ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠤᠯᠠᠭᠠᠨᠴᠠᠪ ᠬᠤᠲᠠ 
ᠨᠡᠶᠢᠲᠡᠯᠡᠭᠰᠡᠨ ᠴᠠᠭ᠄
2024/6/27

      ᠣᠶᠢᠷ᠎ᠠ ᠳᠤ᠂ ︽ᠭᠠᠷ ᠤᠨ ᠡᠷᠳᠡᠮ᠂ ᠨᠠᠰᠤᠨ ᠤ ᠲᠦᠰᠢᠭ︾ ᠪᠠᠷ ᠭᠤᠣᠯ ᠰᠡᠳᠦᠪ ᠪᠣᠯᠭᠠᠵᠤ᠂ ᠤᠯᠠᠭᠠᠨᠴᠠᠪ

ᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠡᠯ᠎ᠡ ᠬᠤᠰᠢᠭᠤ

ᠰᠢᠶᠠᠨ ᠬᠤᠲᠠ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠨᠠᠷᠢᠨ ᠨᠢᠮᠪᠠᠢ ᠲᠥᠯᠥᠪᠯᠡᠨ᠂ ᠨᠠᠷᠢᠨ ᠬᠢᠨᠠᠮᠠᠭᠠᠢ

ᠵᠣᠬᠢᠶᠠᠨ ᠪᠠᠶᠢᠭᠤᠯᠵᠤ᠂ ᠪᠣᠭᠤᠷᠰᠤᠭ ᠬᠢᠬᠦ᠂ ᠤᠷᠠᠯᠢᠭ ᠤᠨ ᠲᠣᠭᠯᠠᠯᠲᠠ᠂ ᠠᠯᠪᠠᠨ ᠵᠢᠷᠤᠮ ᠤᠨ ᠰᠤᠪᠢᠯᠠᠯᠲᠠ᠂ ᠮᠠᠰᠢᠨ

ᠴᠠᠬᠢᠯᠭᠠᠨ ᠤ ᠰᠡᠯᠪᠢᠨ ᠵᠠᠰᠠᠯᠲᠠ᠂ ︽ᠬᠠᠮ ᠵᠠᠭᠤᠴᠢᠯᠠᠭᠤᠷ ᠤᠨ ᠲᠥᠪ︾ ᠤᠨ ᠰᠢᠭᠤᠳ ᠨᠡᠪᠲᠡᠷᠡᠭᠦᠯᠭᠡ᠂ ᠲᠠᠷᠢᠶᠠᠨ

ᠭᠠᠵᠠᠷ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ︽ᠶᠠᠷᠢᠬᠤ︾᠂ ︽ᠪᠢᠷ ᠬᠤᠷᠤᠶᠢᠯᠠᠨ ᠵᠢᠷᠤᠵᠤ︾ ᠨᠠᠮ ᠤᠨ

ᠠᠴᠢ ᠶᠢ ᠮᠠᠭᠲᠠᠨ ᠳᠠᠭᠤᠯᠠᠬᠤ᠂ ᠬᠤᠪᠢᠰᠬᠠᠯᠲᠤ ᠵᠢᠭᠤᠯᠴᠢᠯᠠᠯ ᠢᠶᠠᠷ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠨᠢ

ᠥᠩᠭᠡ ᠭᠡᠷᠡᠯ ᠰᠠᠴᠤᠷᠠᠭᠤᠯᠵᠤ᠂ ᠬᠥᠳᠡᠯᠮᠦᠷᠢ ᠢᠷᠠᠭᠤ ᠠᠯᠳᠠᠷᠲᠠᠢ᠂ ᠤᠷ᠎ᠠ ᠴᠢᠳᠠᠪᠤᠷᠢ ᠡᠷᠬᠢᠮ ᠨᠠᠨᠳᠢᠨ ᠢ ᠶᠡᠭᠡ ᠪᠠᠷ

ᠪᠠᠳᠠᠷᠠᠭᠤᠯᠤᠨ᠂ ᠠᠭᠤᠤ ᠶᠡᠭᠡ ᠴᠠᠭ ᠦᠶ᠎ᠡ ᠶᠢᠨ ᠬᠡᠪ ᠰᠤᠷᠲᠠᠯ ᠢ ᠡᠭᠦᠳᠦᠨ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠰᠠᠶᠢᠨ ᠰᠠᠶᠢᠬᠠᠨ ᠠᠮᠢᠳᠤᠷᠠᠯ ᠢ ᠪᠦᠲᠦᠭᠡᠬᠦ ᠬᠢᠵᠠᠭᠠᠯᠠᠰᠢ ᠦᠭᠡᠢ ᠳᠠᠯᠳᠠ ᠬᠦᠴᠦᠨ ᠢ ᠪᠣᠢ ᠪᠣᠯᠭᠠᠪᠠ᠃

   

1.webp.png

      ᠣᠶᠢᠷ᠎ᠠ ᠶᠢᠨ ᠵᠢᠯ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ

ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ

ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠲᠠᠪᠤᠨ ᠶᠡᠭᠡ ᠠᠵᠤ ᠠᠬᠤᠢ︾ ᠶᠢᠨ ᠶᠡᠷᠦᠩᠬᠡᠢ

ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠪᠠᠷ

ᠦᠨᠳᠦᠰᠦ ᠪᠣᠯᠭᠠᠨ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ

ᠲᠣᠭᠤᠷᠢᠭ ᠢ ᠥᠣᠲᠡᠷ ᠲᠦᠷᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠠᠵᠢᠯ ᠮᠡᠷᠭᠡᠵᠢᠯ ᠤᠨ ᠰᠤᠷᠭᠠᠨ

ᠬᠥᠮᠥᠵᠢᠯ ᠤᠨ ᠵᠠᠭᠪᠤᠷ ᠰᠤᠷᠭᠠᠨ ᠬᠥᠮᠥᠵᠢᠯ ᠤᠨ ᠣᠨᠴᠠᠯᠢᠭ ᠢ ᠳᠠᠰᠤᠷᠠᠯᠲᠠ ᠦᠭᠡᠢ ᠴᠢᠩᠭᠠᠳᠬᠠᠵᠤ᠂ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠬᠦᠷᠢᠶᠡᠯᠡᠩ

ᠲᠣᠭᠤᠷᠢᠭ ᠨᠥᠯᠦᠭᠡ ᠦᠵᠡᠭᠦᠯᠵᠦ᠂ ᠤᠯᠠᠭᠠᠨᠴᠠᠪ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ

ᠤᠯᠠᠭᠠᠨᠴᠠᠪ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠬᠤᠰᠢᠭᠤᠴᠢᠯᠠᠵᠤ᠂

ᠤᠯᠠᠭᠠᠨᠴᠠᠪ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠵᠦᠸᠧᠽᠢ ᠰᠢᠶᠠᠨ ᠤ ᠠᠵᠢᠯ

ᠮᠡᠷᠭᠡᠵᠢᠯ ᠤᠨ ᠳᠤᠮᠳᠠᠳᠤ ᠰᠤᠷᠭᠠᠭᠤᠯᠢ ᠪᠠ ᠱᠠᠩᠳᠤ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠠᠷ

ᠬᠤᠶᠠᠷ ᠵᠢᠭᠦᠷ ᠪᠣᠯᠭᠠᠨ᠂ ᠪᠣᠰᠤᠳ ᠬᠤᠰᠢᠭᠤ ᠰᠢᠶᠠᠨ ᠤ ᠠᠵᠢᠯ ᠮᠡᠷᠭᠡᠵᠢᠯ  ᠳᠡᠭᠡᠳᠦ ᠰᠤᠷᠭᠠᠭᠤᠯᠢ ᠶᠢᠨ

ᠭᠤᠣᠯᠯᠠᠭᠴᠢ ᠳᠤᠰᠬᠠᠢ ᠮᠡᠷᠭᠡᠵᠢᠯ ᠢᠶᠠᠷ ᠨᠥᠬᠦᠪᠦᠷᠢ ᠪᠣᠯᠭᠠᠭᠰᠠᠨ ᠲᠣᠮᠤ ᠠᠵᠢᠯ ᠮᠡᠷᠭᠡᠵᠢᠯ ᠤᠨ ᠰᠤᠷᠭᠠᠨ

ᠬᠥᠮᠥᠵᠢᠯ ᠤᠨ ᠬᠥᠭᠵᠢᠯᠲᠡ ᠶᠢᠨ ᠪᠣᠷᠤ ᠲᠥᠯᠦᠪ ᠢ ᠪᠦᠷᠢᠯᠳᠦᠭᠦᠯᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠵᠣᠬᠢᠴᠠᠬᠤ ᠴᠢᠨᠠᠷ ᠢ ᠦᠨᠡᠨ ᠬᠦ  ᠴᠢᠩᠭᠠᠳᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠶᠢ ᠠᠬᠢᠭᠤᠯᠪᠠ᠃

      ᠳᠤᠮᠳᠠ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠨ᠎ᠡ ᠵᠠᠮ ᠢ

ᠨᠡᠭᠡᠭᠡᠪᠡ ᠃ ᠳᠤᠮᠳᠠ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠣᠯᠤᠨ ᠵᠢᠩᠬᠢᠨᠢ ᠠᠩᠭᠢ

ᠵᠡᠷᠭᠡ ᠡᠯ᠎ᠡ ᠳᠡᠰ ᠳᠠᠪᠬᠤᠷᠭ᠎ᠠ ᠶᠢᠨ ᠰᠤᠷᠭᠠᠨ ᠬᠥᠮᠦᠵᠢᠯ ᠢ ᠭᠤᠯᠳᠤ ᠪᠠᠷ ᠵᠣᠯᠭᠠᠭᠤᠯᠬᠤ ᠶᠢ ᠠᠬᠢᠭᠤᠯᠵᠤ᠂

ᠰᠤᠷᠤᠭᠴᠢᠳ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠠᠩᠭᠢ᠂ ᠲᠤᠰᠬᠠᠢ ᠮᠡᠷᠭᠡᠵᠢᠯ ᠤᠨ ᠠᠩᠭᠢ ᠠᠴᠠ

ᠵᠢᠩᠬᠢᠨᠢ ᠠᠩᠭᠢ ᠬᠦᠷᠲᠡᠯᠡᠬᠢ  ᠳᠡᠪᠰᠢᠬᠦ ᠵᠠᠮ ᠢ ᠦᠨᠳᠦᠰᠦᠨ ᠳᠤ ᠨᠢ ᠨᠡᠪᠲᠡᠷᠡᠭᠦᠯᠵᠦ᠂ ᠬᠠᠷᠢᠯᠴᠠᠨ ᠵᠣᠯᠭᠠᠭᠰᠠᠨ

ᠬᠥᠮᠦᠵᠢᠭᠦᠯᠬᠦ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠪᠠ᠃ ᠤᠯᠠᠭᠠᠨᠴᠠᠪ ᠬᠤᠲᠠ ᠶᠢᠨ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ+ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ+ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠠᠩᠭᠢ︾ ᠶᠢᠨ

ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠤᠷᠢᠳ ᠬᠤᠵᠢᠳ ᠥᠪᠥᠷ ᠮᠣᠩᠭᠤᠯ ᠤᠨ

ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 7 ᠶᠡᠭᠡ ᠳᠡᠭᠡᠳᠦ ᠰᠤᠷᠭᠠᠭᠤᠯᠢ᠂ 6

ᠪᠦᠯᠦᠭᠯᠡᠯ ᠪᠠ ᠠᠵᠤ ᠠᠬᠤᠶᠢᠯᠠᠯ ᠲᠠᠢ ᠬᠠᠮᠲᠤᠷᠠᠨ ᠬᠥᠮᠦᠵᠢᠭᠦᠯᠬᠦ ᠬᠡᠯᠡᠯᠴᠡᠭᠡᠷ ᠲᠣᠭᠲᠠᠵᠤ᠂ ᠰᠤᠷᠤᠭᠴᠢᠳ ᠢ

ᠬᠥᠮᠦᠵᠢᠭᠦᠯᠬᠦ ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂

ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ

ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠪᠴᠢᠶᠡᠨ ᠳᠤ ᠬᠥᠲᠥᠯᠥᠨ ᠳᠠᠭᠠᠭᠤᠯᠵᠤ ᠳᠠᠭᠤᠷᠢᠶᠠᠯ

ᠦᠵᠡᠭᠦᠯᠬᠦ ᠦᠢᠯᠡᠳᠦᠯ ᠦᠵᠡᠭᠦᠯᠪᠡ᠃

      ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠠᠬᠢᠭᠤᠯᠵᠤ ᠪᠣᠳᠠᠲᠤ ᠦᠷ᠎ᠡ

ᠪᠦᠲᠦᠮᠵᠢ ᠣᠯᠪᠠ ᠃ ︽ᠰᠣᠷᠣᠭᠴᠢ ᠡᠯᠰᠡᠬᠦ ᠪᠣᠯ ᠳᠠᠷᠤᠢ ᠠᠵᠢᠯᠴᠢᠨ ᠡᠯᠰᠡᠬᠦ᠂ ᠰᠤᠷᠭᠠᠭᠤᠯᠢ ᠳᠤ ᠣᠷᠣᠬᠤ          

ᠪᠣᠯ ᠳᠠᠷᠤᠢ ᠠᠵᠤ ᠦᠢᠯᠡᠳᠪᠦᠷᠢ ᠳᠤ ᠣᠷᠣᠬᠤ᠂ ᠰᠤᠷᠭᠠᠭᠤᠯᠢ ᠪᠠ ᠠᠵᠤ ᠠᠬᠤᠶᠢᠯᠠᠯ ᠬᠤᠯᠪᠣᠭᠠᠯᠠᠨ          

ᠬᠥᠮᠦᠵᠢᠭᠦᠯᠬᠦ︾ ᠰᠡᠳᠬᠢᠮᠵᠢ ᠶᠣᠰᠣᠭᠠᠷ᠂ ︽ᠪᠠᠭᠰᠢ ᠱᠠᠪᠢ ᠳᠠᠭᠠᠭᠤᠯᠬᠤ᠂ ᠰᠤᠷᠤᠭᠴᠢ ᠱᠠᠪᠢ ᠣᠷᠣᠬᠤ︾ ᠥᠪᠡᠷ ᠤᠨ

ᠮᠡᠷᠭᠡᠵᠢᠯ ᠢᠶᠠᠨ ᠥᠴᠦᠬᠡᠨ ᠴᠤ ᠬᠠᠷᠠᠮᠨᠠᠯ ᠦᠭᠡᠢ ᠤᠯᠠᠮᠵᠢᠯᠠᠨ ᠵᠢᠭᠠᠬᠤ ᠠᠷᠭ᠎ᠠ ᠶᠢ ᠠᠪᠴᠤ᠂ ᠰᠤᠷᠭᠠᠭᠤᠯᠢ ᠪᠠ

ᠠᠵᠤ ᠠᠬᠤᠶᠢᠯᠠᠯ᠂ ᠲᠤᠰᠬᠠᠢ ᠮᠡᠷᠭᠡᠵᠢᠯ ᠪᠠ ᠠᠵᠤ ᠦᠢᠯᠡᠰ᠂ ᠰᠠᠭᠤᠷᠢᠨ ᠭᠠᠵᠠᠷ ᠪᠠ ᠦᠢᠯᠡᠳᠪᠦᠷᠢ  ᠶᠢᠨ ᠲᠠᠰᠤᠭ᠂

ᠰᠤᠷᠤᠭᠴᠢ ᠪᠠ ᠠᠵᠢᠯᠲᠠᠨ᠂ ᠪᠠᠭᠰᠢ ᠪᠠ ᠪᠠᠭᠰᠢ᠂ ᠵᠢᠭᠠᠨ ᠰᠤᠷᠭᠠᠯᠲᠠ ᠪᠠ ᠠᠵᠢᠯ ᠤᠨ ᠪᠠᠶᠢᠷᠢ ︽ᠵᠢᠷᠭᠤᠭ᠎ᠠ ᠶᠢ

ᠵᠣᠯᠭᠠᠭᠤᠯᠬᠤ︾ ᠶᠢ ᠪᠡᠶᠡᠯᠡᠭᠦᠯᠪᠡ᠃ ᠠᠵᠤ ᠦᠢᠯᠡᠰ ᠢᠶᠠᠷ ᠰᠤᠷᠭᠠᠨ ᠬᠥᠮᠦᠵᠢᠯ ᠢ ᠳᠡᠮᠵᠢᠵᠦ᠂ ᠲᠤᠰᠬᠠᠢ ᠮᠡᠷᠭᠡᠵᠢᠯ ᠢ

ᠠᠵᠤ ᠦᠢᠯᠡᠰ ᠤᠨ ᠰᠠᠭᠤᠷᠢ ᠳᠡᠭᠡᠷ᠎ᠡ ᠪᠠᠶᠢᠭᠤᠯᠤᠨ᠂ ᠣᠨᠣᠯ ᠪᠣᠯᠤᠨ ᠦᠢᠯᠡᠳᠦᠯᠭᠡ ᠶᠢ ᠨᠢᠭᠡ ᠴᠣᠭᠴᠠᠵᠢᠭᠤᠯᠤᠭᠰᠠᠨ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠥᠳᠲᠡᠷ ᠲᠦᠷᠭᠡᠨ ᠠᠬᠢᠭᠤᠯᠪᠠ᠃ ᠣᠯᠠᠨ ᠠᠵᠢᠯ ᠮᠡᠷᠭᠡᠵᠢᠯ ᠤᠨ

ᠰᠤᠷᠭᠠᠭᠤᠯᠢ ᠲᠤᠬᠠᠢ ᠶᠢᠨ ᠭᠠᠵᠠᠷ ᠤᠨ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ

ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠶᠢ ᠥᠷᠨᠢᠭᠦᠯᠪᠡ᠃ ᠠᠵᠤ ᠠᠬᠤᠶᠢᠯᠠᠯ ᠪᠡᠯᠡ ᠮᠥᠩᠭᠦ ᠣᠷᠣᠭᠤᠯᠬᠤ᠂

ᠲᠥᠬᠦᠭᠡᠷᠦᠮᠵᠢ ᠪᠡᠯᠡᠭᠯᠡᠨ ᠬᠦᠷᠭᠡᠬᠦ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤ ᠳᠤ ᠪᠠᠨ

ᠪᠠᠶᠢᠭᠤᠯᠬᠤ᠂ ᠠᠵᠢᠯᠲᠠᠨ ᠠᠵᠢᠯᠴᠢᠨ ᠤ ᠪᠣᠯᠪᠠᠰᠤᠷᠠᠯ ᠢ ᠥᠷᠨᠢᠭᠦᠯᠬᠦ᠂ ᠬᠠᠮᠲᠤᠷᠠᠨ ᠰᠤᠷᠤᠭᠴᠢ ᠡᠯᠰᠡᠨ ᠠᠵᠢᠯ

ᠣᠯᠭᠤᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠰᠤᠷᠭᠠᠭᠤᠯᠢ ᠡᠷᠬᠢᠯᠡᠬᠦ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ ᠤᠨ ᠨᠡᠷ᠎ᠡ ᠬᠠᠳᠠᠬᠤ

ᠠᠩᠭᠢ᠂ ᠰᠤᠷᠭᠠᠭᠤᠯᠢ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠠᠩᠭᠢ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ

ᠵᠡᠷᠭᠡ ᠣᠯᠠᠨ ᠵᠦᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠠᠯᠬᠤᠮ ᠠᠯᠬᠤᠮ ᠢᠶᠠᠷ ᠪᠤᠢ ᠪᠣᠯᠭᠠᠪᠠ᠃

      ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠡᠩ ᠤᠨ ᠰᠤᠷᠭᠠᠨ ᠬᠥᠮᠥᠵᠢᠯ ᠤᠨ ᠰᠢᠨ᠎ᠡ ᠪᠠᠶᠢᠳᠠᠯ ᠢ

ᠡᠭᠦᠳᠬᠦ ᠶᠢ ᠠᠬᠢᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠩ  ᠤᠨ ᠳᠡᠭᠡᠳᠦ ᠰᠤᠷᠭᠠᠭᠤᠯᠢ ᠳᠤ

ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠳᠦᠷᠢᠮ ᠲᠠᠢ ᠰᠠᠨᠠᠭᠠᠴᠢᠯᠠᠭ᠎ᠠ ᠠᠴᠠ ᠪᠠᠨ

ᠵᠣᠯᠭᠠᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤ ᠰᠤᠷᠭᠠᠭᠤᠯᠢ ᠳᠡᠪᠰᠢᠬᠦ

ᠨᠡᠩ ᠣᠯᠠᠨ ᠠᠷᠭ᠎ᠠ ᠵᠠᠮ ᠢ ᠨᠡᠭᠡᠭᠡᠵᠦ ᠥᠭᠬᠦ ᠪᠠᠷ ᠴᠢᠷᠮᠠᠶᠢᠪᠠ᠃ ︽ᠤᠷᠢᠨ ᠠᠪᠴᠢᠷᠠᠬᠤ ᠪᠠ ᠭᠠᠳᠠᠭᠰᠢ          

ᠭᠠᠷᠭᠠᠬᠤ︾ ᠶᠢ ᠪᠠᠷᠢᠮᠲᠠᠯᠠᠵᠤ᠂ ᠤᠷᠢᠳ ᠬᠤᠵᠢᠳ ᠣᠷᠣᠨ ᠤ ᠳᠣᠲᠤᠨ᠎ᠠ ᠭᠠᠳᠠᠨᠠᠬᠢ ᠣᠯᠠᠨ ᠶᠡᠭᠡ ᠳᠡᠭᠡᠳᠦ

ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠵᠦ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ

ᠪᠦᠬᠦ ᠤᠯᠤᠰ ᠤᠨ ᠨᠢᠭᠡᠳᠦᠯᠲᠡᠢ ᠰᠢᠯᠭᠠᠯᠲᠠ᠂ ᠤᠷᠠᠯᠢᠭ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠳᠤ ᠰᠤᠷᠤᠭᠴᠢ

ᠡᠯᠰᠡᠬᠦ ᠪᠦᠬᠦ ᠤᠯᠤᠰ  ᠤᠨ ᠨᠢᠭᠡᠳᠦᠯᠲᠡᠢ ᠰᠢᠯᠭᠠᠯᠲᠠ᠂ ᠳᠡᠭᠡᠳᠦ ᠰᠤᠷᠭᠠᠭᠤᠯᠢ ᠳᠤ ᠲᠤᠰᠠᠭᠠᠷ ᠰᠤᠷᠤᠭᠴᠢ ᠡᠯᠰᠡᠬᠦ

ᠰᠢᠯᠭᠠᠯᠲᠠ  ᠶᠢ ᠲᠠᠰᠤᠷᠠᠯᠲᠠ ᠥᠬᠡᠶ ᠠᠬᠢᠭᠤᠯᠵᠤ᠂ ︽3+2︾᠂ ︽3+3︾᠂ ︽3+2+2︾᠂ ︽3+4︾ ᠵᠡᠷᠭᠡ ᠶᠢ

ᠨᠡᠪᠲᠡᠷᠡᠭᠦᠯᠦᠨ ᠬᠥᠮᠦᠵᠢᠭᠦᠯᠬᠦ ᠵᠠᠭᠪᠤᠷ ᠢᠶᠠᠷ ᠳᠠᠮᠵᠢᠭᠤᠯᠤᠨ᠂ ᠣᠯᠠᠨ ᠵᠦᠢᠯ ᠤᠨ ᠠᠷᠭ᠎ᠠ ᠵᠠᠮ ᠢᠶᠠᠷ ᠳᠡᠭᠡᠳᠦ

ᠰᠤᠷᠭᠠᠭᠤᠯᠢ ᠳᠤ ᠴᠢᠨᠠᠷᠯᠢᠭ ᠰᠤᠷᠤᠭᠴᠢ ᠶᠢᠨ ᠢᠷᠡᠯᠲᠡ ᠶᠢ ᠬᠠᠩᠭᠠᠪᠠ᠃ 2023 ᠣᠨ ᠤ 9 ᠰᠠᠷ᠎ᠠ ᠳᠤ᠂ ᠪᠦᠬᠦ

ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 3934 ᠰᠢᠨ᠎ᠡ ᠰᠤᠷᠤᠭᠴᠢ ᠡᠯᠰᠡᠵᠦ᠂

2433 ᠰᠤᠷᠤᠭᠴᠢ ᠲᠡᠭᠦᠰᠴᠦ᠂ 325 ᠰᠤᠷᠤᠭᠴᠢ ᠰᠢᠭᠤᠳ ᠠᠵᠢᠯ ᠣᠯᠵᠤ᠂ ᠳᠡᠭᠡᠳᠦ ᠵᠡᠷᠭᠡ ᠶᠢᠨ

ᠰᠤᠷᠭᠠᠭᠤᠯᠢ ᠳᠤ ᠳᠠᠪᠰᠢᠭᠰᠠᠨ ᠰᠤᠷᠤᠭᠴᠢ 2108 ︵ᠡᠭᠦᠨ ᠳᠤ ᠠᠵᠢᠯ ᠲᠥᠷᠥᠯ ᠬᠤᠪᠢᠶᠠᠨ ᠲᠤᠰᠠᠭᠠᠷ

ᠰᠤᠷᠤᠭᠴᠢ ᠡᠯᠰᠡᠬᠦ ᠰᠢᠯᠭᠠᠯᠲᠠ ᠪᠠᠷ ᠳᠠᠮᠵᠢᠨ ᠰᠤᠷᠭᠠᠭᠤᠯᠢ ᠳᠤ ᠳᠠᠪᠰᠢᠭᠰᠠᠨ ᠬᠥᠮᠦᠨ ᠤ ᠲᠤᠭ᠎ᠠ 1374 ᠬᠥᠮᠦᠨ᠂

3 + 2 ᠪᠦᠯᠦᠭ ᠬᠤᠪᠢᠶᠠᠨ ᠡᠯᠰᠡᠭᠰᠡᠨ ᠰᠤᠷᠤᠭᠴᠢ 78᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ

ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠡᠯᠰᠡᠭᠰᠡᠨ ᠰᠤᠷᠤᠭᠴᠢ 213᠂ ᠠᠵᠢᠯ ᠲᠥᠷᠥᠯ ᠢᠶᠠᠷ

ᠰᠤᠷᠭᠠᠭᠤᠯᠢ ᠳᠠᠪᠰᠢᠭᠰᠠᠨ ᠰᠤᠷᠤᠭᠴᠢ 443︶ ᠪᠠᠶᠢᠵᠤ᠂ ᠰᠤᠷᠭᠠᠭᠤᠯᠢ ᠳᠠᠪᠰᠢᠭᠰᠠᠨ ᠨᠣᠷᠮ᠎ᠠ 97.3%

ᠬᠦᠷᠪᠡ᠃ ᠤᠯᠠᠭᠠᠨᠴᠠᠪ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠥᠪᠥᠷ

ᠮᠣᠩᠭᠤᠯ ᠤᠨ ᠵᠢᠨᠢᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ

ᠬᠥᠮᠥᠵᠢᠯ ᠪᠠ ᠡᠩ ᠰᠤᠷᠭᠠᠨ ᠬᠥᠮᠥᠵᠢᠯ ᠢ ᠠᠭᠤᠰᠬᠠᠬᠤ ᠲᠤᠷᠰᠢᠯᠲᠠ ᠶᠢᠨ ᠠᠩᠭᠢ ᠶᠢ ᠡᠷᠬᠢᠯᠡᠪᠡ᠃

      ᠳᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠭᠰᠠᠨ ᠨᠢ ᠣᠨᠴᠠᠯᠢᠭ  ᠢᠶᠠᠨ          

ᠬᠠᠷᠠᠭᠤᠯᠪᠠ᠃ ︽ᠪᠠᠶᠢᠷᠢᠰᠢᠯᠠᠭᠤᠯᠤᠯᠲᠠ ᠵᠦᠢ ᠵᠣᠬᠢᠰᠲᠠᠢ᠂ ᠪᠦᠲᠦᠴᠡ ᠰᠢᠯᠢᠳᠡᠭ᠂ ᠳᠡᠰ ᠳᠠᠪᠬᠤᠷᠭ᠎ᠠ ᠲᠣᠳᠣᠷᠬᠠᠢ᠂

ᠣᠨᠴᠠᠯᠢᠭ ᠢᠯᠡ ᠲᠣᠳᠤ︾ ᠲᠤᠰᠬᠠᠢ ᠮᠡᠷᠭᠡᠵᠢᠯ ᠤᠨ ᠳᠣᠭᠲᠠᠯᠴᠠᠭ᠎ᠠ  ᠶᠢ ᠪᠠᠶᠢᠭᠤᠯᠬᠤ ᠪᠠᠷ ᠵᠣᠷᠢᠯᠲᠠ ᠪᠣᠯᠭᠠᠵᠤ᠂

︽ᠲᠠᠪᠤ ᠶᠢ ᠡᠷᠡᠰ ᠴᠢᠩᠭ᠎ᠠ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ

ᠣᠷᠣᠭᠤᠯᠬᠤ︾ ᠥᠪᠡᠷᠮᠢᠴᠡ ᠣᠨᠴᠠᠯᠢᠭᠲᠤ ᠰᠤᠷᠭᠠᠭᠤᠯᠢ ᠡᠷᠬᠢᠯᠡᠬᠦ ᠵᠠᠮ ᠢ ᠪᠠᠷᠢᠮᠲᠠᠯᠠᠬᠤ ᠳᠤ ᠠᠩᠬᠠᠷᠤᠯ ᠢᠶᠠᠨ

ᠲᠥᠪᠯᠡᠷᠡᠭᠦᠯᠦᠨ᠂ ᠣᠷᠣᠨ ᠨᠤᠲᠤᠭ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠪᠠ ᠭᠤᠣᠯᠳᠠᠯᠭ᠎ᠠ ᠲᠠᠢ ᠠᠵᠤ

ᠦᠢᠯᠡᠰ ᠲᠠᠢ ᠢᠳᠡᠪᠬᠢᠲᠡᠢ ᠵᠣᠯᠭᠠᠭᠤᠯᠵᠤ᠂ ᠲᠤᠰᠬᠠᠢ ᠮᠡᠷᠭᠡᠵᠢᠯ ᠤᠨ ᠣᠨᠴᠠᠯᠢᠭ ᠢ ᠴᠣᠮᠬᠠᠳᠬᠠᠨ᠂ ᠲᠤᠰᠬᠠᠢ

ᠮᠡᠷᠭᠡᠵᠢᠯ ᠤᠨ ᠲᠤᠭ᠎ᠠ ᠬᠡᠮᠵᠢᠶ᠎ᠡ ᠶᠢ ᠴᠣᠮᠬᠠᠳᠬᠠᠵᠤ᠂ ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ᠂

ᠲᠤᠰᠬᠠᠢ ᠮᠡᠷᠭᠡᠵᠢᠯ ᠤᠨ ᠪᠠᠶᠢᠷᠢᠰᠢᠯᠠᠭᠤᠯᠤᠯᠲᠠ ᠶᠢ ᠲᠣᠬᠢᠷᠠᠭᠤᠯᠵᠤ᠂ ᠲᠤᠰᠬᠠᠢ ᠮᠡᠷᠭᠡᠵᠢᠯ ᠤᠨ ᠨᠥᠬᠦᠴᠡᠯ ᠢ

ᠰᠠᠶᠢᠵᠢᠷᠠᠭᠤᠯᠤᠨ᠂ ᠣᠨᠴᠠᠯᠢᠭᠲᠤ ᠳᠠᠪᠠᠭᠤᠯᠢᠭ ᠲᠤᠰᠬᠠᠢ ᠮᠡᠷᠭᠡᠵᠢᠯ ᠢ ᠡᠮᠬᠢᠯᠡᠨ ᠨᠡᠶᠢᠯᠡᠭᠦᠯᠵᠦ ᠳᠡᠰ ᠳᠡᠪᠰᠢᠭᠦᠯᠦᠨ᠂

ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠤᠨ ᠳᠡᠰ ᠳᠡᠪᠰᠢᠭᠦᠯᠬᠦ ᠬᠡᠷᠡᠭᠴᠡᠭᠡ ᠳᠤ ᠵᠣᠬᠢᠴᠠᠭᠰᠠᠨ ᠣᠨᠴᠠᠯᠢᠭᠲᠤ ᠲᠤᠰᠬᠠᠢ ᠮᠡᠷᠭᠡᠵᠢᠯ ᠤᠨ

ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠂ 2023 ᠣᠨ ᠳᠤ 15 ᠲᠤᠰᠬᠠᠢ ᠮᠡᠷᠭᠡᠵᠢᠯ ᠢ

ᠰᠢᠨ᠎ᠡ ᠪᠠᠷ  ᠨᠡᠮᠡᠪᠡ᠃

      ᠠᠵᠢᠯ ᠤᠨ ᠪᠠᠶᠢᠷᠢ ᠶᠢᠨ ᠬᠡᠷᠡᠭᠴᠡᠭᠡ᠂ ᠬᠢᠴᠢᠶᠡᠯ ᠤᠨ ᠳᠣᠭᠲᠠᠯᠴᠠᠭ᠎ᠠ᠂ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠤᠷᠤᠯᠳᠤᠭᠠᠨ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ  ᠢ ᠠᠭᠤᠰᠬᠠᠨ ᠥᠭᠡᠷᠡᠴᠢᠯᠡᠯᠲᠡ ᠶᠢ

ᠠᠬᠢᠭᠤᠯᠪᠠ ᠃ ᠪᠠᠭᠰᠢ ᠥᠪᠡᠷᠲᠡᠭᠡᠨ ᠵᠠᠰᠠᠬᠤ ᠣᠷᠣᠨ ᠤ ︽ᠬᠤᠣᠰ ᠬᠡᠯᠪᠡᠷᠢᠲᠦ ᠪᠠᠭᠰᠢ︾ ᠶᠢᠨ ᠡᠩᠨᠡᠭᠡ ᠶᠢ

ᠤᠯᠤᠰ ᠤᠨ ᠳᠡᠰ ᠤᠨ ᠪᠣᠯᠪᠠᠰᠤᠷᠠᠯ ᠳᠤ ᠣᠷᠣᠯᠴᠠᠭᠤᠯᠬᠤ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠵᠤ᠂

2023 ᠣᠨ ᠳᠤ 26 ᠪᠠᠭᠰᠢ ᠤᠯᠤᠰ ᠤᠨ ᠳᠡᠰ ᠤᠨ  ᠪᠣᠯᠪᠠᠰᠤᠷᠠᠯ ᠳᠤ ᠣᠷᠣᠯᠴᠠᠪᠠ᠃ ︽ᠬᠤᠣᠰ ᠬᠡᠯᠪᠡᠷᠢᠲᠦ

ᠪᠠᠭᠰᠢ︾ ᠶᠢ ᠬᠥᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ 2023 ᠣᠨ ᠳᠤ 519 ︽ᠬᠤᠣᠰ ᠬᠡᠯᠪᠡᠷᠢᠲᠦ

ᠪᠠᠭᠰᠢ︾ ᠶᠢ ᠨᠡᠮᠡᠵᠦ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠡᠯᠪᠡᠷᠢᠲᠦ

ᠪᠠᠭᠰᠢ︾ ᠶᠢᠨ ᠬᠠᠷᠢᠴᠠᠯ ᠢ 44.11% ᠪᠠᠶᠢᠭᠰᠠᠨ ᠠᠴᠠ 67.58% ᠪᠣᠯᠭᠠᠪᠠ᠃ ᠠᠵᠢᠯ ᠮᠡᠷᠭᠡᠵᠢᠯ ᠤᠨ

ᠰᠤᠷᠭᠠᠭᠤᠯᠢ ᠶᠢᠨ ᠪᠠᠭᠰᠢ ᠠᠵᠤ ᠠᠬᠤᠶᠢᠯᠠᠯ ᠳᠤ ᠬᠦᠷᠴᠦ ᠠᠵᠢᠯ ᠤᠨ ᠪᠠᠶᠢᠷᠢ ᠳᠠᠭᠠᠬᠤ ᠳᠠᠳᠤᠯᠭ᠎ᠠ ᠪᠣᠯᠪᠠᠰᠤᠷᠠᠯ ᠳᠤ

ᠣᠷᠣᠯᠴᠠᠬᠤ ᠶᠢ ᠵᠣᠷᠢᠭᠵᠢᠭᠤᠯᠵᠤ᠂ ︽1 + X︾ ᠲᠠᠰ ᠤᠨ ᠦᠨᠡᠮᠯᠡᠯ ᠤᠨ ᠰᠢᠯᠭᠠᠯᠲᠠ ᠳᠤ ᠣᠷᠣᠯᠴᠠᠵᠤ᠂ ᠡᠯ᠎ᠡ

ᠱᠠᠲᠤᠨ ᠤ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠪᠠᠭᠰᠢ ᠶᠢᠨ ᠲᠤᠬᠠᠶᠢᠯᠠᠭᠰᠠᠨ ᠠᠵᠢᠯ ᠤᠨ

ᠮᠡᠷᠭᠡᠵᠢᠯ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃ 2023 ᠣᠨ ᠳᠤ᠂ ᠤᠯᠠᠭᠠᠨᠴᠠᠪ ᠬᠤᠲᠠ ᠶᠢᠨ ᠪᠠᠭᠰᠢ ᠨᠠᠷ

ᠪᠦᠬᠦ ᠣᠷᠣᠨ ᠤ ᠪᠠᠭᠰᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 1᠂

ᠬᠤᠶᠠᠳᠤᠭᠠᠷ ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 9 ᠶᠢ ᠬᠦᠷᠲᠡᠵᠦ᠂ ᠡᠭᠦᠨ ᠠᠴᠠ ᠭᠠᠳᠠᠨ᠎ᠠ

1 ᠪᠠᠭᠰᠢ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠤᠷ᠎ᠠ ᠴᠢᠳᠠᠪᠤᠷᠢ ᠶᠢᠨ ᠤᠷᠤᠯᠳᠤᠭᠠᠨ ᠤ

ᠬᠢᠨᠠᠭᠴᠢ ᠶᠢᠨ ᠲᠤᠰᠢᠶᠠᠯ ᠢ ᠡᠭᠦᠷᠭᠡᠯᠡᠪᠡ᠃

      ᠣᠷᠣᠨ ᠪᠦᠰᠡ ᠶᠢᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ ᠬᠦᠴᠢᠷ ᠠᠰᠠᠭᠤᠳᠠᠯ ᠢ          

ᠰᠢᠢᠳᠪᠦᠷᠢᠯᠡᠪᠡ᠃ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ  ᠤᠨ ᠬᠠᠮᠵᠢᠯᠴᠠᠭ᠎ᠠ︾᠂ ︽ᠬᠥᠬᠡᠬᠤᠲᠠ

ᠪᠤᠭᠤᠲᠤ ᠣᠷᠳᠣᠰ ᠤᠯᠠᠭᠠᠨᠴᠠᠪ︾ ᠶᠢᠨ ᠨᠢᠭᠡ ᠴᠣᠭᠴᠠᠵᠢᠭᠤᠯᠤᠨ ᠬᠠᠮᠲᠤᠷᠠᠯᠴᠠᠬᠤ ᠪᠠ ᠵᠡᠭᠦᠨ ᠬᠤᠶᠢᠲᠤ ᠶᠢᠨ

ᠭᠤᠷᠪᠠᠨ ᠮᠤᠵᠢ ᠨᠢᠭᠡ ᠣᠷᠣᠨ ᠤ ︽ᠨᠢᠭᠡ ᠪᠦᠰᠡ ᠨᠢᠭᠡ ᠵᠠᠮ︾ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠤᠯᠪᠣᠭ᠎ᠠ  ᠶᠢ ᠠᠰᠢᠭᠯᠠᠨ᠂ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠤᠯᠠᠭᠠᠨᠴᠠᠪ ᠬᠤᠲᠠ ᠶᠢᠨ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠠᠮᠲᠤ ᠳᠤ ᠪᠠᠨ ᠪᠡᠭᠡᠵᠢᠩ ᠤᠨ ᠴᠠᠩᠫᠢᠩ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠪᠦᠯᠦᠭᠯᠡᠯ ᠳᠤ ᠣᠷᠣᠯᠴᠠᠵᠤ᠂ ᠪᠡᠭᠡᠵᠢᠩ ᠤᠨ ᠴᠠᠩᠫᠢᠩ ᠠᠵᠢᠯ ᠮᠡᠷᠭᠡᠵᠢᠯ ᠤᠨ ᠰᠤᠷᠭᠠᠭᠤᠯᠢ᠂

ᠤᠮᠠᠷᠠᠲᠤ ᠶᠢᠨ ᠲᠢᠶᠠᠨ ᠲᠦ᠋ ᠠᠭᠠᠷ ᠤᠨ ᠠᠶᠠᠯᠠᠯ  ᠤᠨ ᠮᠡᠷᠭᠡᠵᠢᠯ ᠤᠨ ᠬᠥᠭᠵᠢᠯᠲᠡ ︵ᠪᠡᠭᠡᠵᠢᠩ︶ ᠶᠢᠨ ᠬᠢᠵᠠᠭᠠᠷᠲᠤ

ᠺᠣᠮᠫᠠᠨᠢ ᠲᠠᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠢᠯᠣᠭᠤᠴᠢ

ᠦᠭᠡᠢ ᠨᠢᠰᠬᠡᠯ ᠤᠨ ᠬᠡᠷᠡᠭᠯᠡᠭᠡᠨ ᠤ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠤᠯᠠᠭᠠᠨᠴᠠᠪ

ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠭᠡᠵᠢᠩ ᠥᠪᠥᠷ ᠮᠣᠩᠭᠤᠯ ᠤᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠠᠭᠤᠰᠬᠠᠨ ᠬᠥᠭᠵᠢᠭᠦᠯᠬᠦ ᠶᠠᠷᠢᠯᠴᠠᠬᠤ ᠬᠤᠷᠠᠯ ᠢ ᠬᠤᠷᠠᠯᠳᠤᠭᠤᠯᠬᠤ ᠶᠢᠨ

ᠬᠠᠮᠲᠤ ᠤᠯᠤᠰ ᠤᠨ ᠳᠣᠲᠣᠭᠠᠳᠤ ᠶᠢᠨ ᠨᠡᠷᠡᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ

ᠮᠡᠷᠭᠡᠵᠢᠯᠲᠡᠨ 12 ᠢ ᠤᠷᠢᠵᠤ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠣᠶᠤᠨ ᠤ

ᠬᠥᠮᠥᠷᠭᠡ︾ ᠶᠢ ᠪᠦᠷᠢᠯᠳᠦᠭᠦᠯᠦᠨ᠂ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ

ᠦᠢᠯᠡᠴᠢᠯᠡᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠭᠦᠯᠪᠡ᠃

       

2.webp.png

      ᠳᠠᠷᠠᠭ᠎ᠠ ᠠᠯᠬᠤᠮ ᠳᠤ᠂ ᠤᠯᠠᠭᠠᠨᠴᠠᠪ ᠬᠤᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ

ᠦᠷᠭᠦᠯᠵᠢᠯᠡᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠤᠨ

ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠰᠢᠯᠢᠳᠡᠭ ᠢ ᠪᠤᠶᠢᠵᠢᠭᠤᠯᠬᠤ᠂ ᠥᠷᠲᠡᠭ ᠢ ᠨᠡᠮᠡᠭᠳᠡᠭᠦᠯᠦᠨ

ᠡᠨᠧᠷᠭᠢ ᠣᠯᠭᠤᠬᠤ ᠶᠢ ᠠᠬᠢᠭᠤᠯᠵᠤ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ᠂

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠠᠬᠢᠭᠤᠯᠤᠨ᠂ ᠰᠢᠨ᠎ᠡ ᠴᠢᠨᠠᠷ ᠤᠨ

ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ᠂ ᠪᠠᠶᠠᠨ ᠴᠢᠨᠡᠭᠡᠯᠢᠭ᠂ ᠪᠣᠯᠪᠠᠰᠤᠨ

ᠤᠯᠠᠭᠠᠨᠴᠠᠪ ᠢ ᠪᠦᠲᠦᠭᠡᠨ ᠪᠠᠶᠢᠭᠤᠯᠬᠤ ᠳᠤ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠴᠦᠨ︾ ᠢ

ᠨᠡᠮᠡᠷᠢᠯᠡᠨ᠎ᠡ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号