ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠤᠯᠠᠭᠠᠨᠬᠠᠳᠠ ᠬᠤᠲᠠ
ᠨᠡᠶᠢᠲᠡᠯᠡᠭᠰᠡᠨ ᠴᠠᠭ᠄
2024/6/21
     5 ᠰᠠᠷ᠎ᠠ ᠠᠴᠠ ᠨᠠᠭᠠᠰᠢ᠂ ᠤᠯᠠᠭᠠᠨᠬᠠᠳᠠ ᠬᠤᠲᠠ ︽ᠭᠠᠷ ᠤᠨ ᠡᠷᠳᠡᠮ ᠨᠠᠰᠤᠨ ᠤ ᠲᠦᠰᠢᠭ︾ ᠪᠠᠷ ᠭᠤᠣᠯ ᠰᠡᠳᠦᠪ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃

1.webp.jpg

      ᠠᠵᠢᠯᠯᠠᠭᠠᠨ ᠤ ᠬᠤᠭᠤᠴᠠᠭᠠᠨ ᠳᠤ᠂ ᠪᠦᠬᠦ ᠬᠤᠲᠠ ᠶᠢᠨ 29 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂

106 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 70 ᠭᠠᠷᠤᠢ ᠠᠵᠤ ᠠᠬᠤᠶᠢᠯᠠᠯ᠂ 46000 ᠭᠠᠷᠤᠢ

ᠬᠥᠮᠦᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠳᠣᠯᠣᠭᠠᠨ ᠨᠢᠭᠡ︾ ᠶᠢᠨ ᠤᠬᠠᠭᠤᠯᠭ᠎ᠠ ᠶᠢᠨ ᠠᠵᠢᠯᠯᠠᠭ᠎ᠠ

︵ᠲᠤᠬᠠᠶᠢᠯᠠᠪᠠᠯ᠂ ᠨᠢᠭᠡ ᠤᠳᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠳᠠᠯ ᠤᠨ

ᠮᠡᠳᠡᠭᠦᠯᠦᠯᠲᠡ ᠶᠢᠨ ᠬᠤᠷᠠᠯ᠂ ᠨᠢᠭᠡ ᠤᠳᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠯᠢᠳᠡᠭ

ᠰᠤᠷᠤᠭᠴᠢ ᠶᠢᠨ ᠮᠡᠳᠡᠭᠦᠯᠦᠯᠲᠡ ᠶᠢᠨ ᠬᠤᠷᠠᠯ᠂ ᠨᠢᠭᠡ ᠤᠳᠠᠭᠠᠨ ᠤ ︽ᠠᠵᠢᠯ ᠮᠡᠷᠭᠡᠵᠢᠯ ᠤᠨ ᠠᠮᠢᠳᠤᠷᠠᠯ ᠤᠨ

ᠲᠥᠯᠥᠪᠵᠢᠭᠦᠯᠭᠡ︾ ᠶᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ᠂ ᠨᠢᠭᠡ ᠤᠳᠠᠭᠠᠨ ᠤ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠭᠡᠷ ᠤᠨ ᠠᠬᠠᠮᠠᠳ ᠤᠨ ᠬᠤᠷᠠᠯ᠂ ᠨᠢᠭᠡ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠰᠡᠳᠦᠪᠲᠦ ᠹᠢᠯᠢᠮ᠂ ᠨᠢᠭᠡ  ᠠᠵᠢᠯ ᠮᠡᠷᠭᠡᠵᠢᠯ ᠤᠨ

ᠰᠤᠷᠭᠠᠭᠤᠯᠢ ᠶᠢ ᠲᠣᠭᠤᠷᠢᠨ ᠦᠵᠡᠬᠦ᠂ 1 ᠪᠦᠯᠦᠭ ᠠᠵᠤ ᠠᠬᠤᠶᠢᠯᠠᠯ ᠢ ᠲᠣᠭᠤᠷᠢᠨ ᠦᠵᠡᠬᠦ ᠪᠣᠯᠤᠨ᠎ᠠ︶ ᠪᠠᠷ

ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠷ᠎ᠠ ᠴᠢᠳᠠᠪᠤᠷᠢ ᠶᠢᠨ ᠨᠠᠶᠢᠷ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠣᠮ ᠤᠩᠰᠢᠬᠤ ᠨᠠᠶᠢᠷ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠤᠷᠤᠯᠳᠤᠭᠠᠨ᠂ ᠰᠦᠯᠵᠢᠶᠡᠨ ᠳᠤ ᠪᠠ ᠰᠦᠯᠵᠢᠶᠡᠨ ᠭᠠᠳᠠᠨ᠎ᠠ ᠨᠣᠮ ᠤᠩᠰᠢᠵᠤ ᠬᠤᠪᠢᠶᠠᠯᠴᠠᠬᠤ ᠬᠤᠷᠠᠯ᠂

ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ ᠦᠵᠡᠭᠦᠯᠭᠡ᠂ ᠰᠤᠷᠭᠠᠭᠤᠯᠢ ᠪᠠ ᠠᠵᠤ ᠠᠬᠤᠶᠢᠯᠠᠯ ᠪᠣᠯᠵᠣᠨ

ᠶᠠᠷᠢᠯᠴᠠᠬᠤ᠂ ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡᠲᠦ ᠡᠳᠦᠷ ᠵᠡᠷᠭᠡ ᠰᠢᠷᠢᠰ ᠭᠤᠣᠯ ᠰᠡᠳᠦᠪᠲᠦ

ᠠᠵᠢᠯᠯᠠᠭ᠎ᠠ ᠶᠢ ᠥᠷᠨᠢᠭᠦᠯᠵᠦ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭᠠᠨ ᠤ ᠪᠠᠶᠢᠭᠤᠯᠤᠯᠲᠠ ᠶᠢᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠶᠡᠭᠡ ᠪᠠᠷ ᠤᠬᠠᠭᠤᠯᠬᠤ ᠶᠢ

ᠠᠬᠢᠭᠤᠯᠵᠤ᠂ ︽ᠬᠥᠮᠦᠨ ᠪᠦᠬᠦᠨ ᠴᠢᠳᠠᠪᠤᠷᠢᠲᠠᠨ ᠪᠣᠯᠵᠤ᠂ ᠬᠥᠮᠦᠨ ᠪᠦᠬᠦᠨ ᠠᠪᠢᠶᠠᠰ ᠴᠢᠳᠠᠪᠤᠷᠢ ᠪᠠᠨ

ᠭᠠᠶᠢᠬᠠᠭᠤᠯᠬᠤ︾ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠢ ᠪᠣᠢ ᠪᠣᠯᠭᠠᠨ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃

     

2.png

      ᠣᠶᠢᠷ᠎ᠠ ᠶᠢᠨ ᠵᠢᠯ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠭᠠᠨᠬᠠᠳᠠ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ

︽ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠩᠭᠤᠢ ᠬᠥᠭᠵᠢᠭᠦᠯᠬᠦ᠂ ᠬᠦᠴᠦᠷᠬᠡᠭ ᠢ ᠲᠡᠳᠬᠦᠨ

ᠰᠢᠯᠢᠳᠡᠭ ᠢ ᠡᠷᠬᠢᠯᠡᠬᠦ᠂ ᠰᠢᠨ᠎ᠡ ᠶᠢ ᠡᠭᠦᠳᠦᠨ ᠬᠥᠭᠵᠢᠭᠦᠯᠬᠦ︾ ᠪᠠᠷ ᠠᠵᠢᠯ ᠤᠨ ᠵᠣᠷᠢᠯᠲᠠ ᠪᠣᠯᠭᠠᠵᠤ᠂ ︽ᠰᠠᠭᠤᠷᠢ ᠶᠢ

ᠴᠢᠩᠭᠠᠳᠬᠠᠬᠤ᠂ ᠬᠠᠮᠢᠶᠠᠷᠤᠯᠲᠠ ᠶᠢ ᠠᠳᠬᠤᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠢ

ᠪᠣᠯᠭᠠᠬᠤ︾ ᠪᠠᠷ ᠠᠭᠤᠯᠤᠭᠳᠠᠬᠤᠨ ᠤ ᠭᠤᠣᠯ ᠰᠢᠵᠢᠮ ᠪᠣᠯᠭᠠᠨ᠂ ︽ᠵᠢᠷᠭᠤᠭᠠᠨ ᠵᠦᠢᠯ ᠤᠨ ᠠᠵᠢᠯᠯᠠᠭ᠎ᠠ︾ ᠶᠢ

ᠬᠡᠷᠡᠭᠵᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ

ᠰᠢᠯᠢᠳᠡᠭ ᠢ ᠪᠤᠶᠢᠵᠢᠭᠤᠯᠬᠤ᠂ ᠨᠡᠷᠡᠲᠦ ᠲᠡᠮᠳᠡᠭᠲᠦ ᠶᠢ ᠬᠦᠴᠦᠷᠬᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠪᠠ ᠠᠵᠤ ᠠᠬᠤᠢ

ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃

      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠠᠵᠢᠯᠯᠠᠭ᠎ᠠ ᠶᠢ

ᠬᠡᠷᠡᠭᠵᠢᠭᠦᠯᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ

ᠬᠡᠷᠡᠭᠵᠢᠭᠦᠯᠵᠦ᠂ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ + ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ + ᠠᠵᠤ ᠠᠬᠤᠶᠢᠯᠠᠯ︾ ᠢ ᠨᠡᠪᠲᠡᠷᠡᠭᠦᠯᠦᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ

ᠥᠭᠡᠷᠡᠴᠢᠯᠡᠯᠲᠡ ᠶᠢ ᠠᠬᠢᠭᠤᠯᠵᠤ᠂ ᠪᠦᠬᠦ ᠬᠤᠲᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠨᠢᠭᠡ

ᠴᠣᠭᠴᠠᠵᠢᠭᠤᠯᠤᠨ ᠨᠡᠪᠲᠡᠷᠡᠭᠦᠯᠦᠨ ᠬᠥᠮᠦᠵᠢᠭᠦᠯᠬᠦ ᠲᠤᠰᠬᠠᠢ ᠮᠡᠷᠭᠡᠵᠢᠯ ᠤᠨ ᠲᠤᠷᠰᠢᠯᠲᠠ ᠶᠢᠨ ᠴᠡᠭ ᠢ 15 ᠰᠣᠩᠭᠤᠨ

ᠪᠤᠶᠢᠵᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠭᠰᠡᠨ ᠰᠤᠷᠤᠭᠴᠢ ᠶᠢᠨ ᠲᠤᠭ᠎ᠠ

13348 ᠬᠥᠮᠦᠨ ᠳᠤ ᠬᠦᠷᠴᠡᠢ᠃ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ 57

ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠵᠦ᠂ 34 ᠲᠤᠰᠬᠠᠢ ᠮᠡᠷᠭᠡᠵᠢᠯ ᠢ ᠬᠠᠰᠤᠵᠤ᠂ ᠪᠦᠬᠦ ᠬᠤᠲᠠ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢ ᠰᠣᠯᠪᠢᠴᠠᠭᠰᠠᠨ ᠬᠥᠭᠵᠢᠯᠲᠡ᠂

ᠣᠨᠴᠠᠯᠢᠭᠲᠤ ᠬᠥᠭᠵᠢᠯᠲᠡ ᠶᠢ ᠠᠬᠢᠭᠤᠯᠪᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠢ ᠠᠬᠢᠭᠤᠯᠵᠤ᠂ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠤᠨ ᠪᠠᠷᠢᠮᠵᠢᠶ᠎ᠠ ᠶᠢ 100% ᠪᠣᠯᠭᠠᠨ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠡ ᠶᠢ 5 ᠲᠦᠮᠡ ᠭᠠᠷᠤᠢ ᠬᠥᠮᠦᠨ ᠳᠤ ᠬᠦᠷᠭᠡᠪᠡ᠃ 7

ᠰᠤᠷᠭᠠᠭᠤᠯᠢ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠥᠵᠢᠯ ᠢ ᠠᠭᠤᠰᠬᠠᠭᠰᠠᠨ

ᠳᠤᠷᠰᠢᠯᠲᠠ ᠶᠢᠨ ᠴᠡᠭ ᠢᠶᠠᠷ ᠵᠦᠪᠰᠢᠶᠡᠷᠡᠭᠳᠡᠵᠦ᠂ 1200 ᠰᠤᠷᠤᠭᠴᠢ ᠡᠯᠰᠡᠪᠡ᠃ ︽ᠬᠤᠣᠰ ᠥᠨᠳᠥᠷ ᠬᠤᠶᠠᠷ

ᠰᠢᠯᠢᠳᠡᠭ︾ ᠤᠨ ᠲᠥᠷᠥᠯ ᠵᠦᠢᠯ ᠤᠨ ᠪᠠᠶᠢᠭᠤᠯᠤᠯᠲᠠ ᠶᠢ ᠪᠤᠶᠢᠵᠢᠭᠤᠯᠬᠤ ᠪᠠ ᠬᠢᠨᠠᠨ ᠵᠢᠯᠣᠭᠤᠳᠬᠤ ᠶᠢ

ᠴᠢᠩᠭᠠᠳᠬᠠᠵᠤ᠂ ᠬᠤᠲᠠ ᠶᠢᠨ ᠱᠠᠲᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ 302 ᠲᠥᠷᠥᠯ ᠵᠦᠢᠯ ᠢ ᠰᠣᠩᠭᠤᠨ  ᠪᠣᠶᠢᠵᠢᠭᠤᠯᠪᠠ᠃

      ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠦᠢᠯᠡᠴᠢᠯᠡᠭᠡᠨ ᠤ ᠠᠵᠢᠯᠯᠠᠭ᠎ᠠ ᠶᠢ

ᠬᠡᠷᠡᠭᠵᠢᠭᠦᠯᠪᠡ᠃ ᠪᠦᠬᠦ ᠬᠤᠲᠠ ᠶᠢᠨ 8 ᠲᠤᠮᠦ ᠠᠵᠤ ᠦᠢᠯᠡᠰ ᠤᠨ ᠴᠤᠭᠯᠠᠷᠠᠯ ᠳᠤ ᠠᠩᠬᠠᠷᠤᠯ ᠢᠶᠠᠨ ᠬᠠᠨᠳᠤᠭᠤᠯᠤᠨ᠂

ᠬᠤᠲᠠ ᠶᠢᠨ ᠳᠡᠰ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ 2᠂ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 14 ᠶᠢ

ᠪᠤᠶᠢᠵᠢᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ ᠶᠢᠨ ᠬᠡᠪᠴᠢᠶᠡᠨ ᠳᠠᠬᠢ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢᠨ ᠲᠤᠷᠰᠢᠯᠲᠠ ᠶᠢᠨ ᠴᠡᠭ 1᠂ ᠠᠵᠢᠯ

ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠠᠮᠲᠤ ᠶᠢᠨ ᠴᠣᠭᠴᠠ 1᠂ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠦᠢᠯᠡᠳᠦᠯᠭᠡ ᠶᠢᠨ ᠲᠥᠪ 17᠂ ᠠᠵᠤ ᠦᠢᠯᠡᠳᠪᠦᠷᠢ ᠪᠠ

ᠰᠤᠷᠭᠠᠨ ᠬᠥᠮᠦᠵᠢᠯ ᠢ ᠠᠭᠤᠰᠬᠠᠭᠰᠠᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠠᠵᠢᠯᠲᠠᠨ

ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 1 ᠶᠢ

ᠪᠠᠶᠢᠭᠤᠯᠬᠤ ᠶᠢ ᠵᠥᠪᠰᠢᠶᠡᠷᠡᠪᠡ᠃ ᠵᠢᠩ ᠳ᠋ᠦᠩ ᠵᠡᠷᠭᠡ 300 ᠭᠠᠷᠤᠢ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ 300 ᠭᠠᠷᠤᠢ ᠬᠤᠳᠠᠯᠳᠤᠭᠠᠨ ᠤ ᠲᠥᠷᠥᠯ ᠵᠦᠢᠯ ᠳᠤ

ᠣᠷᠣᠯᠴᠠᠨ᠂ ᠦᠢᠯᠡᠳᠬᠦᠨ ᠤ ᠥᠷᠲᠡᠭ 5000 ᠭᠠᠷᠤᠢ ᠲᠦᠮᠡᠨ ᠲᠥᠭᠦᠷᠢᠭ ᠲᠤ ᠬᠦᠷᠴᠡᠢ᠃ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ

ᠨᠠᠰᠤᠲᠠᠶᠢᠴᠤᠳ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠲᠤᠷᠰᠢᠯᠲᠠ ᠶᠢᠨ

ᠴᠡᠭ 4 ᠶᠢ ᠪᠠᠶᠢᠭᠤᠯᠤᠨ᠂ ᠬᠤᠲᠠ ᠶᠢᠨ ᠳᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠴᠢᠳᠠᠪᠤᠷᠢᠲᠠᠨ ᠢ ᠬᠥᠮᠦᠵᠢᠭᠦᠯᠬᠦ ᠰᠢᠯᠢᠳᠡᠭ ᠰᠤᠷᠭᠠᠭᠤᠯᠢ 9 ᠶᠢ ᠪᠠᠶᠢᠭᠤᠯᠵᠤ᠂ ᠪᠦᠬᠦ ᠬᠤᠲᠠ  ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠵᠢᠯ ᠪᠦᠷᠢ ᠳᠤᠮᠳᠠᠴᠢ ᠪᠠᠷ 6.5 ᠲᠦᠮᠡᠨ ᠬᠥᠮᠦᠨ ᠤᠳᠠᠭ᠎ᠠ ᠠᠵᠢᠯ

ᠮᠡᠷᠭᠡᠵᠢᠯ ᠤᠨ ᠪᠣᠯᠪᠠᠰᠤᠷᠠᠯ ᠥᠷᠨᠢᠭᠦᠯᠪᠡ᠃

      ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ

ᠤᠷᠤᠯᠳᠤᠭᠠᠨ ᠢ ᠡᠷᠬᠢᠯᠡᠵᠦ᠂ ᠬᠤᠲᠠ ᠶᠢᠨ ᠳᠡᠰ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠪᠠᠭᠰᠢ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ 3᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ 8᠂ ᠦᠵᠡᠯ ᠰᠠᠨᠠᠭ᠎ᠠ ᠤᠯᠤᠰ ᠲᠥᠷᠥ ᠶᠢᠨ ᠨᠡᠷᠡᠲᠦ

ᠪᠠᠭᠰᠢ ᠶᠢᠨ ᠠᠵᠢᠯᠯᠠᠬᠤ ᠲᠠᠰᠤᠭ 9 ᠶᠢ ᠰᠣᠩᠭᠤᠨ ᠬᠥᠮᠦᠵᠢᠭᠦᠯᠵᠦ᠂ ᠬᠤᠲᠠ ᠶᠢᠨ ᠱᠠᠲᠤᠨ ᠤ ︽ᠪᠥᠬᠦ ᠠᠵᠢᠯᠲᠠᠨ

ᠬᠥᠮᠦᠨ ᠬᠥᠮᠥᠵᠢᠭᠦᠯᠬᠦ᠂ ᠪᠥᠬᠦ ᠶᠠᠪᠤᠴᠠ ᠳᠤ ᠬᠥᠮᠦᠨ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ          

ᠬᠥᠮᠥᠵᠢᠭᠦᠯᠬᠦ︾ ᠨᠡᠶᠢᠲᠡᠯᠢᠭ ᠰᠤᠷᠭᠠᠭᠤᠯᠢ 11᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠨᠡᠶᠢᠲᠡᠯᠢᠭ

ᠬᠡᠷᠡᠭ ᠤᠨ ᠵᠢᠱᠢᠶ᠎ᠡ 24᠂ ᠶᠣᠰᠣ ᠰᠤᠷᠲᠠᠬᠤᠨ ᠤ ᠬᠥᠮᠦᠵᠢᠯ ᠤᠨ ᠣᠨᠴᠠᠯᠢᠭᠲᠤ ᠨᠡᠶᠢᠲᠡᠯᠢᠭ ᠬᠡᠷᠡᠭ ᠤᠨ ᠵᠢᠱᠢᠶ᠎ᠡ

13 ᠶᠢ ᠰᠣᠩᠭᠤᠵᠤ ᠪᠣᠶᠢᠵᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠣᠮ ᠤᠩᠰᠢᠬᠤ ᠨᠠᠶᠢᠷ᠂

ᠤᠷ᠎ᠠ ᠴᠢᠳᠠᠪᠤᠷᠢ ᠶᠢᠨ ᠨᠠᠶᠢᠷ᠂ ᠨᠡᠶᠢᠭᠡᠮ ᠤᠨ ᠪᠦᠯᠬᠦᠮ ᠤᠨ ᠪᠠᠶᠠᠷ ᠤᠨ ︽ᠭᠤᠷᠪᠠᠨ ᠪᠠᠶᠠᠷ︾ ᠤᠨ ᠬᠥᠮᠦᠨ

ᠬᠥᠮᠦᠵᠢᠭᠦᠯᠬᠦ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠪᠦᠬᠦ ᠬᠤᠲᠠ ᠶᠢᠨ ᠪᠠᠭᠰᠢ ᠰᠤᠷᠤᠭᠴᠢᠳ

ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠤᠷ᠎ᠠ ᠴᠢᠳᠠᠪᠤᠷᠢ ᠶᠢᠨ ᠤᠷᠤᠯᠳᠤᠭᠠᠨ ᠳᠤ 1000 ᠭᠠᠷᠤᠢ

ᠵᠦᠢᠯ ᠤᠨ ᠱᠠᠩᠨᠠᠯ ᠬᠦᠷᠲᠡᠵᠦ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ  ᠳᠣᠪᠴᠢᠶᠠᠨ ᠤ ᠠᠯᠪᠠᠨ ᠤ

ᠣᠯᠠᠨ ᠨᠡᠶᠢᠲᠡ ᠶᠢᠨ ᠳ᠋ᠤᠭᠠᠷ ᠲᠤ ︽ᠣᠩᠰᠢᠯᠭ᠎ᠠ ᠪᠠᠷ ᠰᠡᠳᠬᠢᠯ ᠢ ᠨᠢ ᠤᠮᠳᠠᠯᠠᠵᠤ᠂ ᠮᠡᠷᠭᠡᠵᠢᠯ ᠢᠶᠠᠷ ᠬᠥᠮᠦᠨ

ᠪᠣᠯᠭᠠᠬᠤ︾ ᠠᠵᠢᠯ ᠮᠡᠷᠭᠡᠵᠢᠯ ᠤᠨ ᠰᠤᠷᠭᠠᠨ ᠬᠥᠮᠥᠵᠢᠯᠲᠡᠨ ᠤ ᠨᠣᠮ ᠣᠩᠰᠢᠬᠤ ᠰᠤᠷᠭᠠᠨ ᠬᠥᠮᠦᠵᠢᠯ ᠤᠨ

ᠦᠯᠢᠭᠡᠷ ᠢ 166 ᠬᠤᠪᠢ ᠨᠡᠶᠢᠲᠡᠯᠡᠪᠡ᠃

      ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ          

ᠬᠡᠷᠡᠭᠵᠢᠭᠦᠯᠪᠡ᠃ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠵᠤ᠂ ᠪᠦᠬᠦ ᠬᠤᠲᠠ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠣᠯᠠᠨ ᠨᠡᠶᠢᠲᠡ ᠶᠢᠨ ᠰᠠᠭᠤᠷᠢ ᠬᠢᠴᠢᠶᠡᠯ᠂ ᠲᠤᠰᠬᠠᠢ ᠮᠡᠷᠭᠡᠵᠢᠯ ︵ᠤᠷ᠎ᠠ

ᠴᠢᠳᠠᠪᠤᠷᠢ︶ ᠤᠨ ᠬᠢᠴᠢᠶᠡᠯ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠬᠢᠴᠢᠶᠡᠯ︾ ᠤᠨ ᠬᠢᠴᠢᠶᠡᠯ ᠤᠨ ᠲᠥᠰᠦᠪ ᠢ

ᠠᠩᠬ᠎ᠠ ᠠᠯᠬᠤᠮ ᠪᠠᠶᠢᠭᠤᠯᠵᠤ᠂ 3 ᠰᠤᠷᠭᠠᠭᠤᠯᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠬᠢᠴᠢᠶᠡᠯ  ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠤᠷᠭᠠᠭᠤᠯᠢ ᠪᠣᠯᠭᠠᠪᠠ᠃ ᠬᠤᠲᠠ ᠶᠢᠨ ᠳᠡᠰ ᠤᠨ            

ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ 11᠂ ᠥᠪᠡᠷᠲᠡᠭᠡᠨ ᠵᠠᠰᠠᠬᠤ

ᠣᠷᠣᠨ ᠤ ᠳᠡᠰ ᠤᠨ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ 3 ᠶᠢ

ᠪᠠᠶᠢᠭᠤᠯᠪᠠ᠃ ᠬᠤᠲᠠ ᠶᠢᠨ ᠳᠡᠰ ᠤᠨ ᠰᠦᠯᠵᠢᠶᠡᠨ ᠳᠠᠬᠢ ᠰᠡᠶᠢᠯᠳᠡᠭ ᠬᠢᠴᠢᠶᠡᠯ 19᠂ ︽ᠬᠢᠴᠢᠶᠡᠯ ᠤᠨ ᠲᠠᠩᠬᠢᠮ ᠤᠨ

ᠬᠤᠪᠢᠰᠬᠠᠯ︾ ᠤᠨ ᠨᠡᠶᠢᠲᠡᠯᠢᠭ ᠬᠡᠷᠡᠭ ᠤᠨ ᠵᠢᠱᠢᠶ᠎ᠡ 25᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠰᠤᠳᠤᠯᠤᠨ

ᠨᠡᠭᠡᠭᠡᠭᠰᠡᠨ ᠰᠢᠯᠢᠳᠡᠭ ᠵᠢᠭᠠᠬᠤ ᠮᠠᠲ᠋ᠧᠷᠢᠶᠠᠯ 8 ᠳᠡᠪᠲᠡᠷ ᠢ ᠰᠣᠩᠭᠤᠨ ᠪᠣᠢ ᠪᠣᠯᠭᠠᠵᠤ᠂ ᠤᠯᠤᠰ᠂ ᠥᠪᠡᠷᠲᠡᠭᠡᠨ

ᠵᠠᠰᠠᠬᠤ ᠣᠷᠣᠨ ᠤ ᠳᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠲᠥᠯᠥᠪᠵᠢᠭᠦᠯᠭᠡ ᠶᠢᠨ ᠵᠢᠭᠠᠬᠤ ᠮᠠᠲ᠋ᠧᠷᠢᠶᠠᠯ ᠢᠶᠠᠷ 2 ᠳᠡᠪᠲᠡᠷ ᠨᠢ ᠰᠣᠩᠭᠤᠭᠳᠠᠪᠠ᠃ ᠬᠢᠴᠢᠶᠡᠯ ᠤᠨ

ᠲᠠᠩᠬᠢᠮ ᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠦᠨᠳᠦᠰᠦᠨ

ᠴᠢᠳᠠᠪᠤᠷᠢ ᠶᠢᠨ ᠤᠷᠤᠯᠳᠤᠭᠠᠨ᠂ ᠪᠠᠭᠰᠢ  ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠢ ᠲᠣᠭᠲᠠᠮᠠᠯ

ᠬᠤᠭᠤᠴᠠᠭ᠎ᠠ  ᠲᠠᠢ ᠡᠷᠬᠢᠯᠡᠵᠦ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠮᠦᠨ

ᠬᠥᠮᠦᠵᠢᠭᠦᠯᠬᠦ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

      ᠡᠩᠨᠡᠭᠡᠨ ᠤ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠰᠤᠷᠭᠠᠭᠤᠯᠢ ᠶᠢᠨ

ᠵᠠᠬᠢᠷᠤᠯ᠂ ᠲᠤᠰᠬᠠᠢ ᠪᠠᠭᠰᠢ᠂ ᠠᠩᠭᠢ ᠶᠢᠨ ᠡᠷᠬᠢᠯᠡᠭᠴᠢ᠂ ᠵᠢᠭᠠᠬᠤ ᠶᠢ ᠰᠤᠳᠤᠯᠬᠤ 4 ᠡᠩᠨᠡᠭᠡᠨ ᠤ

ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠯᠢᠳᠡᠭ

ᠵᠠᠬᠢᠷᠤᠯ ᠤᠨ ᠰᠤᠳᠤᠯᠤᠨ ᠰᠤᠷᠤᠯᠴᠠᠵᠤ ᠥᠰᠦᠨ ᠪᠤᠶᠢᠵᠢᠬᠤ ᠠᠩᠭᠢ ᠪᠠ ᠠᠩᠭᠢ ᠶᠢᠨ ᠡᠷᠬᠢᠯᠡᠭᠴᠢ ᠶᠢᠨ ᠨᠣᠮ

ᠤᠩᠰᠢᠵᠤ ᠥᠰᠦᠨ ᠪᠤᠶᠢᠵᠢᠬᠤ ᠠᠩᠭᠢ  ᠶᠢ ᠵᠣᠬᠢᠶᠠᠨ ᠪᠠᠶᠢᠭᠤᠯᠤᠨ᠂ ︽ᠣᠴᠢ ᠪᠠᠭᠰᠢ︾ ᠶᠢᠨ ᠪᠣᠯᠪᠠᠰᠤᠷᠠᠯ ᠢ

ᠦᠷᠭᠦᠯᠵᠢᠯᠡᠨ ᠥᠷᠨᠢᠭᠦᠯᠵᠦ᠂ ᠪᠣᠯᠪᠠᠰᠤᠷᠠᠯ ᠳᠤ 3000 ᠭᠠᠷᠤᠢ ᠰᠤᠷᠤᠯᠭᠠᠲᠠᠨ ᠣᠷᠣᠯᠴᠠᠵᠤ᠂ 1039 ᠬᠥᠮᠦᠨ

ᠥᠪᠡᠷᠲᠡᠭᠡᠨ ᠵᠠᠰᠠᠬᠤ ᠣᠷᠣᠨ ᠤ ︽ᠬᠤᠣᠰ ᠬᠡᠯᠪᠡᠷᠢ︾ ᠶᠢᠨ ᠪᠠᠭᠰᠢ ᠪᠠᠷ ᠦᠨᠡᠯᠡᠭᠳᠡᠪᠡ᠃ ᠲᠤᠰᠬᠠᠢ ᠮᠡᠷᠭᠡᠵᠢᠯ ᠤᠨ

ᠳᠠᠭᠠᠭᠤᠯᠤᠭᠴᠢ ᠶᠢᠨ ᠪᠦᠯᠬᠦᠮ ᠢ ᠪᠣᠶᠢᠵᠢᠭᠤᠯᠬᠤ ᠶᠢ ᠠᠬᠢᠭᠤᠯᠵᠤ᠂ ᠬᠤᠲᠠ ᠶᠢᠨ ᠱᠠᠲᠤᠨ ᠤ ᠤᠷ᠎ᠠ ᠴᠢᠳᠠᠪᠤᠷᠢᠲᠤ

ᠮᠠᠰᠲ᠋ᠧᠷ ᠤᠨ ᠠᠵᠢᠯᠯᠠᠬᠤ ᠲᠠᠰᠤᠭ 10᠂ ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ

14 ᠶᠢ ᠪᠠᠶᠢᠭᠤᠯᠵᠤ᠂ ᠬᠤᠲᠠ ᠶᠢᠨ ᠱᠠᠲᠤᠨ ᠤ ᠨᠠᠷᠠᠲᠤ ᠠᠩᠭᠢ ᠶᠢᠨ ᠡᠷᠬᠢᠯᠡᠭᠴᠢ ᠶᠢᠨ ᠠᠵᠢᠯᠯᠠᠬᠤ ᠲᠠᠰᠤᠭ 19 ᠶᠢ

ᠰᠣᠩᠭᠤᠨ ᠪᠤᠶᠢᠵᠢᠭᠤᠯᠵᠤ᠂ ᠬᠤᠲᠠ ᠶᠢᠨ ᠱᠠᠲᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ 

ᠵᠢᠭᠠᠬᠤ ᠶᠢ ᠰᠤᠳᠤᠯᠬᠤ ᠳᠤᠭᠤᠶᠢᠯᠠᠩ 19 ᠶᠢ  ᠪᠠᠶᠢᠭᠤᠯᠤᠨ᠂ ᠲᠤᠰᠢᠶᠠᠯ ᠬᠠᠪᠰᠤᠷᠭᠠᠭᠰᠠᠨ ᠵᠢᠭᠠᠬᠤ ᠶᠢ

ᠰᠤᠳᠤᠯᠤᠭᠴᠢ 266 ᠬᠥᠮᠦᠨ ᠢ ᠤᠷᠢᠪᠠ᠃

      ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ︽ᠤᠯᠠᠭᠠᠨᠬᠠᠳᠠ

ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠨ

ᠵᠢᠱᠢᠬᠦ ᠨᠠᠷᠢᠨ ᠳᠦᠷᠢᠮ︾ ᠢ ᠨᠠᠶᠢᠷᠠᠭᠤᠯᠤᠨ ᠵᠣᠬᠢᠶᠠᠵᠤ᠂ ᠰᠤᠷᠭᠠᠭᠤᠯᠢ ᠡᠷᠬᠢᠯᠡᠵᠦ ᠬᠢᠨᠠᠨ ᠵᠢᠯᠣᠭᠤᠳᠬᠤ ᠶᠢ ᠪᠦᠬᠦ

ᠲᠠᠯ᠎ᠠ ᠪᠠᠷ ᠥᠷᠨᠢᠭᠦᠯᠦᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠷᠤᠮᠵᠢᠭᠤᠯᠤᠭᠰᠠᠨ ᠬᠠᠮᠢᠶᠠᠷᠤᠯᠲᠠ ᠶᠢ

ᠠᠬᠢᠭᠤᠯᠤᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠡᠷᠡᠲᠦ

ᠲᠡᠮᠳᠡᠭᠲᠦ ᠶᠢ ᠪᠦᠲᠦᠭᠡᠨ ᠪᠠᠶᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠡ

ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠱᠠᠲᠤᠨ ᠤ ᠮᠡᠳᠡᠭᠡ ᠵᠠᠩᠭᠢᠴᠢᠯᠠᠯᠲᠠ ᠶᠢᠨ ᠬᠡᠪ

ᠳᠠᠭᠤᠷᠢᠶᠠᠯ ᠰᠤᠷᠭᠠᠭᠤᠯᠢ 9 ᠶᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠳᠡᠭᠡ

ᠵᠠᠩᠭᠢᠴᠢᠯᠠᠯᠲᠠ ᠶᠢᠨ ᠬᠡᠪ ᠳᠠᠭᠤᠷᠢᠶᠠᠯ ᠰᠤᠷᠭᠠᠭᠤᠯᠢ 3᠂ ᠤᠯᠤᠰ ᠤᠨ ᠳᠡᠰ ᠤᠨ ᠮᠡᠳᠡᠭᠡ ᠵᠠᠩᠭᠢᠴᠢᠯᠠᠯᠲᠠ ᠶᠢᠨ ᠬᠡᠪ

ᠳᠠᠭᠤᠷᠢᠶᠠᠯ ᠰᠤᠷᠭᠠᠭᠤᠯᠢ 1 ᠶᠢ ᠪᠠᠶᠢᠭᠤᠯᠤᠨ᠂ ᠬᠤᠲᠠ ᠶᠢᠨ ᠱᠠᠲᠤᠨ ᠤ ᠵᠢᠱᠢᠮᠡᠭ ᠦᠨᠡᠨ ᠪᠣᠯᠪᠠᠰᠤᠷᠠᠯ ᠤᠨ

ᠰᠠᠭᠤᠷᠢᠨ ᠭᠠᠵᠠᠷ 9 ᠶᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ

ᠵᠢᠱᠢᠮᠡᠭ ᠦᠨᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 1 ᠶᠢ ᠪᠠᠶᠢᠭᠤᠯᠪᠠ᠃ ᠵᠥᠪᠬᠡᠨ 2023 ᠣᠨ ᠳᠤ

ᠠᠷᠠᠳ ᠤᠨ ᠡᠳᠦᠷ ᠤᠨ ᠰᠣᠨᠢᠨ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ᠂ ᠳᠤᠮᠳᠠᠳᠤ

ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ ᠵᠡᠷᠭᠡ ᠡᠷᠬᠡ ᠰᠦᠷᠲᠦ ᠵᠠᠭᠤᠴᠢᠯᠠᠭᠤᠷ ᠤᠨ ᠬᠢᠨ ᠤᠷᠢᠳ

ᠬᠤᠵᠢᠳ 20 ᠭᠠᠷᠤᠢ ᠤᠳᠠᠭ᠎ᠠ ᠮᠡᠳᠡᠭᠡᠯᠡᠪᠡ᠃

      ᠳᠠᠷᠠᠭ᠎ᠠ ᠠᠯᠬᠤᠮ ᠳᠤ᠂ ᠤᠯᠠᠭᠠᠨᠬᠠᠳᠠ ᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠥᠭᠵᠢᠯᠲᠡ ᠶᠢᠨ ᠰᠢᠨ᠎ᠡ ᠪᠠᠶᠢᠷᠢᠰᠢᠯᠠᠭᠤᠯᠤᠯᠲᠠ ᠳᠤ ᠰᠠᠭᠤᠷᠢᠯᠠᠨ᠂ ᠣᠳᠣ ᠦᠶ᠎ᠡ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ

ᠭᠦᠨᠵᠡᠭᠡᠶᠢᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ  ᠤᠨ ᠬᠠᠮᠲᠤᠷᠠᠯᠴᠠᠭᠠᠨ ᠤ ᠠᠵᠤ ᠦᠢᠯᠡᠳᠪᠦᠷᠢ ᠪᠠ

ᠰᠤᠷᠭᠠᠨ ᠬᠥᠮᠦᠵᠢᠯ ᠢ ᠠᠭᠤᠰᠬᠠᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠡᠷᠬᠢᠯᠡᠵᠦ

ᠰᠤᠷᠭᠠᠭᠤᠯᠢ ᠶᠢ ᠵᠠᠰᠠᠬᠤ ᠴᠢᠳᠠᠪᠤᠷᠢ  ᠶᠢ ᠥᠨᠳᠥᠷ ᠲᠦᠪᠰᠢᠨ ᠳᠤ ᠬᠦᠷᠭᠡᠨ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠯ ᠪᠠ

ᠬᠤᠪᠢ ᠨᠡᠮᠡᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号