ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠪᠠᠶᠠᠨᠨᠠᠭᠤᠷ ᠬᠤᠲᠠ
ᠨᠡᠶᠢᠲᠡᠯᠡᠭᠰᠡᠨ ᠴᠠᠭ᠄
2024/6/27
      ᠣᠶᠢᠷ᠎ᠠ ᠳᠤ᠂ ᠪᠠᠶᠠᠨᠨᠠᠭᠤᠷ ᠬᠤᠲᠠ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠤᠯᠪᠠ᠃ ᠡᠨᠡ ᠤᠳᠠᠭᠠᠨ ᠤ ᠠᠵᠢᠯᠯᠠᠭ᠎ᠠ ᠨᠢ ᠭᠤᠣᠯᠳᠠᠭᠤ ︽ᠠᠷᠪᠠᠨ ᠵᠢᠯ·ᠡᠷᠭᠢᠴᠡᠭᠦᠯᠦᠯ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠰᠤᠷᠤᠯᠴᠠᠯᠭ᠎ᠠ︾᠂ ︽ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠠᠵᠢᠯᠯᠠᠵᠤ ᠠᠵᠢᠯ ᠣᠯᠭᠤᠯᠲᠠ ᠶᠢ ᠠᠬᠢᠭᠤᠯᠬᠤ︾ ᠵᠡᠷᠭᠡ 16 ᠵᠦᠢᠯ ᠤᠨ ᠠᠵᠢᠯᠯᠠᠭᠠᠨ ᠤ ᠠᠭᠤᠯᠭ᠎ᠠ ᠶᠢᠨ ᠲᠣᠭᠤᠷᠢᠨ ᠳᠤ ᠶᠠᠪᠤᠭᠳᠠᠪᠠ᠃   

1.webp.png

      ᠠᠵᠢᠯᠯᠠᠭᠠᠨ ᠤ ᠬᠤᠭᠤᠴᠠᠭᠠᠨ ᠳᠤ᠂ ᠪᠠᠶᠠᠨᠨᠠᠭᠤᠷ ᠬᠤᠲᠠ ᠶᠢᠨ ᠡᠯ᠎ᠡ ᠠᠵᠢᠯ ᠮᠡᠷᠭᠡᠵᠢᠯ ᠤᠨ ᠰᠤᠷᠭᠠᠭᠤᠯᠢ

︽ᠭᠠᠷ ᠤᠨ ᠡᠷᠳᠡᠮ᠂ ᠨᠠᠰᠤᠨ ᠤ ᠲᠦᠰᠢᠭ︾ ᠭᠡᠬᠦ ᠭᠤᠣᠯ ᠰᠡᠳᠦᠪ ᠤᠨ ᠲᠣᠭᠤᠷᠢᠨ ᠳᠤ᠂ ᠥᠪᠡᠷ ᠤᠨ

ᠣᠨᠴᠠᠯᠢᠭ ᠲᠠᠢ ᠪᠠᠨ ᠤᠶᠠᠯᠳᠤᠭᠤᠯᠵᠤ᠂ ᠰᠢᠷᠢᠰ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠪᠡ᠃ ︽ᠦᠨᠡᠨᠴᠢ

ᠢᠲᠡᠭᠡᠮᠵᠢ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠲᠠᠪᠤᠨ ᠰᠠᠷ᠎ᠠ ᠶᠢᠨ

ᠳᠥᠷᠪᠡᠨ ᠤ ᠵᠣᠷᠢᠭ ᠰᠠᠨᠠᠭ᠎ᠠ ᠶᠢ ᠦᠶ᠎ᠡ  ᠶᠢᠨ ᠦᠶ᠎ᠡ ᠤᠯᠠᠮᠵᠢᠯᠠᠵᠤ ᠦᠨᠳᠦᠰᠦᠲᠡᠨ ᠤ ᠪᠦᠯᠬᠦᠮᠳᠡᠯ ᠢᠷᠡᠭᠡᠳᠦᠢ          

 ᠶᠢ ᠴᠣᠭᠴᠠᠯᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ          

ᠪᠠᠲᠤᠳᠬᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ᠂ ︽ᠨᠠᠮ ᠤᠨ ᠠᠴᠢ ᠳᠤ ᠲᠠᠯᠠᠷᠬᠠᠵᠤ᠂

ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠨᠡᠶᠢᠭᠡᠮ ᠤᠨ ᠦᠢᠯᠡᠳᠦᠯᠭᠡ ᠵᠡᠷᠭᠡ ᠶᠣᠰᠣ ᠰᠤᠷᠲᠠᠬᠤᠨ ᠤ

ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠵᠤ᠂ ᠪᠠᠭᠰᠢ ᠰᠤᠷᠤᠭᠴᠢᠳ ᠤᠨ ᠡᠬᠡ ᠣᠷᠣᠨᠴᠢ ᠦᠵᠡᠯ ᠤᠨ ᠬᠠᠶᠢᠷ᠎ᠠ

ᠰᠡᠳᠬᠢᠯᠭᠡ ᠶᠢ ᠲᠠᠰᠤᠷᠠᠯᠲᠠ ᠦᠭᠡᠢ ᠵᠤᠵᠠᠭᠠᠳᠬᠠᠵᠤ᠂ ᠥᠷᠭᠡᠨ ᠣᠯᠠᠨ ᠰᠤᠷᠤᠭᠴᠢ ᠶᠢ ᠬᠥᠮᠦᠵᠢᠭᠦᠯᠦᠨ

ᠵᠢᠯᠣᠭᠤᠳᠴᠤ ᠵᠥᠪ ᠦᠨᠳᠦᠰᠦᠲᠡᠨ ᠤ ᠦᠵᠡᠯᠲᠡ ᠶᠢ ᠪᠣᠢ ᠪᠣᠯᠭᠠᠪᠠ᠃ ᠲᠤᠰᠬᠠᠢ ᠰᠡᠳᠦᠪᠲᠦ ᠪᠣᠯᠪᠠᠰᠤᠷᠠᠯ᠂

ᠨᠡᠶᠢᠲᠡᠯᠢᠭ ᠦᠢᠯᠡ ᠠᠵᠢᠯᠯᠠᠭ᠎ᠠ ᠶᠢ ᠬᠤᠪᠢᠶᠠᠯᠴᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠳᠡᠯᠭᠡᠨ ᠦᠵᠡᠭᠦᠯᠭᠡ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ ᠠᠵᠢᠯᠯᠠᠭ᠎ᠠ ᠶᠢ

ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠳᠤ ᠪᠠᠭᠰᠢ ᠰᠤᠷᠤᠭᠴᠢᠳ ᠤᠨ ᠤᠷ᠎ᠠ ᠴᠢᠳᠠᠪᠤᠷᠢ ᠪᠠ ᠣᠶᠤᠨ

ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠦᠵᠡᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ

ᠳᠠᠪᠠᠭᠤᠯᠢᠭ ᠪᠠ ᠣᠨᠴᠠᠯᠢᠭ ᠢ ᠪᠦᠬᠦ ᠲᠠᠯ᠎ᠠ ᠪᠠᠷ ᠤᠬᠠᠭᠤᠯᠤᠨ᠂ ᠰᠤᠷᠭᠠᠭᠤᠯᠢ ᠶᠢᠨ ᠨᠡᠶᠢᠭᠡᠮ ᠢ ᠨᠥᠯᠥᠭᠡᠯᠡᠬᠦ ᠬᠦᠴᠦᠨ

ᠪᠠ ᠬᠥᠮᠦᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠮᠡᠳᠡᠷᠡᠬᠦ ᠬᠡᠮᠵᠢᠶ᠎ᠡ ᠶᠢ ᠦᠷᠭᠦᠯᠵᠢᠯᠡᠨ

ᠳᠡᠭᠡᠭᠰᠢᠯᠡᠭᠦᠯᠪᠡ᠃

   

2.webp.png

      ᠣᠶᠢᠷ᠎ᠠ ᠶᠢᠨ ᠵᠢᠯ ᠳᠤ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ

ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂

ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ

ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠦᠢᠯᠡᠰ ᠢ ᠯᠠᠪᠳᠠᠭᠤᠨ ᠢᠶᠠᠷ ᠠᠬᠢᠭᠤᠯᠪᠠ᠃

       ᠵᠣᠬᠢᠶᠠᠵᠤ ᠲᠤᠭᠤᠷᠪᠢᠬᠤ ᠶᠢ ᠪᠠᠶᠢᠷᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠥᠭᠵᠢᠯᠲᠡ ᠶᠢᠨ ᠠᠯᠤᠰ ᠬᠡᠳᠦ ᠶᠢᠨ ᠲᠥᠯᠥᠪ ᠢ ᠵᠦᠢ ᠵᠣᠬᠢᠰᠲᠠᠢ ᠲᠥᠯᠦᠪᠵᠢᠭᠦᠯᠪᠡ ᠃ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠶᠢ ︽ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ

ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ

2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ᠣᠷᠣᠭᠤᠯᠵᠤ᠂ ᠬᠤᠲᠠ ᠶᠢᠨ ᠵᠠᠰᠠᠭ ᠤᠨ ᠣᠷᠳᠣᠨ 

 ᠠᠴᠠ ᠤᠷᠢᠳ ᠬᠤᠵᠢᠳ ︽ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ︿ᠠᠷᠪᠠᠨ ᠳᠥᠷᠪᠡᠳᠦᠭᠡᠷ ᠲᠠᠪᠤᠨ          

ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠪᠠᠶᠠᠨᠨᠠᠭᠤᠷ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ

ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠬᠢᠯᠡᠭᠰᠡᠨ ᠰᠤᠷᠭᠠᠨ

ᠬᠥᠮᠦᠵᠢᠯ ᠤᠨ ᠡᠷᠡᠭᠦᠯ  ᠢᠶᠠᠷ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠪᠠᠶᠠᠨᠨᠠᠭᠤᠷ ᠬᠤᠲᠠ ᠶᠢᠨ

ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023

ᠣᠨ - 2025 ᠣᠨ︶︾ ᠵᠡᠷᠭᠡ ᠪᠢᠴᠢᠭ ᠮᠠᠲ᠋ᠧᠷᠢᠶᠠᠯ ᠢ ᠲᠤᠭᠤᠷᠪᠢᠨ ᠨᠡᠶᠢᠲᠡᠯᠡᠵᠦ᠂ ᠪᠠᠶᠠᠨᠨᠠᠭᠤᠷ ᠬᠤᠲᠠ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠭᠤᠣᠯᠳᠠᠯᠭ᠎ᠠ ᠲᠠᠢ᠂

ᠠᠯᠬᠤᠮ ᠳᠠᠷᠠᠭ᠎ᠠ ᠲᠠᠢ ᠠᠬᠢᠭᠤᠯᠪᠠ᠃ ᠣᠳᠣᠬᠠᠨ ᠳᠤ᠂ ᠪᠠᠶᠠᠨᠨᠠᠭᠤᠷ ᠬᠤᠲᠠ ᠳᠤ ᠨᠢᠭᠡᠨᠲᠡ ᠤᠯᠤᠰ ᠤᠨ ᠳᠡᠰ ᠤᠨ

ᠭᠤᠣᠯᠳᠠᠯᠭ᠎ᠠ ᠲᠠᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 3᠂ ᠥᠪᠡᠷᠲᠡᠭᠡᠨ ᠵᠠᠰᠠᠬᠤ ᠣᠷᠣᠨ ᠤ

ᠳᠡᠰ ᠤᠨ ᠭᠤᠣᠯᠳᠠᠯᠭ᠎ᠠ ᠲᠠᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2᠂ ᠤᠯᠤᠰ ᠤᠨ ᠳᠡᠰ ᠤᠨ

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ

ᠳᠠᠭᠤᠷᠢᠶᠠᠯ ᠦᠵᠡᠭᠦᠯᠬᠦ ᠰᠤᠷᠭᠠᠭᠤᠯᠢ 2 ᠢ ᠪᠠᠶᠢᠭᠤᠯᠵᠤ᠂ ᠶᠠᠭ ᠰᠠᠶᠢᠬᠠᠨ ᠪᠠᠶᠢᠭᠤᠯᠵᠤ ᠪᠠᠶᠢᠭ᠎ᠠ ᠥᠪᠡᠷᠲᠡᠭᠡᠨ

ᠵᠠᠰᠠᠬᠤ ᠣᠷᠣᠨ ᠤ ᠳᠡᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ

ᠬᠥᠭᠵᠢᠭᠦᠯᠦᠯᠲᠡ ᠶᠢᠨ  ᠳᠠᠭᠤᠷᠢᠶᠠᠯ ᠦᠵᠡᠭᠦᠯᠬᠦ ᠰᠤᠷᠭᠠᠭᠤᠯᠢ 3᠂ ᠪᠠᠶᠢᠭᠤᠯᠬᠤ ᠪᠠᠷ ᠴᠢᠷᠮᠠᠶᠢᠵᠤ ᠪᠠᠶᠢᠭ᠎ᠠ

ᠤᠯᠤᠰ ᠤᠨ ᠳᠡᠰ ᠤᠨ ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 1᠂ ᠥᠪᠡᠷᠲᠡᠭᠡᠨ

ᠵᠠᠰᠠᠬᠤ ᠣᠷᠣᠨ ᠤ ᠳᠡᠰ ᠤᠨ ᠴᠢᠨᠠᠷᠯᠢᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2 ᠪᠣᠢ᠃

      ᠣᠨᠴᠠᠯᠢᠭ ᠢ ᠲᠣᠪᠤᠶᠢᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ

ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠪᠡ᠃ ᠲᠥᠪ᠂ ᠥᠪᠡᠷᠲᠡᠭᠡᠨ ᠵᠠᠰᠠᠬᠤ ᠣᠷᠣᠨ ᠤ          

ᠡᠳ᠋ ᠤᠨ ᠵᠠᠰᠠᠭ ᠤᠨ ᠴᠢᠨᠠᠷᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠴᠢᠩᠭ᠎ᠠ

ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ  ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ

ᠰᠠᠶᠢᠵᠢᠷᠠᠭᠤᠯᠵᠤ᠂ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ ᠴᠢᠳᠠᠪᠤᠷᠢ ᠶᠢ ᠲᠠᠰᠤᠷᠠᠯᠲᠠ ᠥᠬᠡᠶ          

ᠴᠢᠩᠭᠠᠳᠬᠠᠪᠠ᠃ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠱᠠᠲᠤ

ᠬᠤᠪᠢᠶᠠᠨ ᠰᠢᠯᠢᠳᠡᠭᠵᠢᠭᠦᠯᠦᠨ ᠨᠡᠶᠢᠯᠡᠭᠦᠯᠵᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ  ᠶᠢ ᠲᠣᠬᠢᠷᠠᠭᠤᠯᠤᠨ᠂

ᠪᠦᠬᠦ ᠬᠤᠲᠠ ᠶᠢᠨ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 8

ᠲᠥᠷᠥᠯ ᠤᠨ 33 ᠲᠤᠰᠬᠠᠢ ᠮᠡᠷᠭᠡᠵᠢᠯ ᠢ ᠨᠡᠭᠡᠭᠡᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ

14 ᠲᠥᠷᠥᠯ ᠤᠨ 53 ᠲᠤᠰᠬᠠᠢ ᠮᠡᠷᠭᠡᠵᠢᠯ ᠢ ᠲᠣᠬᠢᠷᠠᠭᠤᠯᠪᠠ᠃ ᠣᠳᠣ ᠨᠢᠭᠡᠨᠲᠡ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠪᠦᠷᠢᠨ ᠭᠦᠢᠴᠡᠳ᠂ ᠠᠯᠪᠠᠨ ᠠᠴᠠ ᠡᠷᠬᠢᠯᠡᠬᠦ ᠪᠠ ᠠᠷᠠᠳ ᠠᠴᠠ ᠡᠷᠬᠢᠯᠡᠬᠦ ᠶᠢ ᠬᠠᠮᠵᠢᠨ

ᠬᠥᠭᠵᠢᠭᠦᠯᠬᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ

ᠮᠡᠷᠭᠡᠵᠢᠯ ᠶᠢᠨ ᠰᠤᠷᠭᠠᠭᠤᠯᠢ ᠶᠢ ᠵᠣᠯᠭᠠᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠢᠯ

ᠮᠡᠷᠭᠡᠵᠢᠯ ᠤᠨ ᠪᠣᠯᠪᠠᠰᠤᠷᠠᠯ ᠢ ᠵᠡᠷᠭᠡ ᠪᠠᠷ ᠴᠢᠬᠤᠯᠠᠴᠢᠯᠠᠬᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠳᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠪᠡ᠃ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ︽ᠬᠤᠶᠠᠷ ᠢ ᠵᠡᠷᠭᠡᠴᠡᠭᠦᠯᠬᠦ︾ ᠶᠢ ᠪᠠᠷᠢᠮᠲᠠᠯᠠᠨ᠂

ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠬᠠᠮᠲᠤ ᠨᠠᠰᠤᠨ ᠳᠤ ᠬᠦᠷᠦᠭᠰᠡᠳ ᠤᠨ

ᠦᠷᠭᠦᠯᠵᠢᠯᠡᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠨᠡᠶᠢᠭᠡᠮ ᠤᠨ ᠭᠤᠣᠯᠳᠠᠯᠭ᠎ᠠ ᠲᠠᠢ ᠬᠥᠮᠦᠰ ᠲᠤ

ᠬᠠᠨᠳᠤᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠠᠵᠢᠯ

ᠣᠯᠵᠤ ᠦᠢᠯᠡᠰ ᠪᠣᠰᠬᠠᠬᠤ ᠴᠢᠳᠠᠪᠤᠷᠢ ᠪᠠ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠪᠡ᠃ 2023 ᠣᠨ ᠠᠴᠠ

ᠨᠠᠭᠠᠰᠢ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠡᠯ᠎ᠡ ᠲᠥᠷᠥᠯ ᠤᠨ ᠨᠡᠶᠢᠭᠡᠮ ᠤᠨ ᠪᠦᠯᠬᠦᠮ

ᠨᠡᠶᠢᠲᠡ ᠳᠤ ᠬᠠᠨᠳᠤᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 3 ᠲᠦᠮᠡ ᠭᠠᠷᠤᠢ

ᠬᠥᠮᠦᠨ ᠤᠳᠠᠭ᠎ᠠ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠤᠷ᠎ᠠ ᠴᠢᠳᠠᠪᠤᠷᠢᠲᠤ

ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ ᠰᠤᠷᠤᠭᠴᠢ ᠡᠯᠰᠡᠬᠦ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠶᠢ ᠨᠢᠭᠡᠳᠦᠯᠲᠡᠢ ᠡᠯᠰᠡᠬᠦ ᠪᠠᠷ

ᠭᠤᠣᠯ ᠪᠣᠯᠭᠠᠬᠤ᠂ ᠥᠪᠡᠰᠦᠪᠡᠨ ᠡᠯᠰᠡᠬᠦ ᠪᠠᠷ ᠬᠠᠪᠰᠤᠷᠤᠮᠵᠢ ᠪᠣᠯᠭᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠯᠵᠢᠶᠡᠨ ᠳᠤ ᠨᠡᠷ᠎ᠡ ᠮᠡᠳᠡᠭᠦᠯᠬᠦ ᠪᠠ ᠰᠦᠯᠵᠢᠶᠡᠨ ᠳᠤ

ᠡᠯᠰᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠡᠮᠬᠢ ᠵᠠᠮᠪᠠᠷᠠᠭ᠎ᠠ ᠦᠭᠡᠢ ᠰᠤᠷᠤᠭᠴᠢ ᠡᠯᠰᠡᠬᠦ ᠶᠠᠪᠤᠳᠠᠯ ᠢ ᠪᠦᠲᠦᠮᠵᠢᠲᠡᠢ ᠬᠤᠷᠢᠭᠯᠠᠵᠤ᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢ ᠪᠠᠲᠤᠯᠠᠵᠤ᠂ ᠠᠩᠬ᠎ᠠ ᠵᠡᠷᠭᠡ ᠶᠢᠨ

ᠳᠤᠮᠳᠠᠳᠤ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ  ᠤᠨ ᠰᠤᠷᠭᠠᠭᠤᠯᠢ ᠪᠠ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢ ᠥᠪᠡᠰᠦᠪᠡᠨ ᠵᠦᠢ ᠵᠣᠬᠢᠰᠲᠠᠢ ᠰᠣᠩᠭᠤᠬᠤ ᠶᠢ ᠬᠥᠲᠥᠯᠥᠨ ᠵᠢᠯᠣᠭᠤᠳᠪᠠ᠃ ᠨᠡᠶᠢᠭᠡᠮ

ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠠᠬᠢᠭᠤᠯᠤᠨ᠂

ᠨᠠᠰᠤᠨ ᠲᠤᠷᠰᠢᠳᠠ ᠶᠢᠨ ᠰᠤᠷᠤᠯᠴᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ 2023 ᠣᠨ ᠳᠤ᠂ ᠪᠠᠶᠠᠨᠨᠠᠭᠤᠷ

ᠬᠤᠲᠠ ᠶᠢᠨ ᠨᠢᠭᠡ ᠪᠠᠭᠰᠢ ᠪᠠ ᠨᠢᠭᠡ ᠲᠥᠷᠥᠯ ᠵᠦᠢᠯ ᠲᠤᠰ ᠲᠤᠰ ᠪᠦᠬᠦ ᠤᠯᠤᠰ ᠤᠨ ᠰᠢᠨ᠎ᠡ ᠴᠠᠭ ᠦᠶ᠎ᠡ ᠶᠢᠨ

︽ᠠᠷᠠᠳ ᠣᠯᠠᠨ ᠢᠶᠠᠷ ᠢᠶᠠᠨ ᠰᠤᠷᠤᠯᠴᠠᠬᠤ ᠣᠳᠣᠨ︾ ᠪᠠ ︽ᠨᠠᠰᠤᠨ ᠲᠤᠷᠰᠢᠳᠠ ᠰᠤᠷᠤᠯᠴᠠᠬᠤ ᠨᠡᠷᠡᠲᠦ ᠲᠥᠷᠥᠯ

ᠵᠦᠢᠯ︾ ᠢᠶᠠᠷ ᠦᠨᠡᠯᠡᠭᠳᠡᠪᠡ᠃

      ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠯ᠎ᠡ ᠰᠤᠷᠭᠠᠭᠤᠯᠢ ᠶᠢᠨ

 ᠬᠢᠨ ︽ ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ︾ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂

ᠰᠤᠷᠤᠭᠴᠢᠳ ᠤᠨ ᠭᠠᠷ ᠬᠥᠳᠡᠯᠬᠦ ᠴᠢᠳᠠᠪᠤᠷᠢ ᠪᠠ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠢ

ᠴᠢᠬᠤᠯᠠᠴᠢᠯᠠᠨ ᠴᠢᠩᠭᠠᠳᠬᠠᠪᠠ᠃ 2024 ᠣᠨ ᠳᠤ ᠪᠤᠭᠤᠲᠤ ᠬᠤᠲᠠ ᠯᠤᠭ᠎ᠠ ᠳᠤᠮᠳᠠᠳᠤ ᠵᠡᠷᠭᠡ  ᠶᠢᠨ ᠠᠵᠢᠯ

ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ︶ ᠶᠢᠨ ᠤᠷ᠎ᠠ ᠴᠢᠳᠠᠪᠤᠷᠢ ᠶᠢᠨ

ᠤᠷᠤᠯᠳᠤᠭᠠᠨ ᠢ ᠬᠠᠮᠲᠤᠷᠠᠨ ᠡᠷᠬᠢᠯᠡᠵᠦ᠂ ᠣᠯᠠᠨ ᠳᠡᠰ ᠳᠠᠪᠬᠤᠷᠭ᠎ᠠ ᠣᠯᠠᠨ ᠬᠠᠷᠠᠭᠠᠰᠤ ᠠᠴᠠ ᠴᠢᠳᠠᠪᠤᠷᠢᠲᠠᠨ

ᠬᠥᠮᠦᠵᠢᠭᠦᠯᠬᠦ ᠵᠠᠭᠪᠤᠷ ᠢ ᠠᠬᠢᠭᠤᠯᠪᠠ᠃ 2023 ᠣᠨ  ᠳᠤ᠂ ᠪᠠᠶᠠᠨᠨᠠᠭᠤᠷ ᠬᠤᠲᠠ ᠶᠢᠨ ᠪᠠᠭᠰᠢ ᠪᠦᠬᠦ ᠤᠯᠤᠰ ᠤᠨ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ

ᠤᠷᠤᠯᠳᠤᠭᠠᠨ ᠳᠤ ᠣᠷᠣᠯᠴᠠᠵᠤ᠂ 1 ᠳᠤᠭᠤᠶᠢᠯᠠᠩ ᠤᠨ ᠪᠠᠭᠰᠢ ᠲᠤᠰᠬᠠᠢ ᠮᠡᠷᠭᠡᠵᠢᠯ ᠤᠨ ᠬᠤᠶᠠᠳᠤᠭᠠᠷ ᠳᠤᠭᠤᠶᠢᠯᠠᠩ 

 ᠤᠨ ᠭᠤᠷᠪᠠᠳᠤᠭᠠᠷ ᠳᠡᠰ ᠤᠨ ᠱᠠᠩᠨᠠᠯ᠂ 1 ᠪᠠᠭᠰᠢ ᠠᠩᠭᠢ ᠶᠢᠨ ᠡᠷᠬᠢᠯᠡᠭᠴᠢ ᠶᠢᠨ ᠴᠢᠳᠠᠪᠤᠷᠢ ᠶᠢᠨ ᠭᠤᠷᠪᠠᠳᠤᠭᠠᠷ

ᠳᠡᠰ ᠤᠨ ᠱᠠᠩᠨᠠᠯ ᠬᠦᠷᠲᠡᠪᠡ᠃ ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠲᠤᠰᠬᠠᠢ ᠮᠡᠷᠭᠡᠵᠢᠯ ᠤᠨ

ᠤᠷ᠎ᠠ ᠴᠢᠳᠠᠪᠤᠷᠢ ᠶᠢᠨ ᠨᠢᠭᠡᠳᠦᠭᠡᠷ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ

ᠱᠠᠩᠨᠠᠯ 1᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠤᠶᠠᠳᠤᠭᠠᠷ ᠳᠤᠭᠤᠶᠢᠯᠠᠩ ᠤᠨ ᠬᠤᠶᠠᠳᠤᠭᠠᠷ

ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 2᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠠᠩᠭᠢ ᠶᠢᠨ ᠡᠷᠬᠢᠯᠡᠭᠴᠢ ᠶᠢᠨ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 1 ᠭᠦᠷᠲᠡᠵᠦ᠂

ᠬᠠᠮᠤᠭ ᠤᠨ ᠭᠤᠶᠣ ᠠᠩᠭᠢ ᠶᠢᠨ ᠡᠷᠬᠢᠯᠡᠭᠴᠢ 1 ᠲᠣᠳᠤᠷᠠᠪᠠ᠃ ᠪᠦᠬᠦ ᠣᠷᠣᠨ ᠤ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠨᠢᠭᠡᠳᠦᠭᠡᠷ

ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 5᠂ ᠭᠤᠷᠪᠠᠳᠤᠭᠠᠷ ᠳᠡᠰ ᠤᠨ ᠱᠠᠩᠨᠠᠯ 10 ᠶᠢ          

ᠬᠦᠷᠲᠡᠪᠡ᠃ ᠪᠦᠬᠦ ᠬᠤᠲᠠ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ 393 ᠶᠢ

ᠮᠠᠭᠠᠳᠯᠠᠨ ᠲᠣᠭᠲᠠᠭᠠᠵᠤ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠬᠠᠷᠢᠴᠠᠯ 64.13% ᠬᠦᠷᠪᠡ᠃

      ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠵᠦ᠂ ᠠᠵᠤ ᠦᠢᠯᠡᠳᠪᠦᠷᠢ ᠰᠤᠷᠭᠠᠨ ᠬᠥᠮᠥᠵᠢᠯ ᠤᠨ

ᠠᠭᠤᠰᠤᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠪᠦᠬᠦ ᠬᠤᠲᠠ ᠶᠢᠨ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠪᠣᠯᠤᠨ ᠲᠣᠭᠤᠷᠢᠭ ︵ᠬᠤᠲᠠ︶ ᠤᠨ ᠳᠣᠲᠤᠨ᠎ᠠ ᠭᠠᠳᠠᠨᠠᠬᠢ 117 ᠠᠵᠤ ᠠᠬᠤᠶᠢᠯᠠᠯ

ᠠᠵᠢᠯ ᠦᠢᠯᠡᠰ ᠤᠨ ᠨᠢᠭᠡᠴᠢ ᠯᠦᠭᠡ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠵᠢᠴᠢ ᠠᠵᠤ ᠦᠢᠯᠡᠳᠪᠦᠷᠢ

ᠪᠠ ᠰᠤᠷᠭᠠᠨ ᠬᠥᠮᠥᠵᠢᠯ ᠶᠢ ᠠᠭᠤᠰᠬᠠᠬᠤ ᠠᠵᠢᠯᠯᠠᠭ᠎ᠠ ᠶᠢ ᠥᠷᠨᠢᠭᠦᠯᠵᠦ᠂ 42 ᠠᠵᠤ ᠠᠬᠤᠶᠢᠯᠠᠯ ᠠᠵᠢᠯ

ᠦᠢᠯᠡᠰ ᠤᠨ ᠨᠢᠭᠡᠴᠢ ᠲᠠᠢ ᠤᠷᠲᠤ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂

ᠬᠠᠮᠲᠤᠷᠠᠯᠴᠠᠭᠠᠨ ᠤ ᠠᠷᠭ᠎ᠠ ᠮᠠᠶ᠋ᠢᠭ ᠲᠤ ᠭᠤᠣᠯᠳᠠᠭᠤ ᠬᠠᠮᠲᠤᠷᠠᠨ ᠰᠤᠷᠭᠠᠭᠤᠯᠢ ᠡᠷᠬᠢᠯᠡᠬᠦ᠂ ᠠᠵᠢᠯ ᠤᠨ ᠪᠠᠶᠢᠷᠢ

ᠣᠷᠣᠯᠠᠨ ᠳᠠᠳᠤᠯᠭ᠎ᠠ ᠬᠢᠬᠦ᠂ ᠵᠠᠬᠢᠶᠠᠯᠠᠭ᠎ᠠ ᠪᠠᠷ ᠬᠥᠮᠦᠵᠢᠭᠦᠯᠬᠦ᠂ ᠤᠷ᠎ᠠ ᠮᠡᠷᠭᠡᠵᠢᠯ ᠤᠨ ᠠᠵᠢᠯᠯᠠᠬᠤ ᠲᠠᠰᠤᠭ

ᠪᠠᠶᠢᠭᠤᠯᠬᠤ᠂ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ ᠵᠡᠷᠭᠡ ᠵᠠᠭᠪᠤᠷ ᠢ ᠪᠠᠭᠲᠠᠭᠠᠪᠠ᠃ 6 ᠶᠡᠭᠡ

ᠳᠡᠭᠡᠳᠦ ᠰᠤᠷᠭᠠᠭᠤᠯᠢ ᠪᠣᠯᠤᠨ 58 ᠠᠵᠤ ᠠᠬᠤᠶᠢᠯᠠᠯ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ

ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠳᠤ ᠲᠦᠰᠢᠭᠯᠡᠨ᠂ ᠬᠠᠮᠲᠤ ᠪᠠᠷ ᠥᠪᠡᠷᠲᠡᠭᠡᠨ

ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠤᠨ ᠬᠤᠯᠪᠣᠭᠠᠲᠤ ᠴᠣᠭᠴᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠨ ᠣᠷᠣᠪᠠ᠃ ᠥᠪᠡᠷᠲᠡᠭᠡᠨ

ᠵᠠᠰᠠᠬᠤ ᠣᠷᠣᠨ ᠤ ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠬᠤ ᠬᠠᠮᠲᠤ ᠶᠢᠨ

ᠴᠣᠭᠴᠠ ᠶᠢᠨ ᠲᠤᠷᠰᠢᠯᠲᠠ ᠶᠢᠨ ᠴᠡᠭ ᠤᠨ ᠣᠷᠣᠯᠴᠠᠬᠤ ᠨᠢᠭᠡᠴᠢ ᠳᠤ 3 ᠰᠤᠷᠭᠠᠭᠤᠯᠢ ᠶᠢ ᠣᠷᠣᠭᠤᠯᠪᠠ᠃ 5

ᠰᠤᠷᠭᠠᠭᠤᠯᠢ ᠪᠠ 1 ᠰᠤᠷᠭᠠᠭᠤᠯᠢ ᠠᠴᠠ ᠡᠷᠬᠢᠯᠡᠭᠰᠡᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ

ᠠᠩᠬᠠᠳᠠᠭᠴᠢ ᠪᠦᠯᠦᠭ ᠤᠨ ᠠᠵᠤ  ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠦᠢᠯᠡᠳᠦᠯᠭᠡ ᠶᠢᠨ

ᠲᠥᠪ ᠤᠨ ᠲᠤᠷᠰᠢᠯᠲᠠ ᠶᠢᠨ ᠴᠡᠭ ᠢ ᠪᠦᠲᠦᠭᠡᠨ  ᠪᠠᠶᠢᠭᠤᠯᠬᠤ ᠨᠢᠭᠡᠴᠢ ᠳᠤ ᠵᠢᠭᠰᠠᠭᠠᠨ ᠣᠷᠣᠭᠤᠯᠵᠤ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠲᠠᠲᠠᠬᠤ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠪᠡ᠃

   

3.webp.png

      ᠳᠠᠷᠠᠭ᠎ᠠ ᠠᠯᠬᠤᠮ ᠳᠤ᠂ ᠪᠠᠶᠠᠨᠨᠠᠭᠤᠷ ᠬᠤᠲᠠ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠳᠤ ᠰᠠᠭᠤᠷᠢᠯᠠᠨ᠂ ᠬᠤᠶᠠᠷ ᠶᠡᠭᠡ ᠶᠠᠪᠤᠳᠠᠯ ᠳᠤ  ᠦᠢᠯᠡᠴᠢᠯᠡᠬᠦ ᠶᠢ ᠨᠠᠶᠢᠳᠠᠪᠤᠷᠢᠵᠢᠭᠤᠯᠬᠤ ᠳᠤ

ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠴᠣᠭᠴᠠ ᠬᠤᠶᠠᠷ ᠵᠢᠭᠦᠷ ᠲᠠᠪᠤᠨ ᠭᠤᠣᠯᠳᠠᠯᠭ᠎ᠠ︾ ᠶᠢᠨ

ᠲᠣᠭᠤᠷᠢᠨ ᠳᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ

ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠷᠭᠦᠯᠵᠢᠯᠡᠨ ᠰᠠᠭᠤᠷᠢ ᠪᠠᠨ ᠴᠢᠩᠭᠠᠳᠬᠠᠨ᠂

ᠳᠤᠲᠠᠭᠤᠳᠠᠯ ᠢᠶᠠᠨ ᠨᠥᠬᠦᠪᠥᠷᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠵᠣᠬᠢᠴᠠᠭᠰᠠᠨ

ᠥᠨᠳᠥᠷ ᠬᠡᠪ ᠪᠣᠯᠪᠠᠰᠤᠷᠠᠯ  ᠲᠠᠢ ᠳᠡᠭᠡᠳᠦ ᠵᠡᠷᠭᠡ ᠶᠢᠨ ᠨᠡᠩ ᠣᠯᠠᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ

ᠳᠠᠷᠬᠠᠨ᠂ ᠤᠯᠤᠰ ᠤᠨ ᠲᠣᠮᠣ ᠤᠷᠠᠨ ᠳᠠᠷᠬᠠᠨ ᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号