ᠰᠤᠷᠪᠤᠯᠵᠢᠯᠠᠬᠴᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ︽ᠠᠷᠪᠠᠨ ᠲᠦᠮᠡᠨ ᠣᠶᠤᠲᠠᠨ ᠢ | ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢ ᠡᠬᠢᠯᠡᠭᠦᠯᠦᠭᠰᠡᠨ ᠠᠴᠠ ᠨᠠᠭᠠᠰᠢ ᠭᠦᠭᠡᠬᠤᠲᠠ ᠶᠢᠨ ᠬᠢᠨ ︽ᠬᠥᠮᠥᠨ ᠢ | ᠲᠠᠲᠠᠵᠤ ᠭᠦᠭᠡᠬᠤᠲᠠ ᠳᠤ ᠨᠤᠲᠤᠭᠰᠢᠭᠤᠯᠬᠤ᠂ ᠴᠢᠳᠠᠪᠤᠷᠢᠲᠠᠨ ᠢ ᠴᠤᠭᠯᠠᠷᠠᠭᠤᠯᠵᠤ ᠠᠵᠢᠯ ᠦᠢᠯᠡᠰ ᠢᠶᠠᠨ | ᠬᠥᠭᠵᠢᠭᠦᠯᠬᠦ︾ ᠪᠠᠷ ᠤᠳᠤᠷᠢᠳᠤᠮᠵᠢ ᠪᠤᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ | ᠦᠢᠯᠡᠴᠢᠯᠡᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠣᠶᠤᠲᠠᠳ ᠤᠨ ᠭᠦᠭᠡᠬᠤᠲᠠ ᠳᠤ ᠦᠯᠡᠳᠡᠵᠦ | ᠠᠵᠢᠯ ᠣᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ 5 | ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠬᠤᠲᠠ 10.02 ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠨ | ᠠᠵᠢᠯ ᠣᠯᠭᠤᠵᠤ᠂ ᠭᠤᠷᠪᠠᠨ ᠵᠢᠯ ᠤᠨ ︽ᠠᠷᠪᠠᠨ ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠬᠦ︾ ᠬᠠᠷᠠᠯᠲᠠ | ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ | ᠡᠨᠡ ᠵᠢᠯ ᠠᠴᠠ ᠨᠠᠭᠠᠰᠢ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾᠂ ︽ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠᠷ ᠠᠵᠢᠯ ᠣᠯᠭᠤᠯᠲᠠ ᠶᠢ ᠠᠬᠢᠭᠤᠯᠬᠤ︾᠂ ︽ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾᠂ ︽ᠭᠦᠭᠡᠬᠤᠲᠠ ᠪᠤᠭᠤᠲᠤ ᠬᠤᠶᠠᠷ ᠬᠤᠳᠠ ᠶᠢ ᠨᠢᠭᠡᠳᠦᠯᠲᠡᠢ ᠲᠥᠯᠥᠪᠵᠢᠭᠦᠯᠦᠨ ᠣᠶᠤᠲᠠᠳ ᠲᠤ | ᠠᠵᠢᠯ ᠣᠯᠭᠤᠵᠤ ᠡᠯᠰᠡᠨ ᠬᠡᠷᠡᠭᠯᠡᠬᠦ ᠶᠢ ᠬᠥᠭᠵᠢᠭᠦᠯᠬᠦ︾ ᠵᠡᠷᠭᠡ ᠰᠢᠷᠢᠰ ᠠᠵᠢᠯᠯᠠᠭ᠎ᠠ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠᠷ ᠳᠠᠮᠵᠢᠨ᠂ ᠵᠠᠬ᠎ᠠ ᠳᠡᠯᠭᠡᠭᠦᠷ ᠤᠨ ᠠᠵᠢᠯ ᠣᠯᠭᠤᠯᠲᠠ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ | ᠬᠠᠪᠰᠤᠷᠤᠨ ᠲᠡᠳᠬᠦᠵᠦ ᠠᠵᠢᠯ ᠣᠯᠭᠤᠬᠤ ︽ᠬᠤᠣᠰ ᠴᠢᠭᠯᠡᠯ︾ ᠢᠶᠠᠷ ᠬᠦᠴᠦᠯᠡᠵᠦ᠂ ᠠᠷᠭ᠎ᠠ ᠪᠦᠭᠦᠨ ᠢ | ᠰᠦᠪᠡᠭᠴᠢᠯᠡᠨ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠠᠷᠭ᠎ᠠ ᠵᠠᠮ ᠢ ᠥᠷᠭᠡᠳᠬᠡᠪᠡ᠃ | ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠤᠨ ᠪᠠᠶᠢᠷᠢ ᠶᠢᠨ ᠳᠠᠯᠳᠠ | ᠬᠦᠴᠦᠨ ᠢ ᠠᠭᠤᠳᠠᠯᠬᠤ︾ ᠪᠠᠨ ᠴᠢᠩᠭᠠᠳᠬᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠠᠵᠤ ᠦᠢᠯᠡᠰ ᠤᠨ ᠠᠵᠢᠯ ᠤᠨ ᠪᠠᠶᠢᠷᠢ ᠶᠢ | ᠥᠷᠭᠡᠳᠬᠡᠬᠦ︾ ᠠᠵᠢᠯᠯᠠᠭ᠎ᠠ ᠥᠷᠨᠢᠭᠦᠯᠵᠦ᠂ 1 ᠠᠴᠠ 5 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 38 ᠰᠢᠨ᠎ᠡ ᠪᠠᠷ ᠨᠡᠮᠡᠭᠳᠡᠭᠦᠯᠵᠦ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 74 ᠰᠢᠨ᠎ᠡ ᠪᠠᠷ ᠣᠷᠣᠭᠤᠯᠤᠨ ᠠᠪᠴᠢᠷᠠᠵᠤ᠂ ᠲᠦᠮᠡ ᠭᠠᠷᠤᠢ ᠠᠵᠢᠯ ᠤᠨ | ᠪᠠᠶᠢᠷᠢ ᠶᠢ ᠳᠠᠶᠢᠴᠢᠯᠠᠨ ᠰᠢᠨ᠎ᠡ ᠪᠠᠷ ᠨᠡᠮᠡᠭᠳᠡᠭᠦᠯᠪᠡ︔ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ | ᠡᠷᠢᠬᠦ︾ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠶᠢᠲᠡ | 36 ᠲᠦᠮᠡ ᠤᠳᠠᠭ᠎ᠠ ᠬᠠᠩᠭᠠᠪᠠ︔ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤᠷᠢᠬᠤ ᠪᠠ ᠠᠵᠢᠯᠲᠠᠨ | ᠡᠯᠰᠡᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠴᠢᠳᠠᠪᠤᠷᠢᠲᠠᠨ ᠤᠷᠢᠬᠤ ᠪᠠ ᠢᠯᠡ ᠪᠠᠷ ᠠᠵᠢᠯᠲᠠᠨ ᠡᠯᠰᠡᠨ | ᠬᠡᠷᠡᠭᠯᠡᠬᠦ ᠲᠥᠯᠥᠪᠯᠡᠭᠡ ᠶᠢᠨ ᠠᠵᠢᠯ ᠤᠨ ᠪᠠᠶᠢᠷᠢ ᠶᠢ 3100 ᠶᠢ ᠨᠡᠶᠢᠲᠡᠯᠡᠪᠡ᠃ | ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠬᠤ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠨᠠᠷᠢᠯᠢᠭ ᠤᠨᠤᠪᠴᠢᠳᠠᠢ | ᠵᠣᠯᠭᠠᠭᠤᠯᠬᠤ︾ ᠶᠢ ᠴᠢᠩᠭᠠᠳᠬᠠᠵᠤ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠬᠤᠯᠪᠤᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠭᠠᠭᠤᠯᠢ ᠠᠵᠤ ᠠᠬᠤᠶᠢᠯᠠᠯ ᠢ ᠤᠨᠢᠨ ᠳᠡᠭᠡᠷ᠎ᠡ ᠨᠢ ᠵᠣᠯᠭᠠᠭᠤᠯᠬᠤ | ᠲᠠᠪᠴᠠᠩ ᠢ ᠪᠠᠶᠢᠭᠤᠯᠵᠤ᠂ 1 ᠠᠴᠠ 5 ᠰᠠᠷ᠎ᠠ ᠳᠤ ᠬᠤᠲᠠ᠂ ᠲᠣᠭᠤᠷᠢᠭ ᠬᠤᠶᠠᠷ ᠱᠠᠲᠤᠨ ᠤ ᠠᠵᠢᠯ | ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠰᠦᠯᠵᠢᠶᠡᠨ ᠳᠡᠭᠡᠷᠡᠬᠢ ᠪᠠ ᠠᠬᠤᠢ | ᠲᠠᠯᠠᠪᠠᠢ ᠳᠠᠬᠢ ᠡᠯ᠎ᠡ ᠲᠥᠷᠥᠯ ᠤᠨ ᠠᠵᠢᠯᠲᠠᠨ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 81 ᠤᠳᠠᠭ᠎ᠠ | ᠡᠷᠭᠢᠯᠡᠵᠦ᠂ 11.53 ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠵᠤ᠂ 4.22 ᠲᠦᠮᠡᠨ ᠬᠥᠮᠥᠨ ᠤᠳᠠᠭ᠎ᠠ | ᠠᠵᠢᠯ ᠣᠯᠭᠤᠬᠤ ᠰᠠᠨᠠᠮᠵᠢ ᠲᠤᠭᠢᠷᠠᠯᠴᠠᠪᠠ︔ ᠤᠷᠢᠳ ᠬᠤᠵᠢᠳ 611 ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠡᠷᠭᠢᠯᠡᠵᠤ᠂ | 2.12 ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠪᠠ︔ ᠭᠦᠭᠡᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ | ᠪᠠᠶᠢᠷᠢ ᠲᠠᠨᠢᠯᠴᠠᠭᠤᠯᠬᠤ ᠰᠠᠭᠤᠷᠢᠨ ᠳᠤ ᠲᠦᠰᠢᠭᠯᠡᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ | ᠪᠠᠶᠢᠷᠢ ᠲᠠᠨᠢᠯᠴᠠᠭᠤᠯᠬᠤ ᠠᠵᠢᠯᠯᠠᠭ᠎ᠠ ᠶᠢ 246 ᠲᠠᠯᠠᠪᠠᠢ ᠥᠷᠨᠢᠭᠦᠯᠵᠦ᠂ 4.8 ᠲᠦᠮᠡᠨ ᠠᠵᠢᠯ ᠤᠨ ᠪᠠᠶᠢᠷᠢ | ᠬᠠᠩᠭᠠᠪᠠ᠃ | ᠡᠭᠦᠨ ᠠᠴᠠ ᠭᠠᠳᠠᠨ᠎ᠠ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠪᠠᠰᠠ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠣᠶᠤᠲᠠᠳ ᠤᠨ ᠭᠦᠭᠡᠬᠤᠲᠠ ᠳᠤ ᠦᠯᠡᠳᠡᠵᠦ | ᠠᠵᠢᠯ ᠣᠯᠬᠤ ᠦᠢᠯᠡᠴᠢᠯᠡᠭᠡ ᠶᠢ ᠰᠢᠯᠢᠳᠡᠭᠵᠢᠭᠦᠯᠪᠡ︔ ᠥᠨᠳᠥᠷ ᠲᠦᠪᠰᠢᠨ ᠪᠦᠬᠦᠢ ᠣᠯᠠᠨ ᠨᠡᠶᠢᠲᠡ ᠶᠢᠨ ᠠᠵᠢᠯ | ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠳᠣᠬᠠᠨ ᠳᠤ ᠪᠦᠭᠦ ᠬᠤᠲᠠ ᠳᠤ | ᠠᠵᠢᠯ ᠣᠯᠭᠤᠬᠤ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ 60᠂ ᠳᠡᠭᠡᠳᠦ | ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ 10᠂ ᠦᠢᠯᠡᠰ ᠪᠣᠰᠬᠠᠬᠤ | ᠨᠡᠪᠴᠢᠭᠦᠯᠬᠦ ᠰᠠᠭᠤᠷᠢᠨ 35 ᠶᠢ ᠪᠠᠶᠢᠭᠤᠯᠪᠠ︔ ᠵᠢᠨᠴᠢᠶᠣᠣ ᠶᠢᠨ ︽ᠰᠢᠨ᠎ᠡ ᠶᠢ ᠡᠭᠦᠳᠴᠦ ᠦᠢᠯᠡᠰ | ᠪᠣᠰᠬᠠᠬᠤ︾ ᠵᠢᠱᠢᠶ᠎ᠡ ᠦᠵᠡᠭᠦᠯᠭᠦ ᠣᠷᠣᠨ ᠳᠤ ︽ᠭᠦᠭᠡᠬᠤᠳᠠ ᠳᠤ ᠦᠨᠳᠦᠰᠦᠯᠡᠬᠦ︾ ᠣᠶᠤᠲᠠᠳ ᠤᠨ ᠦᠢᠯᠡᠰ | ᠪᠣᠰᠬᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠲᠤ | ᠠᠵᠤ ᠦᠢᠯᠡᠰ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠪᠣᠳᠠᠲᠤ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ | ᠪᠦᠭᠦ ᠣᠷᠣᠨ ᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠴᠢᠨᠠᠷ ᠰᠠᠶᠢᠲᠠᠢ ᠭᠦᠢᠴᠡᠳ | ᠠᠵᠢᠯ ᠣᠯᠭᠤᠯᠲᠠ ᠪᠠ ᠴᠢᠳᠠᠪᠤᠷᠢᠲᠠᠨ ᠤ ᠣᠷᠣᠵᠤ ᠢᠷᠡᠬᠦ ᠶᠢ ᠠᠬᠢᠭᠤᠯᠪᠠ᠃ | ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ᠂ ᠭᠦᠭᠡᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠰᠢᠨ᠎ᠡ ᠶᠢ ᠡᠭᠦᠳᠬᠦ ᠪᠠᠷ | ᠬᠥᠲᠥᠯᠥᠨ ᠳᠠᠭᠠᠭᠤᠯᠬᠤ︾ ᠶᠢ ᠴᠢᠩᠭᠠᠳᠬᠠᠵᠤ᠂ ᠣᠶᠤᠲᠠᠨ ᠵᠡᠷᠭᠡ ᠵᠠᠯᠠᠭᠤᠴᠤᠳ ᠢ ᠵᠣᠬᠢᠶᠠᠨ ᠪᠠᠶᠢᠭᠤᠯᠵᠤ 1.8 | ᠲᠦᠮᠡᠨ ᠬᠥᠮᠥᠨ ᠤᠳᠠᠭ᠎ᠠ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ︔ ᠪᠦᠭᠦ ᠬᠤᠲᠠ ᠳᠤ 36 | ᠲᠣᠭᠲᠠᠭᠰᠠᠨ ᠴᠡᠭ ᠤᠨ ᠪᠠᠶᠢᠭᠤᠯᠤᠮᠵᠢ ᠶᠢ ᠴᠤᠭᠯᠠᠭᠤᠯᠤᠨ ᠦᠢᠯᠡᠰ ᠪᠣᠰᠬᠠᠬᠤ ᠪᠣᠯᠪᠠᠰᠤᠷᠠᠯ ᠢ 3261 ᠬᠥᠮᠥᠨ | ᠤᠳᠠᠭ᠎ᠠ ᠥᠷᠨᠢᠭᠦᠯᠵᠦ᠂ ᠣᠶᠤᠲᠠᠨ ᠤ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠯ ᠳᠤ 8932 ᠬᠥᠮᠥᠨ ᠤᠳᠠᠭ᠎ᠠ | ᠣᠷᠣᠯᠴᠠᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ 3132 ᠲᠦᠮᠡᠨ ᠲᠥᠭᠦᠷᠢᠭ ᠲᠠᠯᠪᠢᠪᠠ︔ 531 | ᠣᠶᠤᠲᠠᠳ ᠢ ᠵᠣᠬᠢᠶᠠᠨ ᠪᠠᠶᠢᠭᠤᠯᠤᠨ ᠵᠢᠨᠴᠢᠶᠣᠣ ᠶᠢᠨ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠵᠢᠱᠢᠶ᠎ᠡ | ᠦᠵᠡᠭᠦᠯᠭᠦ ᠣᠷᠣᠨ ᠳᠤ ᠣᠷᠣᠵᠤ ᠰᠠᠭᠤᠬᠤ ᠵᠡᠷᠭᠡ ᠠᠵᠤ ᠠᠬᠤᠶᠢᠯᠠᠯ ᠤᠨ ᠳᠠᠳᠤᠯᠭ᠎ᠠ ᠪᠣᠯᠪᠠᠰᠤᠷᠠᠯ ᠤᠨ | ᠠᠵᠢᠯᠯᠠᠭ᠎ᠠ ᠳᠤ ᠣᠷᠣᠯᠴᠠᠭᠤᠯᠪᠠ︔ ᠭᠦᠭᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠶᠢᠨ | ᠲᠥᠯᠥᠭᠡᠯᠡᠭᠴᠢ ᠶᠢ ᠤᠷᠢᠵᠤ ᠣᠷᠣᠨ ᠤ ᠲᠥᠪ ᠤᠨ ᠪᠠᠶᠢᠭᠤᠯᠭ᠎ᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ | ᠣᠴᠢᠭᠤᠯᠵᠤ᠂ ᠭᠦᠭᠡᠬᠤᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ᠂ ᠲᠡᠦᠬᠡ ᠰᠣᠶᠣᠯ ᠢᠷᠭᠡᠨᠰᠢᠯ᠂ ᠠᠵᠤ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠭᠤᠯᠤᠨ᠂ ᠴᠢᠳᠠᠪᠤᠷᠢᠲᠠᠨ ᠬᠢᠭᠡᠳ ᠬᠤᠳᠠ ᠶᠢᠨ | ᠬᠤᠣᠰ ᠴᠢᠭᠯᠡᠯ ᠢᠶᠠᠷ ᠤᠷᠤᠭᠰᠢᠯᠠᠬᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠪᠠ᠃ | | |