2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠥᠨᠳᠦᠷᠯᠡᠪᠡ
ᠨᠡᠶᠢᠲᠡᠯᠡᠭᠰᠡᠨ ᠴᠠᠭ᠄
2024/6/17
      6 ᠳ᠋ᠤᠭᠠᠷ ᠰᠠᠷ᠎ᠠ ᠶᠢᠨ 10᠎ ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ  ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠥᠨᠳᠥᠷᠯᠡᠵᠦ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ 7 ᠡᠳᠦᠷ᠂ 68 ᠲᠠᠯᠠᠪᠤᠷ ᠤᠷᠤᠯᠳᠤᠭᠠᠨ ᠳᠤ ᠭᠠᠷᠮᠠᠭᠠᠢ ᠮᠥᠷᠦᠶᠢᠴᠡᠯᠳᠦᠪᠡ᠃

1.webp.jpg

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ

ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶᠎ ᠤ ᠱᠠᠩᠨᠠᠯ

ᠣᠯᠭᠤᠬᠤ ᠠᠬᠤᠢ ᠲᠠᠯᠠᠪᠠᠢ

   

      ᠡᠨᠡ ᠤᠳᠠᠭᠠᠨ ᠤ ᠤᠷᠤᠯᠳᠤᠭᠠᠨ ᠳᠤ 12 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠣᠷᠣᠯᠴᠠᠵᠤ᠂

ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ᠂

ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ᠂ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ

ᠳᠤᠭᠤᠶᠢᠯᠠᠩ ᠭᠡᠵᠦ ᠳᠥᠷᠪᠡᠨ ᠳᠤᠭᠤᠶᠢᠯᠠᠩ ᠬᠤᠪᠢᠶᠠᠵᠤ᠂ ᠡᠭᠦᠨ ᠳᠤ ᠳᠡᠰ ᠠᠴᠠ ᠳᠠᠪᠠᠭᠰᠠᠨ ᠡᠷᠡᠭᠲᠡᠢ ᠶᠢᠨ

ᠳᠤᠭᠤᠶᠢᠯᠠᠩ ᠤᠨ ᠠᠩᠭᠢ 7᠂ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ ᠤᠨ ᠠᠩᠭᠢ 3᠂

ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ ᠤᠨ ᠠᠩᠭᠢ 9᠂ ᠰᠤᠷᠭᠠᠭᠤᠯᠢ ᠶᠢᠨ ᠬᠦᠷᠢᠶᠡᠨ ᠤ

ᠡᠮᠡᠭᠲᠡᠢ ᠎ ᠶᠢᠨ ᠳᠤᠭᠤᠶᠢᠯᠠᠩ ᠤᠨ ᠠᠩᠭᠢ 9 ᠪᠠᠶᠢᠵᠤ᠂ 400 ᠭᠠᠷᠤᠢ ᠲᠠᠮᠢᠷᠴᠢᠨ ᠣᠷᠣᠯᠴᠠᠪᠠ᠃

2.webp.jpg

3.webp.jpg

4.webp.jpg

5.webp.jpg

6.webp.jpg

7.webp.jpg

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠠᠯᠠᠭᠠᠳᠠᠬᠤ

ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠵᠢᠩᠬᠢᠨᠢ ᠠᠩᠭᠢ ᠳᠤᠭᠤᠶᠢᠯᠠᠩ︶᠎ ᠤ ᠠᠬᠤᠢ ᠲᠠᠯᠠᠪᠠᠢ

      

      ᠤᠷᠤᠯᠳᠤᠭᠠᠨ ᠳᠤ ᠲᠠᠮᠢᠷᠴᠢᠳ ᠡᠷᠡᠮᠡᠬᠡᠶᠢᠯᠡᠨ ᠲᠡᠮᠡᠴᠡᠵᠦ᠂ ᠨᠥᠬᠦᠷᠰᠡᠭ ᠮᠥᠷᠦᠶᠢᠴᠡᠪᠡ᠃ ᠬᠤᠷᠴᠠ ᠰᠢᠷᠦᠭᠦᠨ

ᠮᠥᠷᠦᠶᠢᠴᠡᠯᠳᠦᠭᠡᠨ ᠢᠶᠠᠷ ᠳᠠᠮᠵᠢᠨ᠂ ᠡᠴᠦᠰ ᠲᠤ ᠳᠥᠷᠪᠡᠨ ᠠᠩᠭᠢ ᠲᠡᠷᠢᠭᠦᠨ ᠳᠤ ᠲᠣᠳᠤᠷᠠᠪᠠ - ᠥᠪᠥᠷ

ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ᠂

ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠥᠪᠥᠷ ᠮᠣᠩᠭᠤᠯ ᠤᠨ ᠠᠨᠠᠭᠠᠬᠤ

ᠤᠬᠠᠭᠠᠨ ᠤ ᠶᠡᠭᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠨ᠂

ᠥᠪᠥᠷ ᠮᠣᠩᠭᠤᠯ ᠤᠨ ᠶᠡᠭᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠳᠤ

ᠮᠠᠩᠯᠠᠶᠢᠯᠠᠪᠠ᠃

8.webp.jpg

9.webp.jpg

10.webp.jpg

11.webp.jpg

      ᠡᠯ᠎ᠡ ᠳᠤᠭᠤᠶᠢᠯᠠᠩ ᠤᠨ ᠲᠡᠷᠢᠭᠦᠨ ᠳᠤ ᠱᠠᠩᠨᠠᠯ ᠣᠯᠭᠤᠬᠤ ᠠᠬᠤᠢ ᠲᠠᠯᠠᠪᠠᠢ

      ᠡᠨᠡ ᠤᠳᠠᠭᠠᠨ ᠤ ᠤᠶᠤᠲᠠᠳ ᠤᠨ ᠠᠯᠠᠭᠠᠳᠠᠬᠤ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ

︵ᠵᠢᠩᠬᠢᠨᠢ ᠠᠩᠭᠢ ᠶᠢᠨ ᠳᠤᠭᠤᠶᠢᠯᠠᠩ︶᠎ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ

ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠡᠷᠡᠭᠵᠢᠭᠦᠯᠵᠦ᠂ ᠥᠪᠥᠷ ᠮᠣᠩᠭᠤᠯ ᠤᠨ ᠠᠵᠤ

ᠦᠢᠯᠡᠳᠪᠦᠷᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号