ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠭᠤᠣᠯᠯᠠᠭᠴᠢ ᠪᠠᠭᠰᠢ ᠶᠢᠨ ᠪᠣᠯᠪᠠᠰᠤᠷᠠᠯ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/6/26
      ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠠᠭᠰᠢ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠬᠠᠮᠲᠤᠷᠠᠨ ᠪᠦᠬᠦ ᠣᠷᠣᠨ ᠤ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠭᠤᠣᠯᠯᠠᠭᠴᠢ ᠪᠠᠭᠰᠢ ᠶᠢᠨ ᠲᠤᠰᠬᠠᠢ ᠪᠣᠯᠪᠠᠰᠤᠷᠠᠯ ᠢ ᠡᠷᠭᠢᠯᠡᠵᠦ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ170 ᠪᠠᠭᠰᠢ ᠣᠷᠣᠯᠴᠠᠵᠠᠢ᠃   

1.jpg

      ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ᠂ ᠬᠤᠣᠷᠲᠤ ᠡᠳ᠋ ᠤᠨ ᠦᠨᠳᠦᠰᠦᠨ

ᠮᠡᠳᠡᠯᠭᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠷᠲᠤ ᠡᠳ᠋ ᠤᠨ ᠪᠠᠶᠢᠳᠠᠯ ᠤᠨ ᠬᠠᠨᠳᠤᠰᠢ᠂ ᠬᠤᠣᠷᠲᠤ

ᠡᠳ᠋ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠠᠷᠭ᠎ᠠ ᠪᠣᠳᠣᠯᠭ᠎ᠠ ᠵᠢᠴᠢ ᠬᠥᠮᠥᠵᠢᠭᠦᠯᠬᠦ ᠠᠵᠢᠯᠯᠠᠭᠠᠨ ᠤ

ᠲᠥᠯᠥᠪᠯᠡᠭᠡ ᠵᠡᠷᠭᠡ ᠣᠯᠠᠨ ᠲᠠᠯ᠎ᠠ ᠶᠢ ᠬᠠᠮᠤᠷᠴᠠᠢ᠃ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂

ᠪᠣᠯᠪᠠᠰᠤᠷᠠᠯ ᠳᠤ ᠰᠤᠷᠭᠠᠭᠤᠯᠢ ᠶᠢᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠵᠠᠩᠭᠢᠯᠠᠭ᠎ᠠ ᠶᠢᠨ

ᠴᠢᠨᠠᠷ᠂ ᠲᠤᠯᠭᠠᠮ ᠴᠢᠨᠠᠷ ᠪᠠ ᠴᠢᠬᠤᠯᠠ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠪᠠ᠃ ᠠᠳᠠᠯᠢ ᠪᠤᠰᠤ

ᠨᠠᠰᠤᠨ ᠤ ᠵᠠᠯᠠᠭᠤᠴᠤᠳ ᠪᠠᠭᠠᠴᠤᠳ ᠤᠨ ᠰᠡᠳᠬᠢᠴᠡ ᠪᠠ ᠲᠠᠨᠢᠨ ᠮᠡᠳᠡᠬᠦᠢ ᠶᠢᠨ ᠣᠨᠴᠠᠯᠢᠭ ᠲᠤ ᠴᠢᠭᠯᠡᠭᠦᠯᠦᠨ᠂

ᠪᠣᠯᠪᠠᠰᠤᠷᠠᠯ ᠨᠢ ᠪᠠᠰᠠ ᠣᠨᠴᠠᠭᠠᠶᠢᠯᠠᠨ ᠬᠠᠨᠳᠤᠯᠭᠠᠲᠠᠢ ᠵᠢᠯᠣᠭᠤᠳᠴᠤ᠂ ᠪᠣᠯᠪᠠᠰᠤᠷᠠᠯ ᠳᠤ ᠣᠷᠣᠯᠴᠠᠭᠰᠠᠨ ᠪᠠᠭᠰᠢ ᠶᠢ

ᠬᠠᠪᠰᠤᠷᠤᠨ ᠰᠤᠷᠭᠠᠭᠤᠯᠢ ᠶᠢᠨ ᠬᠦᠷᠢᠶᠡᠨ ᠤ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ

ᠬᠥᠮᠦᠵᠢᠯ ᠤᠨ ᠠᠵᠢᠯᠯᠠᠭ᠎ᠠ ᠶᠢ ᠪᠦᠲᠦᠮᠵᠢᠲᠡᠢ ᠲᠥᠯᠦᠪᠯᠡᠵᠦ ᠬᠡᠷᠡᠭᠵᠢᠭᠦᠯᠪᠡ᠃

2.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠵᠠᠯᠠᠭᠤᠴᠤᠳ

ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ᠂

ᠡᠷᠬᠡᠪᠰᠢ ᠪᠦᠬᠦ ᠨᠡᠶᠢᠭᠡᠮ ᠢᠶᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠭᠠᠵᠠᠷ ᠤᠨ ᠡᠯ᠎ᠡ

ᠰᠤᠷᠭᠠᠭᠤᠯᠢ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠬᠤᠣᠷᠲᠤ ᠡᠳ᠋ ᠠᠴᠠ ᠤᠬᠠᠮᠰᠠᠷ ᠠᠴᠠ ᠪᠠᠨ

ᠵᠠᠶᠢᠳᠠᠵᠤ᠂ ᠬᠤᠣᠷᠲᠤ ᠡᠳ᠋ ᠢ ᠡᠷᠡᠰ ᠡᠰᠡᠷᠭᠦᠴᠡᠨ ᠬᠤᠷᠢᠭᠯᠠᠵᠤ᠂ ᠵᠥᠪ ᠥᠷᠲᠡᠭ ᠤᠨ ᠦᠵᠡᠯᠲᠡ ᠪᠠ

ᠠᠮᠢᠳᠤᠷᠠᠬᠤᠢ ᠶᠢᠨ ᠦᠵᠡᠯᠲᠡ ᠶᠢ ᠪᠣᠢ ᠪᠣᠯᠭᠠᠬᠤ ᠬᠡᠷᠡᠭᠲᠡᠢ᠃ ︽ᠲᠠᠪᠤᠨ ᠨᠢᠭᠡ︾ ᠶᠢᠨ ᠬᠤᠣᠷᠲᠤ ᠡᠳ᠋ ᠢ

ᠴᠠᠭᠠᠵᠠᠯᠠᠬᠤ ᠲᠤᠰᠬᠠᠢ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠵᠠᠯᠠᠭᠤ ᠨᠠᠰᠤᠨ ᠤ ᠴᠤᠭᠯᠠᠷᠠᠯ᠂

ᠬᠤᠣᠷᠲᠤ ᠡᠳ᠋ ᠦᠭᠡᠢ ᠤᠮᠠᠷᠠᠲᠤ ᠬᠢᠯᠢ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ

ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ᠃ ᠪᠣᠯᠪᠠᠰᠤᠷᠠᠯ ᠳᠠᠭᠤᠰᠤᠭᠰᠠᠨ ᠤ

ᠳᠠᠷᠠᠭ᠎ᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠳᠠᠷᠤᠢ ᠳᠤ ᠨᠢ ᠬᠥᠳᠡᠯᠦᠯᠴᠡᠵᠦ᠂ ᠰᠣᠷᠣᠭᠰᠠᠨ ᠮᠡᠳᠡᠯᠭᠡ ᠪᠠ

ᠲᠥᠷᠥᠭᠳᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ

ᠰᠡᠳᠬᠢᠯᠭᠡ ᠪᠠ ᠲᠡᠦᠬᠡ ᠶᠢᠨ ᠡᠭᠦᠷᠭᠡᠲᠦ ᠰᠡᠳᠬᠢᠯᠭᠡ ᠪᠠᠷ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ

ᠬᠤᠣᠷᠲᠤ ᠡᠳ᠋ ᠢ ᠰᠡᠷᠭᠡᠶᠢᠯᠡᠬᠦ ᠠᠵᠢᠯ ᠤᠨ ᠰᠢᠨ᠎ᠡ ᠪᠠᠶᠢᠳᠠᠯ ᠢ ᠬᠠᠮᠲᠤ ᠳᠤ ᠪᠠᠨ ᠪᠣᠢ ᠪᠣᠯᠭᠠᠬᠤ ᠬᠡᠷᠡᠭᠲᠡᠢ ᠭᠡᠵᠦ

ᠴᠢᠬᠤᠯᠠᠴᠢᠯᠠᠪᠠ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号