ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠦᠬᠠᠢ ᠬᠤᠲᠠ
ᠨᠡᠶᠢᠲᠡᠯᠡᠭᠰᠡᠨ ᠴᠠᠭ᠄
2024/6/27
      ᠣᠶᠢᠷ᠎ᠠ ᠳᠤ᠂ ᠦᠬᠠᠢ ᠬᠤᠲᠠ ᠶᠢᠨ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠦᠬᠠᠢ ᠬᠤᠲᠠ ᠳᠤ ᠶᠠᠪᠤᠭᠳᠠᠭᠤᠯᠪᠠ᠃      ᠡᠨᠡ ᠤᠳᠠᠭᠠᠨ ᠤ ᠠᠵᠢᠯᠯᠠᠭ᠎ᠠ ︽ᠭᠠᠷ ᠤᠨ ᠡᠷᠳᠡᠮ᠂ ᠨᠠᠰᠤᠨ ᠤ ᠲᠦᠰᠢᠭ︾᠎ ᠪᠠᠷ ᠭᠤᠣᠯ ᠰᠡᠳᠦᠪ ᠪᠣᠯᠭᠠᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠬᠠᠢ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ᠂ ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡᠲᠦ ᠡᠳᠦᠷ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ᠂ ᠦᠬᠠᠢ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠣᠯᠠᠨ ᠬᠡᠯᠪᠡᠷᠢ ᠮᠠᠶ᠋ᠢᠭ ᠤᠨ᠂ ᠡᠯᠪᠡᠭ ᠪᠠᠶᠠᠯᠢᠭ ᠠᠭᠤᠯᠭ᠎ᠠ ᠪᠥᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠨ ᠲᠤᠷᠰᠢᠬᠢ ᠦᠬᠠᠢ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠭᠤᠨ ᠢᠶᠠᠷ ᠬᠥᠭᠵᠢᠵᠦ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠣᠯᠠᠨ ᠳᠡᠰ ᠳᠠᠪᠬᠤᠷᠭ᠎ᠠ ᠣᠯᠠᠨ ᠬᠠᠷᠠᠭᠠᠰᠤ ᠠᠴᠠ ᠳᠡᠯᠭᠡᠨ ᠦᠵᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠠ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠬᠦᠴᠦᠨ ᠴᠢᠳᠠᠯ ᠢ ᠡᠷᠭᠦᠪᠡ᠃   

1.webp.png

      ᠣᠶᠢᠷ᠎ᠠ ᠶᠢᠨ ᠵᠢᠯ᠂ ᠦᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ ᠬᠦᠴᠦᠲᠡᠢ ᠳᠡᠮᠵᠢᠵᠦ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ

ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃

      ᠲᠤᠯᠭᠠᠭᠤᠷᠢᠯᠠᠯ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ︽ᠤᠷᠠᠨ ᠳᠠᠷᠬᠠᠨ︾᠎ ᠢ

ᠬᠦᠴᠦᠯᠡᠨ ᠪᠣᠶᠢᠵᠢᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠎ ᠤᠨ ᠪᠡᠯᠡ ᠣᠷᠣᠭᠤᠯᠤᠯᠲᠠ ᠶᠢᠨ ᠡᠷᠴᠢᠮ ᠢ

ᠲᠠᠰᠤᠷᠠᠯᠲᠠ ᠥᠬᠡᠶ ᠴᠢᠩᠭᠠᠷᠠᠭᠤᠯᠵᠤ᠂ ᠬᠤᠲᠠ ᠎ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠯᠲᠠ ᠶᠢ

ᠴᠢᠩᠭᠠᠳᠬᠠᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠬᠤ ᠶᠢᠨ ᠲᠥᠯᠦᠭᠡ᠂ 5600

ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠨ ᠬᠤᠪᠢᠶᠠᠷᠢ ᠰᠤᠷᠭᠠᠭᠤᠯᠢ ᠶᠢᠨ ᠲᠣᠭᠤᠷᠢᠭ ᠤᠨ

ᠥᠭᠡᠷᠡᠴᠢᠯᠡᠯᠲᠡ ᠳᠤ ᠬᠡᠷᠡᠭᠯᠡᠬᠦ ᠪᠠᠷ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠰᠤᠷᠭᠠᠭᠤᠯᠢ ᠡᠷᠬᠢᠯᠡᠬᠦ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠂ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ

ᠤᠷᠢᠳ ᠬᠤᠵᠢᠳ ᠤᠯᠤᠰ ᠤᠨ ᠳᠡᠰ ᠤᠨ ᠭᠤᠣᠯᠳᠠᠯᠭ᠎ᠠ ᠲᠠᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ᠂ ᠤᠯᠤᠰ ᠤᠨ ᠳᠡᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠬᠥᠭᠵᠢᠭᠦᠯᠦᠯᠲᠡ ᠶᠢᠨ ᠳᠠᠭᠤᠷᠢᠶᠠᠯ ᠦᠵᠡᠭᠦᠯᠬᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ

ᠳᠡᠰ ᠤᠨ ︽ᠬᠤᠣᠰ ᠰᠢᠯᠢᠳᠡᠭ︾ ᠪᠦᠲᠦᠭᠡᠨ ᠪᠠᠶᠢᠭᠤᠯᠤᠯᠲᠠ ᠶᠢᠨ ᠬᠤᠣᠰ A ᠳᠡᠰ ᠢᠶᠠᠷ ᠦᠨᠡᠯᠡᠭᠳᠡᠪᠡ᠃ ᠰᠣᠶᠣᠯ ᠤᠨ

ᠬᠢᠴᠢᠶᠡᠯ ᠪᠣᠯᠤᠨ ᠲᠤᠰᠬᠠᠢ ᠮᠡᠷᠭᠡᠵᠢᠯ ᠤᠨ ᠬᠢᠴᠢᠶᠡᠯ ᠢ ᠵᠡᠷᠭᠡ ᠪᠠᠷ ᠴᠢᠬᠤᠯᠠᠴᠢᠯᠠᠬᠤ᠂ ᠰᠤᠷᠭᠠᠭᠤᠯᠢ ᠎ ᠶᠢᠨ ᠵᠢᠭᠠᠨ

ᠰᠤᠷᠭᠠᠯᠲᠠ ᠪᠣᠯᠤᠨ ᠭᠠᠳᠠᠭᠰᠢ ᠭᠠᠷᠴᠤ ᠳᠠᠳᠤᠯᠭ᠎ᠠ ᠬᠢᠬᠦ ᠶᠢ ᠵᠡᠷᠭᠡ ᠪᠠᠷ ᠴᠢᠬᠤᠯᠠᠴᠢᠯᠠᠬᠤ᠂ ᠳᠠᠳᠤᠯᠭ᠎ᠠ ᠪᠣᠯᠪᠠᠰᠤᠷᠠᠯ

ᠪᠣᠯᠤᠨ ᠤᠷᠤᠯᠳᠤᠭᠠᠨ ᠳᠤ ᠣᠷᠣᠯᠴᠠᠬᠤ ᠶᠢ ᠵᠡᠷᠭᠡ ᠳᠤ ᠎ ᠨᠢ ᠶᠠᠪᠤᠭᠳᠠᠭᠤᠯᠬᠤ ᠵᠢᠭᠠᠨ ᠰᠤᠷᠭᠠᠯᠲᠠ ᠶᠢᠨ ᠵᠠᠭᠪᠤᠷ ᠢ

ᠢᠮᠠᠭᠲᠠ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠬᠢᠴᠢᠶᠡᠯ ᠳᠠᠬᠢ ᠪᠣᠳᠠᠲᠠᠢ ᠪᠣᠯᠪᠠᠰᠤᠷᠠᠯ ᠤᠨ ᠬᠢᠴᠢᠶᠡᠯ ᠤᠨ

ᠡᠵᠡᠯᠡᠬᠦ ᠬᠠᠷᠢᠴᠠᠯ 60 %᠎ ᠶᠢ ᠳᠠᠪᠠᠵᠤ᠂ ᠮᠡᠷᠭᠡᠵᠢᠯ ᠤᠨ ᠤᠷᠤᠯᠳᠤᠭᠠᠨ ᠤ ᠪᠣᠯᠪᠠᠰᠤᠷᠠᠯ ᠪᠠ ᠤᠷᠤᠯᠳᠤᠭᠠᠨ ᠤ

ᠳᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠣᠶᠢᠷ᠎ᠠ ᠶᠢᠨ 5 ᠵᠢᠯ ᠤᠨ ᠲᠤᠷᠰᠢ᠂ ᠪᠦᠬᠦ ᠤᠯᠤᠰ ᠤᠨ

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠎ ᠳᠤ ᠨᠢᠭᠡᠳᠦᠭᠡᠷ ᠳᠡᠰ ᠤᠨ ᠱᠠᠩᠨᠠᠯ

1᠂ ᠬᠤᠶᠠᠳᠤᠭᠠᠷ ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 4᠎ ᠶᠢ ᠭᠥᠷᠳᠡᠪᠡ᠃ ᠥᠪᠡᠷᠲᠡᠭᠡᠨ ᠵᠠᠰᠠᠬᠤ

ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠤᠷ᠎ᠠ ᠴᠢᠳᠠᠪᠤᠷᠢ ᠶᠢᠨ

ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ 18᠂ ᠬᠤᠶᠠᠳᠤᠭᠠᠷ ᠳᠡᠰ ᠤᠨ ᠱᠠᠩᠨᠠᠯ 51᠂ ᠭᠤᠷᠪᠠᠳᠤᠭᠠᠷ

ᠳᠡᠰ ᠤᠨ ᠱᠠᠩᠨᠠᠯ 90 ᠬᠦᠷᠲᠡᠪᠡ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠵᠢᠴᠢ ᠥᠪᠡᠷᠲᠡᠭᠡᠨ ᠵᠠᠰᠠᠬᠤ

ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠵᠠᠯᠭᠠᠭ᠎ᠠ ᠪᠠᠷ

ᠰᠢᠯᠢᠳᠡᠭ ᠬᠢᠷᠢ ᠪᠦᠲᠦᠮᠵᠢ ᠣᠯᠪᠠ᠃

   

2.webp.png

 

      ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠴᠢᠬᠤᠯᠠᠴᠢᠯᠠᠵᠤ᠂ ᠠᠭᠤᠰᠤᠯᠴᠠᠭ᠎ᠠ ᠶᠢ ᠠᠬᠢᠭᠤᠯᠤᠨ᠂

ᠬᠠᠮᠵᠢᠯᠴᠠᠨ ᠬᠥᠮᠦᠨ ᠬᠥᠮᠦᠵᠢᠭᠦᠯᠬᠦ ᠲᠠᠪᠴᠠᠩ ᠢ ᠰᠠᠶᠢᠲᠤᠷ ᠪᠠᠶᠢᠭᠤᠯᠪᠠ᠃ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠬᠤ ᠬᠡᠯᠪᠡᠷᠢ ᠶᠢᠨ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠎ ᠤᠨ ᠬᠥᠭᠵᠢᠯᠲᠡ ᠶᠢᠨ ᠬᠤᠯᠪᠣᠭ᠎ᠠ ᠶᠢ ᠪᠠᠶᠢᠭᠤᠯᠤᠨ᠂ ᠪᠦᠬᠦ ᠬᠤᠲᠠ ᠶᠢᠨ

ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠴᠢᠩᠭ᠎ᠠ ᠠᠩᠬᠠᠷᠴᠤ᠂ ᠰᠤᠷᠭᠠᠭᠤᠯᠢ ᠪᠠ ᠠᠵᠤ ᠠᠬᠤᠶᠢᠯᠠᠯ 

᠎ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠢ ᠡᠭᠦᠳᠴᠦ᠂ ᠵᠠᠰᠠᠭ ᠤᠨ ᠣᠷᠳᠣᠨ᠂ ᠰᠤᠷᠭᠠᠭᠤᠯᠢ᠂ ᠠᠵᠤ

ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ 

ᠦᠢᠯᠡᠳᠪᠦᠷᠢ ᠪᠠ ᠰᠤᠷᠭᠠᠨ ᠬᠥᠮᠦᠵᠢᠯ ᠎ ᠢ ᠠᠭᠤᠰᠬᠠᠬᠤ ᠦᠢᠯᠡᠳᠦᠯᠭᠡ ᠶᠢᠨ ᠲᠥᠪ ᠢ 4 ᠪᠠᠶᠢᠭᠤᠯᠪᠠ᠃ ᠳᠤᠮᠳᠠ ᠪᠠ

ᠳᠡᠭᠡᠳᠦ ᠵᠡᠷᠭᠡ ᠎ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠮᠦᠵᠢᠭᠦᠯᠬᠦ ᠲᠠᠪᠴᠠᠩ ᠢ ᠨᠡᠪᠲᠡᠷᠡᠭᠦᠯᠵᠦ᠂

ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ 4 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠨᠠᠢᠮᠠᠨ ︽3+2︾ ᠲᠤᠰᠬᠠᠢ ᠮᠡᠷᠭᠡᠵᠢᠯ ᠤᠨ ᠬᠠᠮᠲᠤᠷᠠᠯᠴᠠᠭ᠎ᠠ ᠶᠢ ᠪᠠᠶᠢᠭᠤᠯᠪᠠ᠃ ᠰᠤᠷᠭᠠᠭᠤᠯᠢ ᠪᠠ

ᠠᠵᠤ ᠠᠬᠤᠶᠢᠯᠠᠯ ᠤᠨ ︽ᠬᠤᠣᠰ ᠭᠤᠣᠯ ᠴᠣᠭᠴᠠ︾᠎ ᠶᠢᠨ ᠬᠥᠮᠦᠨ ᠬᠥᠮᠦᠵᠢᠭᠦᠯᠬᠦ ᠶᠢ ᠭᠦᠢᠴᠡᠳ ᠪᠠᠳᠠᠷᠠᠭᠤᠯᠵᠤ᠂

︽ᠠᠵᠤ ᠠᠬᠤᠶᠢᠯᠠᠯ ᠪᠠ ᠰᠤᠷᠭᠠᠭᠤᠯᠢ ᠶᠢ ᠤᠶᠠᠯᠳᠤᠭᠤᠯᠬᠤ︾᠂ ︽ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠬᠤ︾ ᠵᠠᠬᠢᠶᠠᠯᠠᠭ᠎ᠠ ᠶᠢᠨ ᠬᠡᠯᠪᠡᠷᠢ ᠶᠢᠨ ᠬᠥᠮᠦᠵᠢᠭᠦᠯᠬᠦ ᠵᠠᠭᠪᠤᠷ ᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂

ᠦᠬᠠᠢ ᠬᠤᠲᠠ ᠵᠢᠴᠢ ᠡᠷᠭᠢᠨ ᠲᠣᠭᠤᠷᠢᠨ ᠤ 24 ᠠᠵᠤ ᠠᠬᠤᠶᠢᠯᠠᠯ ᠯᠤᠭ᠎ᠠ ᠨᠠᠶᠢᠳᠠᠨ ᠬᠥᠮᠦᠵᠢᠭᠦᠯᠬᠦ

ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠢᠯ ᠳᠤ ᠵᠠᠬᠢᠶᠠᠯᠠᠭ᠎ᠠ ᠪᠠᠷ ᠰᠤᠷᠤᠭᠴᠢ ᠡᠯᠰᠡᠬᠦ ᠬᠥᠮᠦᠨ ᠎ ᠤ ᠲᠤᠭ᠎ᠠ

ᠲᠤᠬᠠᠢ ᠶᠢᠨ ᠵᠢᠯ ᠤᠨ ᠰᠤᠷᠤᠭᠴᠢ ᠡᠯᠰᠡᠬᠦ ᠪᠦᠬᠦ ᠬᠥᠮᠦᠨ ᠤ ᠲᠤᠭ᠎ᠠ ᠶᠢᠨ 70% ᠎ ᠶᠢ ᠡᠵᠡᠯᠡᠪᠡ᠃ ᠠᠵᠢᠯ

ᠮᠡᠷᠭᠡᠵᠢᠯ ᠤᠨ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠬᠠᠢ ᠬᠤᠲᠠ ᠵᠢᠴᠢ

ᠡᠷᠭᠢᠨ ᠲᠣᠭᠤᠷᠢᠨ ᠤ ᠭᠠᠵᠠᠷ ᠣᠷᠣᠨ ᠳᠤ ᠠᠵᠢᠯᠯᠠᠵᠤ ᠪᠠᠶᠢᠭ᠎ᠠ ᠠᠵᠢᠯᠲᠠᠨ᠂ ᠠᠵᠢᠯ ᠤᠨ ᠠᠮᠠᠷᠠᠯᠲᠠ ᠪᠠᠨ ᠠᠪᠤᠭᠰᠠᠨ

ᠪᠤᠶᠤ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠨᠡᠶᠢᠭᠡᠮ ᠤᠨ ᠬᠠᠮᠲᠤᠯᠢᠭ ᠲᠤ ᠬᠠᠨᠳᠤᠭᠤᠯᠤᠨ

ᠠᠵᠢᠯ ᠮᠡᠷᠭᠡᠵᠢᠯ ᠤᠨ ᠪᠣᠯᠪᠠᠰᠤᠷᠠᠯ ᠪᠠ  ᠦᠷᠭᠦᠯᠵᠢᠯᠡᠯ ᠰᠤᠷᠭᠠᠨ ᠬᠥᠮᠦᠵᠢᠯ ᠢ ᠥᠷᠨᠢᠭᠦᠯᠵᠦ᠂ ᠵᠢᠯ ᠳᠤ 8000

ᠭᠠᠷᠤᠢ ᠬᠥᠮᠦᠨ ᠤᠳᠠᠭ᠎ᠠ ᠪᠣᠯᠪᠠᠰᠤᠷᠠᠭᠤᠯᠪᠠ᠃

   

3.webp.png

      ᠥᠭᠡᠷᠡᠴᠢᠯᠡᠯᠲᠡ ᠶᠢ ᠠᠬᠢᠭᠤᠯᠵᠤ᠂ ᠪᠠᠭᠰᠢ ᠶᠢ ᠬᠦᠴᠦᠷᠬᠡᠭᠵᠢᠭᠦᠯᠵᠦ᠂ ᠰᠢᠯᠢᠳᠡᠭ ᠰᠠᠶᠢᠨ ᠴᠢᠳᠠᠪᠤᠷᠢᠲᠠᠨ

ᠬᠥᠮᠦᠵᠢᠭᠦᠯᠬᠦ ᠣᠷᠴᠢᠨ ᠢ ᠪᠤᠢ ᠪᠣᠯᠭᠠᠪᠠ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ

ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠠᠢ ᠬᠠᠷᠢᠯᠴᠠᠨ ᠵᠣᠬᠢᠴᠠᠭᠤᠯᠬᠤ ᠶᠢ

ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ᠲᠤᠰᠬᠠᠢ ᠮᠡᠷᠭᠡᠵᠢᠯ ᠤᠨ ᠪᠦᠲᠦᠴᠡ ᠶᠢ ᠦᠷᠭᠦᠯᠵᠢᠯᠡᠨ

ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠪᠣᠯᠤᠨ ᠠᠵᠤ ᠦᠢᠯᠡᠰ ᠤᠨ ᠵᠣᠬᠢᠴᠠᠯᠳᠤᠬᠤ ᠬᠡᠮᠵᠢᠶ᠎ᠡ ᠶᠢ ᠤᠯᠠᠮ ᠨᠢᠭᠡ

ᠠᠯᠬᠤᠮ ᠳᠡᠭᠡᠭᠰᠢᠯᠡᠭᠦᠯᠪᠡ᠃ ᠣᠳᠣ ᠪᠣᠯᠲᠠᠯ᠎ᠠ᠂ ᠣᠷᠣᠨ ᠨᠤᠲᠤᠭ ᠤᠨ ᠭᠤᠣᠯᠳᠠᠯᠭ᠎ᠠ ᠲᠠᠢ ᠠᠵᠤ ᠦᠢᠯᠡᠰ ᠤᠨ

ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠠᠷᠢᠴᠠᠯ 65%᠎ ᠳᠤ ᠬᠦᠷᠴᠡᠢ᠃ ︽ᠬᠤᠣᠰ ᠬᠡᠯᠪᠡᠷᠢ︾᠎ ᠶᠢᠨ

ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠳᠣᠭᠲᠠᠯᠴᠠᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂

︽ᠵᠠᠯᠠᠭᠤ ᠪᠠᠭᠰᠢ - ᠭᠤᠣᠯᠯᠠᠭᠴᠢ ᠪᠠᠭᠰᠢ - ᠲᠤᠰᠬᠠᠢ ᠮᠡᠷᠭᠡᠵᠢᠯ ᠤᠨ ᠳᠠᠭᠠᠭᠤᠯᠤᠭᠴᠢ - ᠵᠢᠭᠠᠨ ᠰᠤᠷᠭᠠᠯᠲᠠ ᠶᠢᠨ

ᠨᠡᠷᠡᠲᠦ ᠪᠠᠭᠰᠢ︾᠎ ᠶᠢᠨ ᠱᠠᠲᠤᠯᠢᠭ ᠬᠥᠮᠥᠵᠢᠭᠦᠯᠬᠦ ᠵᠠᠮ ᠢ ᠨᠡᠪᠲᠡᠷᠡᠭᠦᠯᠵᠦ᠂ ᠲᠤᠰᠬᠠᠢ ᠮᠡᠷᠭᠡᠵᠢᠯ ᠤᠨ ᠬᠢᠴᠢᠶᠡᠯ ᠤᠨ

ᠪᠠᠭᠰᠢ ᠶᠢᠨ ᠳᠣᠲᠤᠷ᠎ᠠ ︽ᠬᠤᠣᠰ ᠬᠡᠯᠪᠡᠷᠢ︾᠎ ᠶᠢᠨ ᠪᠠᠭᠰᠢ ᠶᠢᠨ ᠡᠵᠡᠯᠡᠬᠦ ᠬᠠᠷᠢᠴᠠᠯ 65.45% ᠬᠦᠷᠪᠡ᠃ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢ ᠠᠵᠤ ᠠᠬᠤᠶᠢᠯᠠᠯ ᠎ ᠳᠤ ᠣᠴᠢᠭᠤᠯᠤᠨ ᠦᠢᠯᠡᠳᠦᠯᠭᠡ ᠳᠤ

ᠣᠷᠣᠯᠴᠠᠭᠤᠯᠬᠤ ᠳᠦᠷᠢᠮ ᠪᠠ ︽ᠠᠶᠢᠯᠴᠢᠯᠠᠬᠤ ᠢᠨᠵᠧᠨᠧᠷ︾᠎ ᠢ ᠰᠤᠷᠭᠠᠭᠤᠯᠢ ᠳᠤ ᠣᠴᠢᠭᠤᠯᠤᠨ ᠳᠠᠪᠲᠠᠨ

ᠪᠣᠯᠪᠠᠰᠤᠷᠠᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠬᠤᠲᠠ ᠳᠤ ᠪᠠᠭᠰᠢ ᠠᠵᠤ ᠠᠬᠤᠶᠢᠯᠠᠯ

ᠦᠢᠯᠡᠳᠦᠯᠭᠡ ᠶᠢᠨ ᠨᠡᠭᠦᠳᠡᠯ ᠥᠷᠲᠡᠭᠡ 16᠂ ᠬᠤᠣᠰ ᠬᠡᠯᠪᠡᠷᠢ ᠶᠢᠨ ᠪᠠᠭᠰᠢ ᠶᠢ ᠬᠥᠮᠦᠵᠢᠭᠦᠯᠬᠦ ᠰᠠᠭᠤᠷᠢᠨ ᠭᠠᠵᠠᠷ

9᠎ ᠶᠢ ᠪᠠᠶᠢᠭᠤᠯᠪᠠ᠃

   

4.webp.png

      ᠳᠠᠷᠠᠭ᠎ᠠ ᠠᠯᠬᠤᠮ ᠳᠤ᠂ ᠦᠬᠠᠢ ᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠣᠳᠣᠬᠢᠴᠢᠯᠠᠯᠲᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ

ᠠᠭᠤᠰᠬᠠᠬᠤ ᠬᠡᠯᠪᠡᠷᠢ ᠶᠢᠨ ᠬᠤᠲᠠ ᠶᠢ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠪᠠᠷ ᠠᠷᠭ᠎ᠠ ᠵᠠᠮ

ᠪᠣᠯᠭᠠᠨ᠂ ︽ᠬᠤᠲᠠ᠂ ᠲᠣᠭᠤᠷᠢᠭ᠂ ᠬᠦᠷᠢᠶᠡᠯᠡᠩ᠂ ᠰᠤᠷᠭᠠᠭᠤᠯᠢ︾᠎ ᠶᠢ ᠨᠢᠭᠡ ᠴᠣᠭᠴᠠᠵᠢᠭᠤᠯᠬᠤ᠂ ︽ᠦᠢᠯᠡᠳᠪᠦᠷᠢᠯᠡᠬᠦ᠂

ᠰᠤᠷᠤᠯᠴᠠᠬᠤ᠂ ᠰᠤᠳᠤᠯᠬᠤ᠂ ᠬᠡᠷᠡᠭᠯᠡᠬᠦ︾᠎ ᠶᠢ ᠬᠡᠯᠬᠢᠶᠡᠵᠢᠭᠦᠯᠦᠨ ᠠᠬᠢᠭᠤᠯᠬᠤ ᠣᠨᠣᠯᠵᠢᠬᠤᠨ ᠤ ᠰᠡᠳᠬᠢᠮᠵᠢ ᠶᠣᠰᠣᠭᠠᠷ

ᠠᠵᠢᠯ ᠣᠯᠭᠤᠯᠲᠠ ᠶᠢ ᠠᠬᠢᠭᠤᠯᠬᠤ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ

ᠵᠣᠬᠢᠴᠠᠬᠤ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠵᠣᠬᠢᠴᠠᠬᠤ ᠴᠢᠨᠠᠷ ᠪᠠ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠰᠤᠷᠤᠭᠴᠢᠳ ᠤᠨ ᠦᠰᠦᠨ ᠪᠤᠶᠢᠵᠢᠵᠤ

ᠴᠢᠳᠠᠪᠤᠷᠢᠲᠠᠨ ᠪᠣᠯᠬᠤ᠂ ᠰᠤᠷᠭᠠᠭᠤᠯᠢ ᠳᠠᠪᠰᠢᠵᠤ ᠠᠵᠢᠯ ᠣᠯᠬᠤ ᠳᠤ ᠥᠷᠭᠡᠨ ᠬᠡᠪᠴᠢᠶᠡᠨ ᠤ ᠲᠠᠪᠴᠠᠩ ᠪᠠᠶᠢᠭᠤᠯᠵᠤ᠂

ᠣᠷᠣᠨ ᠨᠤᠲᠤᠭ ᠎ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠨᠠᠷᠯᠢᠭ ᠴᠢᠳᠠᠪᠤᠷᠢᠲᠠᠨ ᠤ ᠡᠬᠢ

ᠪᠠᠶᠠᠯᠢᠭ ᠤᠨ ᠲᠤᠯᠭᠠᠭᠤᠷᠢᠯᠠᠯ ᠢ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号