠤᠰᠠ ᠶᠢᠨ ᠬᠤᠪᠢᠶᠠᠷᠢᠯᠠᠯᠲᠠ ᠵᠡᠷᠭᠡ ᠶᠢ ᠰᠦᠪᠡᠭᠴᠢᠯᠡᠵᠦ᠂ ᠠᠵᠤ

ᠦᠢᠯᠡᠰ ᠤᠨ ᠬᠡᠯᠬᠢᠶ᠎ᠡ᠂ ᠲᠤᠰᠬᠠᠢ ᠮᠡᠷᠭᠡᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ

ᠬᠡᠯᠬᠢᠶᠡᠨ ᠤ ᠠᠭᠤᠰᠤᠯᠴᠠᠨ ᠨᠡᠪᠲᠡᠷᠡᠬᠦ ᠶᠢ ᠪᠦᠲᠦᠮᠵᠢᠲᠡᠢ ᠠᠬᠢᠭᠤᠯᠪᠠ᠃ ᠠᠶᠢᠮᠠᠭ ᠤᠨ ᠬᠡᠪᠴᠢᠶᠡᠨ ᠤ ᠣᠳᠣ

ᠦᠶ᠎ᠡ ᠶᠢᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠣᠨᠴᠠᠯᠢᠭᠲᠤ ᠬᠤᠳᠠᠯᠳᠤᠭ᠎ᠠ ᠠᠷᠠᠯᠵᠢᠶ᠎ᠠ ᠪᠠᠷᠠᠭᠠᠨ ᠤ

ᠭᠦᠢᠯᠭᠡᠭᠡ ᠵᠡᠷᠭᠡ ᠲᠤᠯᠭᠠᠭᠤᠷᠢ ᠠᠵᠤ ᠦᠢᠯᠡᠰ ᠲᠤ ᠰᠠᠭᠤᠷᠢᠯᠠᠨ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ

ᠰᠢᠯᠢᠳᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠢᠯᠣᠭᠤᠴᠢ ᠦᠭᠡᠢ ᠨᠢᠰᠬᠡᠯ ᠢ ᠵᠠᠬᠢᠷᠴᠤ ᠡᠵᠡᠮᠳᠡᠬᠦ

ᠪᠠ ᠰᠡᠯᠪᠢᠨ ᠵᠠᠰᠠᠬᠤ᠂ ᠡᠷᠡᠭᠦᠯᠵᠢᠭᠦᠯᠬᠦ ᠮᠡᠷᠭᠡᠵᠢᠯ ᠵᠡᠷᠭᠡ ᠰᠢᠨ᠎ᠡ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠨ᠂

ᠬᠢᠩᠭᠠᠨ ᠠᠶᠢᠮᠠᠭ ᠤᠨ 7 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠲᠠᠢ ᠵᠣᠯᠭᠠᠭᠤᠯᠵᠤ᠂ ᠠᠵᠤ

ᠠᠬᠤᠢ ᠨᠡᠶᠢᠭᠡᠮ ᠪᠠ ᠠᠵᠤ ᠦᠢᠯᠡᠰ  ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠬᠥᠭᠵᠢᠯᠲᠡ ᠳᠤ

ᠴᠢᠳᠠᠪᠤᠷᠢᠲᠠᠨ ᠪᠠ ᠣᠶᠤᠨ ᠤ ᠲᠤᠯᠭᠠᠭᠤᠷᠢᠯᠠᠯ ᠬᠠᠩᠭᠠᠪᠠ᠃

      ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂

︽ᠲᠠᠲᠠᠬᠤ ᠬᠦᠴᠦᠨ︾ ᠢ ᠳᠡᠭᠡᠭᠰᠢᠯᠡᠭᠦᠯᠪᠡ ᠃ ︽ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠭᠡᠬᠦ ᠳᠤᠲᠠᠭᠤᠳᠠᠯ ᠢ

ᠨᠥᠬᠦᠪᠥᠷᠢᠯᠡᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠯᠠᠪᠳᠠᠭᠤᠨ

ᠪᠠᠲᠤᠲᠠᠢ ᠠᠬᠢᠭᠤᠯᠵᠤ᠂ ᠪᠦᠬᠦ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 66% ᠠᠴᠠ 83% ᠪᠣᠯᠭᠠᠨ ᠳᠡᠭᠡᠭᠰᠢᠯᠡᠭᠦᠯᠪᠡ᠃ ︽ᠬᠤᠣᠰ ᠥᠨᠳᠥᠷ

ᠬᠤᠣᠰ ᠰᠢᠯᠢᠳᠡᠭ︾ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ 5 ᠶᠡᠭᠡ ᠳᠡᠭᠡᠳᠦ

ᠰᠤᠷᠭᠠᠭᠤᠯᠢ ︽ᠬᠤᠣᠰ ᠥᠨᠳᠥᠷ ᠬᠤᠣᠰ ᠰᠢᠯᠢᠳᠡᠭ︾ ᠪᠦᠲᠦᠭᠡᠨ ᠪᠠᠶᠢᠭᠤᠯᠤᠯᠲᠠ  ᠶᠢᠨ ᠨᠢᠭᠡᠴᠢ ᠪᠠᠷ          

ᠦᠨᠡᠯᠡᠭᠳᠡᠪᠡ᠃ ︽ᠬᠤᠣᠰ ᠬᠡᠯᠪᠡᠷᠢᠲᠦ ᠪᠠᠭᠰᠢ︾ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠵᠢᠯ ᠤᠨ

ᠳᠣᠲᠣᠷ᠎ᠠ ︽ᠬᠤᠣᠰ ᠬᠡᠯᠪᠡᠷᠢᠲᠦ ᠪᠠᠭᠰᠢ︾ ᠪᠠᠷ 307 ᠪᠠᠭᠰᠢ ᠶᠢ ᠦᠨᠡᠯᠡᠨ ᠲᠣᠭᠲᠠᠭᠠᠵᠤ᠂ ᠲᠤᠰᠬᠠᠢ

ᠮᠡᠷᠭᠡᠵᠢᠯ ᠤᠨ ᠬᠢᠴᠢᠶᠡᠯ ᠤᠨ ᠪᠠᠭᠰᠢ ᠶᠢᠨ 74.51% ᠶᠢ ᠡᠵᠡᠯᠡᠪᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ

ᠪᠠᠭᠰᠢ ᠰᠤᠷᠤᠭᠴᠢᠳ ︽ᠰᠢᠨ᠎ᠡ ᠬᠡᠯᠪᠡᠷᠢ ᠶᠢᠨ ᠬᠤᠭ ᠨᠣᠪᠰᠢ ᠶᠢ ᠰᠢᠢᠳᠪᠦᠷᠢᠯᠡᠬᠦ ᠥᠷᠥᠭᠡ︾ ︽ᠤᠰᠤᠨ

ᠳᠡᠭᠡᠷᠡᠬᠢ ᠬᠤᠭ ᠨᠣᠪᠰᠢ ᠶᠢ ᠴᠡᠪᠡᠷᠯᠡᠬᠦ ᠤᠰᠤᠨ ᠳᠡᠭᠡᠷᠡᠬᠢ ᠮᠠᠰᠢᠨ ᠬᠥᠮᠦᠨ︾ ᠵᠡᠷᠭᠡ ᠤᠯᠤᠰ ᠤᠨ ᠳᠤᠰᠬᠠᠢ

ᠠᠰᠢᠭ ᠢ 7 ᠶᠢ ᠰᠤᠳᠤᠯᠤᠨ ᠨᠡᠭᠡᠭᠡᠪᠡ᠃ ᠨᠡᠶᠢᠭᠡᠮ ᠤᠨ ᠦᠢᠯᠡᠴᠢᠯᠡᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠢ

ᠢᠳᠡᠪᠬᠢᠲᠡᠢ ᠥᠷᠨᠢᠭᠦᠯᠵᠦ᠂ ᠣᠶᠢᠷ᠎ᠠ ᠶᠢᠨ ᠲᠠᠪᠤᠨ ᠵᠢᠯ ᠤᠨ ᠲᠤᠷᠰᠢ᠂ ᠰᠤᠷᠭᠠᠭᠤᠯᠢ ᠳᠤ ᠪᠠᠶᠢᠭ᠎ᠠ ᠰᠤᠷᠤᠭᠴᠢ ᠪᠠ

ᠨᠡᠶᠢᠭᠡᠮ ᠤᠨ ᠠᠵᠢᠯᠲᠠᠨ ᠳᠤ ᠬᠠᠨᠳᠤᠭᠤᠯᠤᠨ 50 ᠭᠠᠷᠤᠢ ᠵᠦᠢᠯ ᠤᠨ ᠪᠣᠯᠪᠠᠰᠤᠷᠠᠯ ᠤᠨ ᠲᠥᠷᠥᠯ ᠵᠦᠢᠯ ᠢ

ᠬᠡᠷᠡᠭᠵᠢᠭᠦᠯᠵᠦ᠂ 8 ᠲᠤᠰᠬᠠᠢ ᠮᠡᠷᠭᠡᠵᠢᠯ ᠤᠨ ᠲᠥᠷᠥᠯ ᠤᠨ 22 ᠠᠵᠢᠯ ᠮᠡᠷᠭᠡᠵᠢᠯ ᠤᠨ ᠠᠵᠢᠯ ᠲᠥᠷᠦᠯ ᠳᠤ

ᠬᠤᠯᠪᠣᠭᠳᠠᠵᠤ᠂ 20 ᠲᠦᠮᠡ ᠣᠷᠴᠢᠮ ᠬᠥᠮᠦᠨ ᠳᠤ ᠪᠣᠯᠪᠠᠰᠤᠷᠠᠯ ᠬᠦᠷᠲᠡᠭᠡᠪᠡ᠃

      ︽ᠭᠤᠷᠪᠠᠨ ᠬᠦᠷᠳᠦᠲᠦ ᠬᠥᠳᠡᠯᠭᠡᠬᠦ ᠬᠦᠴᠦ︾ ᠶᠢ ᠬᠠᠮᠵᠢᠨ ᠠᠬᠢᠭᠤᠯᠵᠤ᠂ ︽ᠳᠣᠲᠣᠭᠠᠳᠤ ᠠᠮᠢᠵᠢᠷᠠᠯ ᠤᠨ

ᠬᠦᠴᠦᠨ︾ ᠢ ᠴᠢᠩᠭᠠᠳᠬᠠᠪᠠ ᠃ ︽ᠪᠣᠯᠪᠠᠰᠤᠷᠠᠯ+ᠬᠠᠪᠰᠤᠷᠤᠨ ᠲᠡᠳᠬᠦᠬᠦ+ᠤᠷᠤᠯᠳᠤᠭᠠᠨ︾ ᠢᠶᠠᠷ ᠵᠢᠯᠣᠭᠤᠳᠤᠮᠵᠢ

ᠪᠣᠯᠭᠠᠵᠤ᠂ ᠵᠢᠯ ᠪᠦᠷᠢ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯᠲᠠᠨ᠂ ᠠᠩᠭᠢ ᠶᠢᠨ ᠡᠷᠬᠢᠯᠡᠭᠴᠢ ᠶᠢᠨ ᠪᠦᠯᠬᠦᠮ᠂

ᠭᠤᠣᠯᠯᠠᠭᠴᠢ ᠲᠤᠰᠬᠠᠢ ᠮᠡᠷᠭᠡᠵᠢᠯ ᠤᠨ ᠪᠠᠭᠰᠢ᠂ ᠣᠯᠠᠨ ᠨᠡᠶᠢᠲᠡ ᠶᠢᠨ ᠰᠠᠭᠤᠷᠢ ᠬᠢᠴᠢᠶᠡᠯ ᠤᠨ ᠪᠠᠭᠰᠢ ᠲᠤ ᠲᠤᠰ

ᠲᠤᠰ ᠬᠠᠨᠳᠤᠯᠭᠠᠲᠠᠢ  ᠪᠣᠯᠪᠠᠰᠤᠷᠠᠯ ᠥᠷᠨᠢᠭᠦᠯᠵᠦ᠂ ᠪᠣᠯᠪᠠᠰᠤᠷᠠᠭᠤᠯᠬᠤ ᠬᠥᠮᠦᠨ ᠤ ᠲᠤᠭ᠎ᠠ ᠶᠢ 8000 ᠬᠥᠮᠦᠨ

ᠤᠳᠠᠭ᠎ᠠ ᠳᠤ ᠬᠦᠷᠭᠡᠨ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠢᠯᠡᠳᠲᠡ

ᠳᠡᠭᠡᠭᠰᠢᠯᠡᠭᠦᠯᠪᠡ᠃ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠤᠨ ᠳᠡᠰ ᠳᠡᠪᠰᠢᠭᠦᠯᠬᠦ ᠶᠢ ᠴᠢᠩᠭᠠᠳᠬᠠᠵᠤ᠂ 

ᠲᠣᠭᠠᠵᠢᠭᠤᠯᠤᠭᠰᠠᠨ ᠬᠡᠪ ᠳᠠᠭᠤᠷᠢᠶᠠᠯ ᠰᠤᠷᠭᠠᠭᠤᠯᠢ 1 ᠶᠢ ᠪᠠᠶᠢᠭᠤᠯᠵᠤ᠂ ᠰᠦᠯᠵᠢᠶᠡᠨ ᠳᠠᠬᠢ ᠰᠢᠯᠢᠳᠡᠭ ᠬᠢᠴᠢᠶᠡᠯ

15 ᠶᠢ ᠪᠠᠶᠢᠭᠤᠯᠪᠠ᠃ ᠬᠠᠪᠰᠤᠷᠤᠨ ᠲᠡᠳᠬᠦᠬᠦ ᠡᠬᠢ ᠪᠠᠶᠠᠯᠢᠭ ᠢ ᠠᠰᠢᠭᠯᠠᠨ᠂ ᠠᠬᠢᠭᠤᠯᠬᠤ ᠲᠣᠭᠲᠠᠴᠠ ᠶᠢ

ᠪᠠᠶᠢᠭᠤᠯᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠨᠡᠮᠡᠭᠳᠡᠭᠦᠯᠵᠦ᠂ ᠪᠡᠭᠡᠵᠢᠩ ᠤᠨ 3 ᠰᠤᠷᠭᠠᠭᠤᠯᠢ ᠶᠢᠨ

ᠵᠠᠬᠢᠷᠤᠯ ᠢ ᠬᠠᠪᠰᠤᠷᠤᠨ ᠲᠡᠳᠬᠦᠬᠦ ᠰᠤᠷᠭᠠᠭᠤᠯᠢ ᠶᠢᠨ ᠵᠠᠬᠢᠷᠤᠯ ᠢᠶᠠᠷ ᠲᠣᠮᠢᠯᠠᠪᠠ᠃ ︽1374︾ ᠰᠤᠷᠭᠠᠨ

ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠢᠴᠢᠶᠡᠯᠯᠡᠭᠡ᠂ ᠪᠠᠭᠰᠢ ᠶᠢᠨ ᠡᠩᠨᠡᠭᠡᠨ ᠤ ᠰᠤᠳᠤᠯᠤᠨ

ᠰᠤᠷᠤᠯᠴᠠᠬᠤ ᠵᠦᠢᠯ ᠵᠡᠷᠭᠡ 7 ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠵᠦ᠂ ᠵᠢᠭᠠᠨ ᠰᠤᠷᠭᠠᠯᠲᠠ ᠶᠢᠨ ᠴᠢᠨᠠᠷ

ᠴᠢᠨᠰᠠᠭ᠎ᠠ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠵᠡᠷᠭᠡ 4 ᠲᠠᠯ᠎ᠠ ᠶᠢᠨ ᠳᠡᠭᠡᠭᠰᠢᠯᠡᠯᠲᠡ ᠶᠢ

ᠪᠡᠶᠡᠯᠡᠭᠦᠯᠪᠡ᠃ ᠤᠷᠤᠯᠳᠤᠭᠠᠨ ᠪᠠ ᠬᠥᠮᠥᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠪᠠᠭᠰᠢ ᠰᠤᠷᠤᠭᠴᠢᠳ

ᠥᠷᠭᠡᠨ ᠢᠶᠠᠷ ᠣᠷᠣᠯᠴᠠᠬᠤ ᠤᠷᠤᠯᠳᠤᠭᠠᠨ ᠤ ᠠᠵᠢᠯᠯᠠᠭ᠎ᠠ ᠶᠢ ᠪᠠᠶᠢᠩᠭᠤ ᠥᠷᠨᠢᠭᠦᠯᠪᠡ᠃ ᠣᠶᠢᠷ᠎ᠠ ᠶᠢᠨ ᠲᠠᠪᠤᠨ

ᠵᠢᠯ ᠤᠨ ᠲᠤᠷᠰᠢ᠂ ᠠᠩᠭᠢ ᠵᠣᠬᠢᠶᠠᠨ ᠪᠠᠶᠢᠭᠤᠯᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ

ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠤᠯᠵᠤ᠂ ᠪᠦᠬᠦ ᠤᠯᠤᠰ ᠤᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ

ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 2᠂

ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠳᠡᠰ ᠤᠨ ᠱᠠᠩᠨᠠᠯ 5᠂ ᠬᠤᠶᠠᠳᠤᠭᠠᠷ ᠳᠡᠰ ᠤᠨ 18 ᠱᠠᠩᠨᠠᠯ᠂

ᠭᠤᠷᠪᠠᠳᠤᠭᠠᠷ ᠳᠡᠰ ᠤᠨ ᠱᠠᠩᠨᠠᠯ 24  ᠭᠥᠷᠳᠡᠪᠡ᠃ 6 ᠲᠥᠷᠥᠯ  ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ

ᠴᠥᠮ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ

ᠦᠷ᠎ᠡ ᠪᠦᠲᠦᠭᠡᠯ ᠤᠨ ᠱᠠᠩᠨᠠᠯ ᠢ ᠬᠦᠷᠲᠡᠵᠦ᠂ ᠱᠠᠩᠨᠠᠯ ᠬᠦᠷᠲᠡᠭᠰᠡᠨ ᠨᠣᠷᠮ᠎ᠠ 100% ᠳᠤ ᠬᠦᠷᠪᠡ᠃ ᠬᠢᠩᠭᠠᠨ

ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ  ᠶᠢᠨ

ᠰᠢᠯᠢᠳᠡᠭ ᠠᠷᠭ᠎ᠠ ᠪᠠᠷᠢᠯ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠵᠦ

ᠪᠦᠬᠦ ᠤᠯᠤᠰ ᠲᠤ ᠳᠡᠯᠭᠡᠷᠡᠭᠦᠯᠪᠡ᠃ ᠲᠠᠪᠤᠨ ᠵᠢᠯ ᠤᠨ ᠲᠤᠷᠰᠢ᠂ ᠰᠤᠷᠤᠭᠴᠢᠳ ᠤᠨ ᠤᠷ᠎ᠠ ᠴᠢᠳᠠᠪᠤᠷᠢ ᠶᠢᠨ

ᠤᠷᠤᠯᠳᠤᠭᠠᠨ ᠪᠦᠬᠦ ᠤᠯᠤᠰ ᠤᠨ ᠬᠤᠶᠠᠳᠤᠭᠠᠷ ᠳᠡᠰ  ᠤᠨ ᠱᠠᠩᠨᠠᠯ 5᠂ ᠭᠤᠷᠪᠠᠳᠤᠭᠠᠷ ᠳᠡᠰ ᠤᠨ ᠱᠠᠩᠨᠠᠯ 10᠂

ᠥᠪᠡᠷᠲᠡᠭᠡᠨ ᠵᠠᠰᠠᠬᠤ ᠣᠷᠣᠨ  ᠤ ᠨᠢᠭᠡᠳᠦᠭᠡᠷ ᠳᠡᠰ ᠤᠨ ᠱᠠᠩᠨᠠᠯ 53᠂ ᠬᠤᠶᠠᠳᠤᠭᠠᠷ ᠳᠡᠰ ᠤᠨ ᠱᠠᠩᠨᠠᠯ 103᠂

ᠭᠤᠷᠪᠠᠳᠤᠭᠠᠷ ᠳᠡᠰ ᠤᠨ ᠱᠠᠩᠨᠠᠯ 168 ᠶᠢ ᠭᠥᠷᠳᠡᠪᠡ᠃

      ︽ᠳᠥᠷᠪᠡᠵᠢᠭᠦᠯᠦᠯᠲᠡ ᠶᠢ ᠠᠭᠤᠰᠬᠠᠬᠤ︾ ᠶᠢ ᠪᠠᠷᠢᠮᠲᠠᠯᠠᠵᠤ᠂ ︽ᠲᠥᠪᠯᠡᠩᠭᠦᠢ ᠬᠦᠴᠦᠨ︾ ᠢ

ᠨᠢᠭᠲᠠᠷᠠᠭᠤᠯᠪᠠ ᠃ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ︽ᠨᠢᠭᠡ

ᠣᠷᠳᠣᠨ ᠭᠤᠷᠪᠠᠨ ᠭᠠᠵᠠᠷ︾ ᠤᠨ ᠬᠤᠪᠢᠰᠬᠠᠯ ᠤᠨ ᠡᠬᠢ ᠪᠠᠶᠠᠯᠢᠭ ᠢ ᠬᠢᠴᠢᠶᠡᠯ ᠲᠤ ᠠᠭᠤᠰᠬᠠᠨ᠂ ︽ᠤᠯᠤᠰ ᠤᠨ

ᠰᠣᠶᠣᠯ+ ᠬᠤᠪᠢᠰᠬᠠᠯᠲᠤ ᠰᠣᠶᠣᠯ+ ᠤᠯᠠᠮᠵᠢᠯᠠᠯᠲᠤ ᠰᠣᠶᠣᠯ+ᠭᠡᠷ ᠪᠦᠯᠢ ᠶᠢᠨ ᠰᠣᠶᠣᠯ︾ ᠤᠨ

ᠳᠥᠷᠪᠡᠵᠢᠭᠦᠯᠦᠯᠲᠡ ᠶᠢᠨ ᠭᠧᠨ ᠢ ᠪᠤᠶᠢᠵᠢᠭᠤᠯᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠤᠯᠠᠮᠵᠢᠯᠠᠯᠲᠤ

ᠰᠣᠶᠣᠯ ᠢ ᠤᠯᠠᠮᠵᠢᠯᠠᠨ ᠪᠠᠳᠠᠷᠠᠭᠤᠯᠵᠤ᠂ ︽ᠨᠢᠭᠡ ᠰᠤᠷᠭᠠᠭᠤᠯᠢ ᠨᠢᠭᠡ ᠨᠡᠷᠡᠲᠦ ᠲᠡᠮᠳᠡᠭᠲᠦ︾ ᠶᠢᠨ ᠪᠦᠲᠦᠭᠡᠨ

ᠪᠠᠶᠢᠭᠤᠯᠤᠯᠲᠠ ᠶᠢ ᠪᠠᠷᠢᠮᠲᠠᠯᠠᠨ᠂ ᠬᠥᠮᠦᠨ ᠬᠥᠮᠦᠵᠢᠭᠦᠯᠬᠦ ᠥᠪᠡᠷᠮᠢᠴᠡ ᠭᠢᠯᠠᠰ ᠴᠡᠭ ᠢ ᠪᠣᠢ ᠪᠣᠯᠭᠠᠨ᠂ ︽ᠨᠢᠭᠡᠳᠭᠡᠵᠦ

ᠨᠢᠭᠡ ᠯᠡ ᠠᠮᠵᠢᠯᠲᠠ ᠣᠯᠬᠤ︾ ︽ᠤᠴᠢ ᠨᠡᠶᠢᠯᠡᠨ ᠭᠡᠷᠡᠯ ᠰᠠᠴᠤᠷᠠᠭᠤᠯᠬᠤ︾᠂ ︽ᠭᠤᠣᠯᠴᠢ          

ᠰᠢᠳᠤᠷᠭᠤ︾ ᠰᠣᠶᠣᠯ ᠤᠨ ︽ᠤᠶᠢᠯᠡ ᠠᠵᠢᠯᠯᠠᠭ᠎ᠠ·ᠠᠭᠤᠰᠤᠯᠴᠠᠭ᠎ᠠ︾ ᠭᠡᠬᠦ ᠰᠤᠷᠭᠠᠭᠤᠯᠢ ᠶᠢᠨ ᠬᠦᠷᠢᠶᠡᠨ ᠤ

ᠰᠣᠶᠣᠯ ᠤᠨ ᠨᠡᠷᠡᠲᠦ ᠲᠡᠮᠳᠡᠭᠲᠦ ᠶᠢ ᠪᠤᠢ ᠪᠣᠯᠭᠠᠪᠠ᠃ ᠢᠷᠡᠭᠡᠳᠦᠢ ᠶᠢᠨ ᠤᠷᠠᠨ ᠳᠠᠷᠬᠠᠨ ᠤ ᠨᠣᠮ ᠤᠩᠰᠢᠬᠤ

ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠪᠣᠳᠠᠰ ᠤᠨ ᠪᠤᠰᠤ ᠰᠣᠶᠣᠯ ᠤᠨ ᠥᠪ ᠤᠨ

ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠰᠣᠶᠣᠯ

ᠰᠤᠷᠭᠠᠨ ᠬᠥᠮᠦᠵᠢᠯ ᠤᠨ ᠦᠢᠯᠡᠳᠦᠯᠭᠡ ᠪᠠᠷ ᠣᠳᠣ ᠦᠶ᠎ᠡ ᠶᠢᠨ ᠭᠡᠷ ᠤᠨ ᠬᠥᠮᠦᠵᠢᠯ ᠤᠨ ᠣᠶᠢᠯᠠᠭᠠᠭᠳᠠᠬᠤᠨ ᠢ

ᠤᠯᠠᠮᠵᠢᠯᠠᠵᠤ᠂ ᠡᠶ᠎ᠡ ᠵᠣᠬᠢᠴᠠᠩᠭᠤᠢ ᠭᠡᠷ ᠪᠦᠯᠢ ᠶᠢ ᠪᠠᠶᠢᠭᠤᠯᠪᠠ᠃ ︽ᠳᠥᠷᠪᠡᠨ ᠰᠣᠶᠣᠯ︾ ᠳᠤ ᠠᠭᠤᠰᠬᠤ ᠪᠠᠷ

ᠳᠠᠮᠵᠢᠭᠤᠯᠤᠨ᠂ ᠣᠶᠤᠨ ᠰᠠᠨᠠᠭᠠᠨ ᠤ ᠬᠤᠯᠪᠣᠭᠠᠰᠤ  ᠪᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ

ᠨᠢᠭᠲᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠨ

ᠨᠡᠮᠡᠷᠢᠯᠡᠪᠡ᠃ ᠳᠠᠷᠠᠭ᠎ᠠ ᠠᠯᠬᠤᠮ ᠳᠤ᠂ ᠬᠢᠩᠭᠠᠨ ᠠᠶᠢᠮᠠᠭ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠤᠲᠠ ᠶᠢᠨ ᠬᠡᠪᠴᠢᠶᠡᠨ ᠤ

ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠷ ᠠᠴᠢᠶᠠᠯᠠᠪᠤᠷᠢ ᠪᠣᠯᠭᠠᠨ᠂

ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ᠂ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠬᠢᠴᠢᠶᠡᠯ ᠤᠨ

ᠳᠣᠭᠲᠠᠯᠴᠠᠭ᠎ᠠ᠂ ᠪᠠᠭᠰᠢ ᠶᠢᠨ ᠪᠦᠯᠬᠦᠮ ᠵᠡᠷᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ

ᠪᠣᠯᠤᠨ᠎ᠠ᠃ ᠴᠢᠳᠠᠪᠤᠷᠢᠲᠠᠨ ᠤ ᠬᠠᠩᠭᠠᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂

ᠨᠡᠶᠢᠭᠡᠮ ᠤᠨ ᠦᠢᠯᠡᠴᠢᠯᠡᠭᠡ ᠪᠠᠷ ᠳᠠᠮᠵᠢᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ

ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠤᠯᠤᠰ ᠣᠷᠣᠨ ᠳᠤ ᠨᠡᠩ ᠣᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ

ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ᠂ ᠤᠯᠤᠰ ᠤᠨ ᠲᠣᠮᠣ ᠤᠷᠠᠨ ᠳᠠᠷᠬᠠᠨ ᠢ ᠬᠥᠮᠦᠵᠢᠭᠦᠯᠵᠦ᠂ ᠬᠥᠮᠦᠨ

 ᠤ ᠪᠦᠬᠦ ᠲᠠᠯ᠎ᠠ ᠶᠢᠨ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ

ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号