ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠰᠢᠯᠢ ᠶᠢᠨ ᠭᠤᠣᠯ ᠠᠶᠢᠮᠠᠭ
ᠨᠡᠶᠢᠲᠡᠯᠡᠭᠰᠡᠨ ᠴᠠᠭ᠄
2024/6/21
      ᠣᠶᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ︽ᠭᠠᠷ ᠤᠨ ᠡᠷᠳᠡᠮ ᠨᠠᠰᠤᠨ ᠤ ᠲᠦᠰᠢᠭ︾᠎ ᠪᠠᠷ ᠭᠤᠣᠯ ᠰᠡᠳᠦᠪ ᠪᠣᠯᠭᠠᠵᠤ᠂ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢ ᠡᠬᠢᠯᠡᠭᠦᠯᠪᠡ᠃

1.webp.jpg

      ᠪᠦᠬᠦ ᠠᠶᠢᠮᠠᠭ ᠤᠨ ᠡᠯ᠎ᠡ ᠠᠵᠢᠯ ᠮᠡᠷᠭᠡᠵᠢᠯ ᠤᠨ ᠰᠤᠷᠭᠠᠭᠤᠯᠢ ᠭᠤᠣᠯ ᠰᠡᠳᠦᠪ ᠲᠤ ᠠᠩᠬᠠᠷᠤᠯ ᠢᠶᠠᠨ

ᠲᠥᠪᠯᠡᠷᠡᠭᠦᠯᠵᠦ᠂ ᠬᠡᠯᠪᠡᠷᠢ ᠶᠢᠨ ᠰᠢᠨ᠎ᠡ ᠶᠢ ᠡᠭᠦᠳᠦᠨ᠂ ᠠᠴᠢᠶᠠᠯᠠᠪᠤᠷᠢ ᠶᠢ ᠪᠠᠶᠠᠯᠢᠭᠵᠢᠭᠤᠯᠵᠤ᠂ ᠪᠣᠳᠠᠰ ᠤᠨ ᠪᠤᠰᠤ

ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠵᠠᠯᠠᠭᠤᠴᠤᠳ ᠪᠠᠭᠠᠴᠤᠳ ᠤᠨ ᠮᠠᠰᠢᠨ

ᠬᠥᠮᠦᠨ ᠤ ᠤᠷᠤᠯᠳᠤᠭᠠᠨ᠂ ᠤᠷᠠᠨ ᠳᠠᠷᠬᠠᠴᠤᠤᠯ ᠡᠷᠳᠡᠮ ᠢᠶᠠᠨ ᠭᠠᠶᠢᠬᠠᠭᠤᠯᠬᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠨᠡᠭᠡᠭᠡᠯᠲᠡᠲᠦ ᠡᠳᠦᠷ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠡᠶᠡᠴᠢᠯᠡᠨ ᠣᠶᠢᠯᠠᠭᠠᠵᠤ

ᠰᠤᠳᠤᠯᠤᠨ ᠰᠤᠷᠤᠯᠴᠠᠬᠤ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠡᠭᠦᠨ ᠢᠶᠠᠷ

ᠠᠵᠠ ᠲᠣᠬᠢᠶᠠᠯ ᠪᠣᠯᠭᠠᠵᠤ᠂ ᠭᠡᠷ ᠪᠦᠯᠢ ᠣᠷᠣᠯᠴᠠᠬᠤ᠂ ᠰᠤᠷᠭᠠᠭᠤᠯᠢ ᠦᠢᠯᠡᠳᠦᠯᠴᠡᠬᠦ᠂ ᠠᠵᠤ ᠠᠬᠤᠶᠢᠯᠠᠯ

ᠬᠠᠮᠲᠤᠷᠠᠯᠴᠠᠬᠤ ᠪᠠᠷ ᠳᠠᠮᠵᠢᠭᠤᠯᠤᠨ᠂ ︽ᠭᠡᠷ ᠪᠥᠯᠢ ᠰᠤᠷᠭᠠᠭᠤᠯᠢ ᠠᠵᠤ ᠠᠬᠤᠶᠢᠯᠠᠯ︾᠎ ᠤᠨ ᠨᠡᠪᠲᠡᠷᠡᠯᠴᠡᠭᠡ

ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ

ᠭᠡᠷ ᠤᠨ ᠠᠬᠠᠮᠠᠳ ᠤᠨ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠦᠨ᠂ ᠰᠤᠷᠤᠭᠴᠢᠳ ᠤᠨ ᠰᠤᠷᠤᠯᠴᠠᠬᠤ

ᠤᠷᠮ᠎ᠠ ᠪᠠᠬ᠎ᠠ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠨ᠂ ᠰᠤᠷᠤᠭᠴᠢᠳ ᠤᠨ ᠠᠵᠢᠯ ᠮᠡᠷᠭᠡᠵᠢᠯ ᠤᠨ

ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ

ᠠᠭᠤᠰᠤᠯᠴᠠᠭ᠎ᠠ ᠵᠢᠴᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠭᠡᠳᠭᠡᠵᠦ

ᠭᠦᠨᠵᠡᠭᠡᠶᠢᠷᠡᠭᠦᠯᠪᠡ᠃

      ᠣᠶᠢᠷ᠎ᠠ ᠶᠢᠨ ᠵᠢᠯ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ᠂ ᠰᠤᠷᠭᠠᠨ

ᠬᠥᠮᠦᠵᠢᠯ ᠤᠨ ᠠᠵᠢᠯ ᠤᠨ ᠪᠦᠬᠦ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠯᠡᠵᠦ᠂ ᠪᠦᠬᠦ ᠠᠶᠢᠮᠠᠭ ᠤᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠪᠠ᠃

      ᠪᠠᠶᠢᠷᠢᠰᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ          

᠎ ᠢ ᠬᠥᠭᠵᠢᠭᠦᠯᠬᠦ ᠰᠡᠳᠬᠢᠮᠵᠢ ᠶᠢ ᠥᠷᠭᠡᠳᠭᠡᠪᠡ᠃ ︽ᠰᠢᠯᠢ ᠎ ᠶᠢᠨ ᠭᠤᠣᠯ ᠠᠶᠢᠮᠠᠭ ᠤᠨ ᠣᠳᠣ ᠦᠶ᠎ᠡ ᠶᠢᠨ          

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠵᠢᠯ ᠤᠨ          

ᠲᠥᠰᠦᠯ︾᠂ ︽ᠰᠢᠯᠢ ᠶᠢᠨ ᠭᠤᠣᠯ ᠠᠶᠢᠮᠠᠭ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ

ᠵᠢᠴᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ          

ᠰᠠᠨᠠᠯ︾ ᠵᠡᠷᠭᠡ ᠰᠢᠷᠢᠰ ᠪᠢᠴᠢᠭ ᠮᠠᠲ᠋ᠧᠷᠢᠶᠠᠯ ᠢ ᠨᠡᠶᠢᠲᠡᠯᠡᠵᠦ᠂ 2019 - 2021 ᠣᠨ ᠪᠠ 2022 - 2024

ᠣᠨ ᠳᠤ ᠤᠷᠢᠳ ᠬᠤᠵᠢᠳ ᠬᠤᠶᠠᠷ ᠡᠭᠡᠯᠵᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠷᠪᠠᠨ

ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠣᠷᠣᠨ ᠪᠦᠰᠡ ᠶᠢᠨ ᠠᠵᠤ ᠠᠬᠤᠢ ᠶᠢᠨ

ᠬᠥᠭᠵᠢᠯᠲᠡ ᠳᠤ ᠦᠢᠯᠡᠴᠢᠯᠡᠬᠦ ᠳᠤ ᠰᠠᠭᠤᠷᠢᠯᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠵᠣᠷᠢᠯᠲᠠ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠠᠭᠤᠯᠤᠭᠳᠠᠬᠤᠨᠲᠤ ᠮᠠᠶ᠋ᠢᠭ ᠤᠨ ᠬᠥᠭᠵᠢᠯᠲᠡ ᠶᠢ ᠭᠦᠨᠵᠡᠭᠡᠶᠢᠷᠡᠭᠦᠯᠦᠨ᠂ ᠲᠥᠯᠥᠪᠵᠢᠭᠦᠯᠦᠨ

ᠪᠠᠶᠢᠷᠢᠰᠢᠭᠤᠯᠵᠤ᠂ ᠲᠤᠰᠬᠠᠢ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ

ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ

ᠪᠣᠯᠪᠠᠰᠤᠷᠠᠭᠤᠯᠤᠯ ᠢ ᠵᠡᠷᠭᠡ ᠪᠠᠷ ᠴᠢᠬᠤᠯᠠᠴᠢᠯᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ          

ᠰᠤᠷᠭᠠᠨ ᠬᠥᠮᠦᠵᠢᠯ ᠢ ᠬᠠᠷᠢᠯᠴᠠᠨ ᠠᠭᠤᠰᠬᠠᠬᠤ᠂ ᠠᠳᠠᠯᠢ ᠪᠤᠰᠤ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠢ ᠪᠦᠲᠦᠮᠵᠢᠲᠡᠢ ᠨᠡᠪᠲᠡᠷᠡᠭᠦᠯᠬᠦ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ

ᠦᠢᠯᠡᠴᠢᠯᠡᠬᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ

ᠪᠦᠷᠢᠯᠳᠦᠭᠦᠯᠪᠡ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ᠂ ᠣᠨᠴᠠᠯᠢᠭᠲᠤ᠂ ᠰᠢᠨ᠎ᠡ ᠶᠢ

ᠡᠭᠦᠳᠬᠦ ᠬᠡᠯᠪᠡᠷᠢ ᠶᠢᠨ ᠲᠤᠰᠬᠠᠢ ᠮᠡᠷᠭᠡᠵᠢᠯ 19᠎ ᠶᠢ ᠡᠭᠦᠳᠦᠨ ᠪᠠᠶᠢᠭᠤᠯᠵᠤ᠂ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠤᠯᠤᠰ ᠤᠨ ᠳᠡᠰ ᠤᠨ ᠳᠠᠭᠤᠷᠢᠶᠠᠯ ᠦᠵᠡᠭᠦᠯᠬᠦ ᠰᠤᠷᠭᠠᠭᠤᠯᠢ 1᠂ ᠤᠯᠤᠰ ᠤᠨ

ᠳᠡᠰ ᠤᠨ ᠭᠤᠣᠯᠳᠠᠯᠭ᠎ᠠ ᠲᠠᠢ ᠰᠤᠷᠭᠠᠭᠤᠯᠢ 1᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠳᠤᠮᠳᠠ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ 2᠂ ᠴᠢᠨᠠᠷᠯᠢᠭ ᠲᠤᠰᠬᠠᠢ ᠮᠡᠷᠭᠡᠵᠢᠯ 6᠎ ᠶᠢ ᠡᠭᠦᠳᠦᠨ ᠪᠠᠶᠢᠭᠤᠯᠪᠠ᠃ ᠥᠪᠡᠷᠲᠡᠭᠡᠨ

ᠵᠠᠰᠠᠬᠤ ᠣᠷᠣᠨ ᠤ ᠱᠠᠲᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ 3᠂

ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠪᠠᠷᠢᠮᠵᠢᠶᠠᠵᠢᠭᠤᠯᠤᠭᠰᠠᠨ ᠰᠤᠷᠭᠠᠭᠤᠯᠢ 3᠎ ᠶᠢ ᠪᠠᠶᠢᠭᠤᠯᠪᠠ᠃

      ᠵᠠᠩᠭᠢᠯᠠᠭ᠎ᠠ ᠶᠢᠨ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ

ᠰᠤᠷᠭᠠᠭᠤᠯᠢ ᠶᠢᠨ ︽ᠬᠤᠭᠤᠰᠣᠨ ᠪᠠᠭ᠎ᠠ ᠲᠠᠷᠠᠬᠠᠢ ᠪᠠᠭᠤᠷᠠᠢ︾ ᠪᠠᠶᠢᠬᠤ ᠦᠵᠡᠭᠳᠡᠯ ᠢ ᠲᠥᠪᠯᠡᠷᠡᠭᠦᠯᠦᠨ ᠴᠡᠭᠴᠡᠯᠡᠨ

ᠵᠠᠰᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠡᠮᠬᠢᠯᠡᠨ

ᠨᠡᠶᠢᠯᠡᠭᠦᠯᠵᠦ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ

ᠪᠠᠶᠢᠭᠤᠯᠤᠯᠲᠠ ᠶᠢ ᠠᠬᠢᠭᠤᠯᠪᠠ᠃ ᠡᠯ᠎ᠡ ᠱᠠᠲᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ

ᠰᠤᠷᠭᠠᠨ ᠬᠥᠮᠦᠵᠢᠯ ᠢ ᠵᠣᠯᠭᠠᠭᠤᠯᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠳᠠᠪᠠᠭᠤᠯᠢᠭ ᠡᠬᠢ ᠪᠠᠶᠠᠯᠢᠭ ᠢ

ᠲᠥᠪᠯᠡᠷᠡᠭᠦᠯᠦᠨ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠳᠤᠮᠳᠠ

ᠵᠡᠷᠭᠡ ᠶᠢᠨ ᠲᠤᠰᠬᠠᠢ ᠮᠡᠷᠭᠡᠵᠢᠯ ᠤᠨ ᠬᠡᠯᠲᠡᠰ ᠪᠠ ᠪᠦᠬᠦ ᠠᠶᠢᠮᠠᠭ ᠤᠨ 3 ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠲᠥᠪ ᠢ ᠰᠠᠶᠢᠲᠤᠷ ᠡᠷᠬᠢᠯᠡᠵᠦ᠂ 6 ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠠᠵᠢᠯ ᠮᠡᠷᠭᠡᠵᠢᠯ ᠤᠨ ᠡᠩ ᠤᠨ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠡᠷᠬᠢᠯᠡᠬᠦ

ᠣᠶᠢᠯᠠᠭᠠᠭᠳᠠᠬᠤᠨ᠂ ᠰᠤᠷᠭᠠᠭᠤᠯᠢ ᠎ ᠶᠢᠨ ᠬᠠᠷᠢᠶ᠎ᠠ ᠶᠢᠨ ᠬᠠᠮᠢᠶᠠᠷᠤᠯᠲᠠ᠂ ᠬᠢᠴᠢᠶᠡᠯ ᠤᠨ ᠪᠠᠶᠢᠷᠢᠯᠠᠭᠤᠯᠤᠯᠲᠠ ᠪᠠ

ᠪᠠᠭᠰᠢ ᠲᠣᠨᠤᠭ ᠲᠥᠬᠦᠭᠡᠷᠦᠮᠵᠢ ᠶᠢ ᠬᠤᠪᠢᠶᠠᠯᠴᠠᠨ ᠡᠳ᠋ᠯᠡᠬᠦ ᠵᠡᠷᠭᠡ ᠲᠥᠰᠦᠯ ᠢ ᠲᠡᠭᠦᠯᠳᠡᠷᠵᠢᠭᠦᠯᠦᠨ᠂ ᠪᠦᠬᠦ

ᠠᠶᠢᠮᠠᠭ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠣᠯᠠᠨ

ᠶᠠᠩᠵᠤᠴᠢᠯᠠᠭᠰᠠᠨ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠭᠤᠷᠪᠠᠨ ᠵᠢᠯ ᠤᠨ ᠠᠵᠢᠯ ᠮᠡᠷᠭᠡᠵᠢᠯ ᠤᠨ ᠡᠩ ᠤᠨ

ᠰᠤᠷᠤᠭᠴᠢ ᠡᠯᠰᠡᠬᠦ ᠬᠠᠷᠢᠴᠠᠯ ᠢ 3.6᠄ 6.4 ᠬᠦᠷᠭᠡᠪᠡ᠃ ᠰᠢᠯᠢ ᠎ ᠶᠢᠨ ᠭᠤᠣᠯ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠲᠦᠷᠦᠭᠦᠯᠡᠨ ᠰᠢᠯᠢ ᠶᠢᠨ ᠭᠤᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ

ᠪᠠᠶᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠠᠪᠴᠠᠩ ᠪᠠᠶᠢᠭᠤᠯᠤᠨ᠂ ᠲᠣᠭᠲᠠᠴᠠ ᠪᠠᠶᠢᠭᠤᠯᠵᠤ᠂

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠣᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠬᠥᠮᠦᠵᠢᠭᠦᠯᠬᠦ ᠬᠠᠷᠠᠯᠲᠠ᠂ ᠲᠤᠰᠭᠠᠢ ᠮᠡᠷᠭᠡᠵᠢᠯ ᠤᠨ ᠪᠠᠶᠢᠷᠢᠯᠠᠭᠤᠯᠤᠯᠲᠠ᠂ ᠬᠢᠴᠢᠶᠡᠯ ᠤᠨ

ᠳᠣᠭᠲᠠᠯᠴᠠᠭ᠎ᠠ᠂ ᠵᠢᠭᠠᠬᠤ ᠶᠠᠪᠤᠴᠠ ᠵᠡᠷᠭᠡ ᠶᠢ ᠵᠣᠯᠭᠠᠭᠤᠯᠬᠤ ᠶᠢ ᠠᠬᠢᠭᠤᠯᠵᠤ᠂ ᠳᠤᠮᠳᠠ ᠳᠡᠭᠡᠳᠦ ᠵᠡᠷᠭᠡ ᠶᠢᠨ ᠠᠵᠢᠯ

ᠮᠡᠷᠭᠡᠵᠢᠯ ᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠬᠡᠪ ᠵᠠᠭᠪᠤᠷ ᠢ ᠪᠠᠶᠢᠭᠤᠯᠪᠠ᠃

      ᠤᠷᠤᠯᠳᠤᠭᠠᠨ ᠪᠠ ᠰᠤᠷᠭᠠᠨ ᠬᠥᠮᠦᠵᠢᠯ ᠢ ᠠᠭᠤᠰᠬᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠨᠡᠶᠢᠭᠡᠮ ᠢ ᠨᠥᠯᠥᠭᠡᠯᠡᠬᠦ ᠬᠦᠴᠦᠨ ᠢ ᠥᠷᠭᠡᠳᠭᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ

ᠰᠤᠷᠭᠠᠭᠤᠯᠢ ᠶᠢᠨ ᠱᠠᠲᠤᠨ ᠤ ᠤᠷᠤᠯᠳᠤᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠪᠦᠬᠦ ᠤᠯᠤᠰ᠂ ᠪᠦᠬᠦ

ᠣᠷᠣᠨ ᠤ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠪᠠ ᠰᠤᠷᠤᠭᠴᠢ ᠶᠢᠨ ᠤᠷ᠎ᠠ

ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠤᠯᠪᠠ᠃ ᠣᠶᠢᠷ᠎ᠠ ᠶᠢᠨ ᠲᠠᠪᠤᠨ ᠵᠢᠯ ᠳᠤ᠂ ᠰᠢᠯᠢ ᠶᠢᠨ ᠭᠤᠣᠯ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯ᠎ᠡ ᠱᠠᠲᠤᠨ ᠤ ᠤᠷ᠎ᠠ ᠴᠢᠳᠠᠪᠤᠷᠢ ᠶᠢᠨ ᠤᠷᠤᠯᠳᠤᠭᠠᠨ ᠳᠤ

ᠣᠷᠣᠯᠴᠠᠨ 181 ᠵᠦᠢᠯ ᠤᠨ ᠱᠠᠩᠨᠠᠯ ᠭᠦᠷᠲᠡᠵᠦ᠂ ᠡᠭᠦᠨ ᠳᠤ ᠤᠯᠤᠰ ᠤᠨ ᠳᠡᠰ ᠤᠨ ᠱᠠᠩᠨᠠᠯ 37 ᠵᠦᠢᠯ          

ᠪᠤᠢ᠃ ᠰᠢᠨ᠎ᠡ ᠶᠢ ᠡᠭᠦᠳᠦᠨ ᠦᠢᠯᠡᠰ ᠪᠣᠰᠬᠠᠬᠤ ᠤᠷᠤᠯᠳᠤᠭᠠᠨ᠂ ᠤᠶᠤᠲᠠᠳ ᠤᠨ ᠥᠷᠢᠰᠦᠯᠳᠦᠭᠡᠨᠲᠦ ᠬᠤᠨᠳᠠᠭ᠎ᠠ

ᠵᠡᠷᠭᠡ ᠤᠷᠤᠯᠳᠤᠭᠠᠨ ᠳᠤ ᠣᠷᠣᠯᠴᠠᠨ 65 ᠵᠦᠢᠯ ᠤᠨ ᠱᠠᠩᠨᠠᠯ ᠬᠦᠷᠲᠡᠵᠦ᠂ ᠡᠭᠦᠨ ᠳᠤ ᠤᠯᠤᠰ ᠎ ᠤᠨ ᠳᠡᠰ ᠤᠨ

ᠱᠠᠩᠨᠠᠯ 11 ᠵᠦᠢᠯ ᠪᠤᠢ᠃ ᠪᠠᠭᠰᠢ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠷ᠎ᠡ

ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 2᠎ ᠢ ᠭᠦᠷᠲᠡᠪᠡ᠃

      ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂          

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠳᠥᠷᠰᠦ ᠪᠠᠶᠢᠳᠠᠯ ᠢ ᠪᠣᠢ          

ᠪᠣᠯᠭᠠᠪᠠ᠃ ︽ᠰᠢᠯᠢ ᠶᠢᠨ ᠭᠤᠣᠯ ᠠᠶᠢᠮᠠᠭ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ

ᠵᠢᠴᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ          

ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ

ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠤᠷᠲᠤ ᠬᠤᠭᠤᠴᠠᠭᠠᠨ ᠤ

ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ᠪᠦᠬᠦ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

288 ᠠᠵᠤ ᠠᠬᠤᠶᠢᠯᠠᠯ ᠲᠠᠢ ᠬᠠᠮᠲᠤᠷᠠᠨ ᠴᠢᠳᠠᠪᠤᠷᠢᠲᠠᠨ ᠬᠥᠮᠦᠵᠢᠭᠦᠯᠬᠦ᠂ ᠰᠠᠭᠤᠷᠢᠨ ᠭᠠᠵᠠᠷ ᠢ ᠬᠠᠮᠲᠤ ᠳᠤ ᠪᠠᠨ

ᠪᠠᠶᠢᠭᠤᠯᠬᠤ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠡᠩᠨᠡᠭᠡ ᠶᠢ ᠬᠠᠮᠲᠤ ᠳᠤ ᠪᠠᠨ

ᠪᠤᠶᠢᠵᠢᠭᠤᠯᠬᠤ ᠪᠠ ᠬᠠᠮᠵᠢᠨ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠦᠢᠯᠡᠳᠦᠯᠭᠡ ᠶᠢᠨ

ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ 169 ᠪᠠᠶᠢᠭᠤᠯᠵᠤ᠂ ᠰᠤᠳᠤᠯᠤᠨ ᠨᠡᠭᠡᠭᠡᠬᠦ᠂ ᠰᠤᠷᠤᠭᠴᠢ ᠡᠯᠰᠡᠬᠦ᠂

ᠵᠢᠭᠠᠨ ᠰᠤᠷᠭᠠᠬᠤ᠂ ᠳᠠᠳᠤᠯᠭ᠎ᠠ ᠬᠢᠬᠦ ᠪᠠ ᠠᠵᠢᠯ ᠣᠯᠬᠤ ᠪᠦᠬᠦ ᠶᠠᠪᠤᠴᠠ ᠶᠢ ᠬᠠᠮᠤᠷᠤᠭᠰᠠᠨ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭᠠᠨ ᠤ ᠳᠣᠭᠲᠠᠯᠴᠠᠭ᠎ᠠ ᠶᠢ ᠪᠣᠢ ᠪᠣᠯᠭᠠᠪᠠ᠃ ᠪᠦᠬᠦ ᠠᠶᠢᠮᠠᠭ ᠤᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠲᠤᠯᠭᠠᠭᠤᠷᠢ

ᠠᠵᠤ ᠦᠢᠯᠡᠰ᠂ ᠰᠢᠨ᠎ᠡ ᠪᠠᠷ ᠬᠥᠭᠵᠢᠭᠰᠡᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠪᠠ ᠳᠠᠪᠠᠭᠤᠯᠢᠭ ᠠᠵᠤ

ᠦᠢᠯᠡᠰ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠠᠵᠤ ᠦᠢᠯᠡᠰ ᠤᠨ

ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠵᠤ᠂ ᠠᠵᠤ ᠠᠬᠤᠶᠢᠯᠠᠯ ᠤᠨ ᠰᠤᠷᠭᠠᠭᠤᠯᠢ ᠶᠢ ᠪᠠᠶᠢᠭᠤᠯᠤᠨ᠂

ᠵᠠᠬᠢᠶᠠᠯᠠᠭ᠎ᠠ ᠪᠠᠷ ᠬᠥᠮᠦᠵᠢᠭᠦᠯᠬᠦ ᠲᠥᠯᠥᠪᠯᠡᠭᠡ ᠳᠤ ᠭᠠᠷ ᠤᠨ ᠦᠰᠦᠭ ᠵᠢᠷᠤᠪᠠ᠃

   

2.webp.jpg

      ᠠᠵᠢᠯ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ

ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠪᠡ ᠃ ᠠᠵᠢᠯ ᠮᠡᠷᠭᠡᠵᠢᠯ ᠤᠨ

ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠯ ᠢ

ᠵᠡᠷᠭᠡ ᠪᠠᠷ ᠠᠳᠬᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂

ᠪᠣᠯᠪᠠᠰᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠪᠣᠯᠪᠠᠰᠤᠷᠠᠯ ᠤᠨ ᠴᠤᠪᠤᠷᠠᠯ ᠢ ᠵᠢᠷᠤᠮᠵᠢᠭᠤᠯᠤᠨ᠂

ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠨᠥᠬᠦᠪᠥᠷᠢ ᠪᠡᠯᠡ ᠮᠥᠩᠭᠦ ᠶᠢ ᠪᠦᠬᠦ          

ᠬᠦᠴᠦᠨ ᠢᠶᠠᠷ ᠴᠢᠷᠮᠠᠶᠢᠨ ᠣᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠭᠡᠨ ᠢᠶᠠᠷ 

ᠥᠷᠨᠢᠭᠦᠯᠪᠡ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ

ᠲᠦᠷᠦᠭᠦᠯᠡᠨ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ᠂ ᠵᠠᠰᠠᠭ ᠤᠨ

ᠣᠷᠳᠣᠨ ᠤ ᠡᠭᠦᠷᠭᠡ ᠴᠢᠳᠠᠮᠵᠢᠲᠤ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠯᠢ ᠶᠢᠨ

ᠭᠤᠣᠯ ᠠᠶᠢᠮᠠᠭ ᠤᠨ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠪᠠ ᠰᠢᠯᠢ ᠶᠢᠨ ᠭᠤᠣᠯ

ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ

ᠪᠠᠶᠢᠭᠤᠯᠵᠤ᠂ ᠮᠠᠯᠴᠢᠨ ᠲᠠᠷᠢᠶᠠᠴᠢᠨ ᠳᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠤ ᠦᠢᠯᠡᠰ ᠤᠨ ᠦᠢᠯᠡᠴᠢᠯᠡᠭᠡ᠂

ᠲᠥᠷᠥᠯ ᠵᠦᠢᠯ ᠤᠨ ᠦᠢᠯᠡᠴᠢᠯᠡᠭᠡ ᠶᠢ ᠥᠷᠨᠢᠭᠦᠯᠵᠦ᠂ ᠰᠢᠯᠢ ᠶᠢᠨ ᠭᠤᠣᠯ ᠠᠶᠢᠮᠠᠭ ᠤᠨ ᠰᠢᠨ᠎ᠡ ᠬᠥᠳᠡᠭᠡ ᠲᠣᠰᠬᠤᠨ᠂

ᠰᠢᠨ᠎ᠡ ᠮᠠᠯᠵᠢᠬᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ ᠪᠦᠬᠦ ᠠᠶᠢᠮᠠᠭ ᠤᠨ

6 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ

ᠪᠠᠶᠢᠭᠤᠯᠤᠮᠵᠢ ᠳᠤ ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ

ᠠᠵᠢᠯᠲᠠᠨ ᠠᠵᠢᠯᠴᠢᠨ ᠤ ᠪᠣᠯᠪᠠᠰᠤᠷᠠᠯ ᠤᠨ ᠰᠠᠭᠤᠷᠢᠨ ᠭᠠᠵᠠᠷ᠂ ᠳᠠᠭᠤᠷᠢᠶᠠᠯ ᠦᠵᠡᠭᠦᠯᠬᠦ ᠦᠷᠭᠦᠯᠵᠢᠯᠡᠯ ᠰᠤᠷᠭᠠᠨ

ᠬᠥᠮᠦᠵᠢᠯ ᠤᠨ ᠰᠠᠭᠤᠷᠢᠨ ᠭᠠᠵᠠᠷ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠳᠠᠭᠤᠷᠢᠶᠠᠯ ᠦᠵᠡᠭᠦᠯᠬᠦ

ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠯᠮᠦᠷᠢ ᠶᠢᠨ ᠰᠠᠯᠠᠭ᠎ᠠ ᠮᠥᠴᠢᠷ ᠤᠨ ᠨᠡᠶᠢᠭᠡᠮ ᠢ

ᠦᠨᠡᠯᠡᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ

ᠪᠠᠶᠢᠭᠤᠯᠤᠮᠵᠢ᠂ ᠭᠤᠷᠪᠠᠨ ᠱᠠᠲᠤᠨ ᠤ ᠠᠮᠤᠷ ᠲᠦᠪᠰᠢᠨ ᠤ ᠬᠥᠮᠦᠵᠢᠯ ᠎ ᠤᠨ ᠪᠣᠯᠪᠠᠰᠤᠷᠠᠯ ᠤᠨ ᠪᠠᠶᠢᠭᠤᠯᠤᠮᠵᠢ ᠶᠢ

ᠪᠠᠶᠢᠭᠤᠯᠤᠨ᠂ ᠵᠢᠯ ᠪᠦᠷᠢ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ ᠬᠥᠮᠦᠰ ᠵᠡᠷᠭᠡ ᠳᠤ ᠬᠠᠨᠳᠤᠭᠤᠯᠤᠨ

ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 6 ᠲᠦᠮᠡᠨ ᠬᠥᠮᠦᠨ ᠤᠳᠠᠭ᠎ᠠ ᠥᠷᠨᠢᠭᠦᠯᠵᠦ᠂ ᠮᠠᠯᠴᠢᠨ

ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠦᠨᠡᠨ ᠬᠦ

ᠴᠢᠩᠭᠠᠳᠬᠠᠪᠠ᠃

   

3.webp.jpg

      ᠰᠢᠯᠢ ᠶᠢᠨ ᠭᠤᠣᠯ ᠠᠶᠢᠮᠠᠭ ᠰᠢᠨ᠎ᠡ ᠭᠠᠷᠤᠭ᠎ᠠ ᠠᠴᠠ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠳᠤ ᠰᠠᠭᠤᠷᠢᠯᠠᠨ᠂ ᠴᠢᠳᠠᠪᠤᠷᠢᠲᠠᠨ ᠢ ᠬᠥᠮᠦᠵᠢᠭᠦᠯᠬᠦ᠂ ᠡᠷᠳᠡᠮ ᠰᠢᠨᠵᠢᠯᠡᠭᠡᠨ᠂ ᠨᠡᠶᠢᠭᠡᠮ ᠤᠨ

ᠦᠢᠯᠡᠴᠢᠯᠡᠭᠡ᠂ ᠰᠣᠶᠣᠯ ᠤᠨ ᠤᠯᠠᠮᠵᠢᠯᠠᠯ ᠪᠠ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ

ᠥᠬᠡᠶ ᠭᠦᠨᠵᠡᠭᠡᠶᠢᠷᠡᠭᠦᠯᠦᠨ᠎ᠡ᠃ ︽ᠨᠢᠭᠡ ᠴᠣᠭᠴᠠ ᠬᠤᠶᠠᠷ ᠵᠢᠭᠦᠷ ᠲᠠᠪᠤᠨ ᠭᠤᠣᠯᠳᠠᠯᠭ᠎ᠠ︾᠎ ᠶᠢᠨ ᠲᠣᠭᠤᠷᠢᠨ ᠳᠤ᠂

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ

ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠵᠣᠷᠢᠯᠲᠠ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠵᠣᠬᠢᠴᠠᠬᠤ ᠴᠢᠨᠠᠷ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ

ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号