ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠭᠤᠣᠯᠯᠠᠭᠴᠢ ᠪᠦᠯᠬᠦᠮ ᠤᠨ ᠭᠡᠰᠢᠭᠦᠳ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/6/19
      6 ᠳ᠋ᠤᠭᠠᠷ ᠰᠠᠷ᠎ᠠ ᠶᠢᠨ 11 - 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠨᠠᠶᠢᠳᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠭᠤᠣᠯᠯᠠᠭᠴᠢ ᠪᠦᠯᠬᠦᠮ ᠤᠨ ᠬᠡᠰᠢᠭᠦᠳ ᠤᠨ ᠪᠣᠯᠪᠠᠰᠤᠷᠠᠯ ᠤᠨ ᠠᠩᠭᠢ ᠶᠢ ᠨᠠᠨᠵᠢᠩ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ᠃ ᠡᠨᠡ ᠤᠳᠠᠭᠠᠨ ᠎ ᠤ ᠪᠣᠯᠪᠠᠰᠤᠷᠠᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠣᠷᠣᠨ ᠤ ᠳᠣᠲᠤᠨ᠎ᠠ ᠭᠠᠳᠠᠨᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠤᠨ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠰᠤᠷᠤᠯᠴᠠᠨ ᠰᠣᠯᠢᠯᠴᠠᠵᠤ᠂ ᠮᠠᠨ ᠤ ᠣᠷᠣᠨ ᠤ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠎ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃

1.jpg

      ᠪᠣᠯᠪᠠᠰᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ

ᠲᠠᠯ᠎ᠠ ᠪᠠᠷ ᠲᠤᠭᠤᠰᠢᠯᠠᠭᠤᠯᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠲᠤᠰᠬᠠᠢ ᠰᠡᠳᠦᠪᠲᠦ ᠮᠡᠳᠡᠭᠦᠯᠦᠯᠲᠡ᠂

ᠲᠤᠰᠬᠠᠢ ᠮᠡᠷᠭᠡᠵᠢᠯᠲᠡᠨ ᠮᠠᠳᠠᠭ ᠢ ᠲᠠᠶᠢᠯᠬᠤ᠂ ᠲᠤᠬᠠᠢ ᠶᠢᠨ ᠭᠠᠵᠠᠷ ᠢ ᠲᠣᠭᠤᠷᠢᠨ ᠦᠵᠡᠬᠦ᠂ ᠳᠤᠭᠤᠶᠢᠯᠠᠩ ᠬᠤᠪᠢᠶᠠᠨ

ᠰᠤᠳᠤᠯᠤᠨ ᠶᠠᠷᠢᠯᠴᠠᠬᠤ᠂ ᠲᠤᠷᠰᠢᠯᠭ᠎ᠠ ᠬᠤᠪᠢᠶᠠᠯᠴᠠᠬᠤ᠂ ᠣᠯᠤᠯᠲᠠ ᠲᠥᠷᠥᠭᠳᠡᠯ ᠢᠶᠠᠨ ᠰᠣᠯᠢᠯᠴᠠᠬᠤ ᠵᠡᠷᠭᠡ

ᠭᠤᠭᠴᠤᠭ᠎ᠠ ᠶᠢ ᠳᠣᠭᠢᠷᠠᠭᠤᠯᠪᠠ᠃ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠣᠨᠣᠯ ᠪᠠ ᠲᠥᠷᠥ ᠶᠢᠨ

ᠪᠣᠳᠣᠯᠭ᠎ᠠ ᠶᠢᠨ ᠲᠠᠯ᠎ᠠ ᠠᠴᠠ ᠶᠠᠭᠠᠬᠢᠵᠤ ᠭᠦᠢᠴᠡᠳᠬᠡᠯ ᠲᠤᠭ᠎ᠠ ᠳᠤ ᠰᠠᠭᠤᠷᠢᠯᠠᠨ ᠠᠰᠠᠭᠤᠳᠠᠯ ᠢ ᠡᠷᠢᠵᠦ᠂

ᠭᠦᠢᠴᠡᠳᠬᠡᠯ ᠲᠤᠭ᠎ᠠ ᠠᠴᠠ ᠳᠡᠭᠡᠭᠦᠷ ᠠᠰᠠᠭᠤᠳᠠᠯ ᠢ ᠦᠵᠡᠬᠦ ᠲᠤᠬᠠᠢ ᠲᠠᠶᠢᠯᠪᠤᠷᠢᠯᠠᠵᠤ᠂ ᠨᠢᠭᠡᠳᠦᠭᠡᠷ ᠹᠷᠣᠨᠲ ᠤᠨ

ᠠᠵᠢᠯᠲᠠᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠎ ᠶᠢ ᠬᠢᠨᠠᠨ ᠵᠢᠯᠣᠭᠤᠳᠴᠤ ᠦᠨᠡᠯᠡᠨ ᠵᠢᠱᠢᠬᠦ

ᠠᠵᠢᠯ ᠢ ᠠᠬᠢᠭᠤᠯᠤᠭᠰᠠᠨ ᠲᠤᠷᠰᠢᠯᠭ᠎ᠠ ᠪᠠ ᠠᠷᠭ᠎ᠠ ᠪᠠᠷᠢᠯ ᠢᠶᠠᠨ ᠲᠠᠨᠢᠯᠴᠠᠭᠤᠯᠪᠠ᠃ ᠪᠣᠯᠪᠠᠰᠤᠷᠠᠯ ᠳᠤ ᠣᠷᠣᠯᠴᠠᠭᠰᠠᠨ

ᠰᠤᠷᠤᠯᠭᠠᠲᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ

ᠵᠢᠯᠣᠭᠤᠳᠬᠤ ᠰᠢᠨ᠎ᠡ ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠲᠣᠭᠤᠷᠢᠨ ᠳᠤ᠂ ᠠᠰᠠᠭᠤᠳᠠᠯ ᠳᠤᠷᠠᠳᠤᠨ᠂ ᠰᠡᠳᠬᠢᠨ ᠪᠣᠳᠣᠯᠬᠢᠯᠠᠵᠤ᠂ ᠬᠠᠷᠠᠭᠠᠰᠤ ᠪᠠᠨ ᠥᠷᠭᠡᠳᠭᠡᠨ ᠪᠠ

ᠬᠠᠷᠢᠭᠤᠴᠠᠯᠭ᠎ᠠ ᠡᠪᠦᠷᠯᠡᠨ ᠭᠦᠨᠵᠡᠭᠡᠢ ᠰᠤᠷᠤᠯᠴᠠᠵᠤ᠂ ᠦᠨᠡᠯᠡᠨ ᠵᠢᠱᠢᠬᠦ ᠪᠠᠷᠢᠮᠵᠢᠶ᠎ᠠ ᠶᠢᠨ ᠲᠤᠬᠠᠢ ᠰᠢᠨ᠎ᠡ ᠲᠠᠨᠢᠯᠲᠠ

ᠪᠠ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃

 

2.jpg

      ᠡᠨᠡ ᠤᠳᠠᠭᠠᠨ ᠤ ᠪᠤᠯᠪᠠᠰᠤᠷᠠᠯ ᠤᠨ ᠬᠢᠴᠢᠶᠡᠯ ᠤᠨ ᠪᠠᠶᠢᠷᠢᠯᠠᠭᠤᠯᠤᠯᠲᠠ ᠪᠠᠶᠠᠯᠢᠭ ᠮᠥᠷᠲᠡᠭᠡᠨ ᠪᠣᠳᠠᠲᠠᠢ᠂

ᠬᠡᠷᠡᠭ ᠤᠨ ᠵᠢᠱᠢᠶ᠎ᠡ ᠬᠥᠮᠦᠰ ᠤᠨ ᠠᠩᠬᠠᠷᠤᠯ ᠢ ᠲᠠᠲᠠᠵᠤ᠂ ᠮᠠᠰᠢ ᠴᠢᠩᠭ᠎ᠠ ᠬᠡᠷᠡᠭᠯᠡᠭᠡᠨ ᠤ ᠴᠢᠨᠠᠷ᠂ ᠵᠢᠯᠣᠭᠤᠳᠬᠤ ᠴᠢᠨᠠᠷ

ᠪᠠ ᠲᠣᠯᠢᠳᠠᠵᠤ ᠪᠣᠯᠬᠤᠶᠢᠴᠠ ᠦᠢᠯᠡᠳᠦᠯ ᠲᠠᠢ ᠪᠠᠶᠢᠵᠤ᠂ ᠰᠤᠷᠤᠯᠭᠠᠲᠠᠳ ᠥᠨᠳᠦᠷ ᠦᠨᠡᠯᠡᠪᠡ᠃ ᠪᠣᠯᠪᠠᠰᠤᠷᠠᠯ ᠢᠶᠠᠷ

ᠳᠠᠮᠵᠢᠨ᠂ ᠰᠤᠷᠤᠯᠭᠠᠲᠠᠳ ᠤᠨ ᠬᠠᠷᠠᠭᠠᠰᠤ ᠥᠷᠭᠡᠵᠢᠨ᠂ ᠬᠠᠷᠢᠭᠤᠴᠠᠯᠭ᠎ᠠ ᠶᠢᠨ ᠲᠤᠬᠠᠢ ᠲᠣᠳᠣᠷᠬᠠᠢ ᠲᠠᠨᠢᠯᠲᠠ ᠲᠠᠢ

ᠪᠣᠯᠵᠤ᠂ ᠠᠵᠢᠯ ᠤᠨ ᠬᠠᠷᠠᠯᠲᠠ ᠪᠠ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠶᠠᠨ ᠤ

ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠲᠡᠩᠴᠡᠭᠦᠷᠢᠲᠡᠢ ᠬᠢᠨᠠᠨ ᠵᠢᠯᠣᠭᠤᠳᠴᠤ

ᠦᠨᠡᠯᠡᠨ ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号