ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/27
      ᠤᠯᠤᠰ ᠤᠨ ︽ᠬᠤᠶᠠᠷ ᠢ ᠬᠥᠩᠭᠡᠷᠡᠭᠦᠯᠬᠦ︾ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠬᠠᠢ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠬᠠᠤᠯᠢ ᠶᠣᠰᠣᠭᠠᠷ ᠡᠵᠡᠩᠨᠡᠭᠦᠯᠵᠦ᠂ ᠦᠨᠡᠨᠴᠢ ᠢᠲᠡᠭᠡᠮᠵᠢᠲᠡᠢ ᠪᠠᠷ ᠰᠤᠷᠭᠠᠭᠤᠯᠢ ᠡᠷᠬᠢᠯᠡᠬᠦ ᠶᠢᠨ ᠲᠥᠯᠥᠭᠡ᠂ 6 ᠰᠠᠷ᠎ᠠ ᠶᠢᠨ 21 ᠤ ᠡᠳᠦᠷ᠂ ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠴᠢᠶᠡᠯ ᠲᠥᠷᠦᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ 7 ᠶᠢ  ᠪᠠᠶᠢᠴᠠᠭᠠᠪᠠ᠃      ᠡᠨᠡ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢ ᠪᠦᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠢ ᠬᠡᠷᠡᠭᠯᠡᠭᠰᠡᠨ ᠨᠣᠷᠮ᠎ᠠ ᠥᠨᠳᠥᠷ ᠪᠢᠰᠢ᠂ ᠢᠯᠡ ᠨᠡᠶᠢᠲᠡᠯᠡᠬᠦ ᠪᠤᠯᠤᠩ ᠤᠨ ᠮᠡᠳᠡᠭᠡ ᠵᠠᠩᠭᠢ ᠶᠢ ᠨᠡᠶᠢᠲᠡᠯᠡᠭᠰᠡᠨ ᠨᠢ ᠵᠢᠷᠤᠮᠵᠢᠯ ᠦᠭᠡᠢ᠂ ᠪᠣᠷᠣᠯᠠᠭᠤᠯᠤᠨ ᠬᠤᠳᠠᠯᠳᠤᠵᠤ ᠪᠠᠶᠢᠭ᠎ᠠ ᠬᠢᠴᠢᠶᠡᠯ ᠢ ᠲᠣᠭᠲᠠᠭᠠᠯ ᠶᠣᠰᠣᠭᠠᠷ ᠡᠬᠢᠯᠡᠵᠦ ᠬᠤᠳᠠᠯᠳᠤᠭᠰᠠᠨ ᠦᠭᠡᠢ᠂ ᠪᠡᠯᠡ ᠮᠥᠩᠭᠦᠨ ᠤ ᠡᠷᠭᠢᠯᠲᠡ ᠦᠭᠡᠢ ᠵᠡᠷᠭᠡ ᠲᠠᠯ᠎ᠠ ᠪᠠᠷ ᠳᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠬᠡᠰᠡᠭ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠤᠣᠯᠳᠠᠯᠭ᠎ᠠ ᠲᠠᠢ ᠴᠢᠭᠯᠡᠭᠦᠯᠪᠡ᠃ ᠠᠬᠤᠢ ᠲᠠᠯᠠᠪᠠᠢ ᠳᠤ ᠬᠢᠨᠠᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠬᠠᠮᠲᠤᠷᠠᠨ ᠪᠠᠶᠢᠴᠠᠭᠠᠬᠤ ᠳᠤᠭᠤᠶᠢᠯᠠᠩ ᠠᠬᠤᠢ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 7 ᠬᠤᠪᠢ ᠪᠠᠭᠤᠯᠭᠠᠪᠠ᠂ ᠡᠭᠦᠨ ᠳᠤ᠂ ᠬᠢᠴᠢᠶᠡᠯ ᠢ ᠡᠬᠢᠯᠡᠵᠦ ᠬᠤᠳᠠᠯᠳᠣᠭᠰᠠᠨ ᠦᠭᠡᠢ᠂ ᠰᠤᠷᠤᠭᠴᠢᠳ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠢᠴᠢᠵᠦ ᠣᠷᠣᠭᠤᠯᠤᠭᠰᠠᠨ ᠦᠭᠡᠢ᠂ ᠪᠡᠯᠡ ᠮᠥᠩᠭᠦ ᠲᠠᠪᠴᠠᠩ ᠤᠨ ᠬᠢᠨᠠᠨ ᠬᠠᠮᠢᠶᠠᠷᠬᠤ ᠠᠴᠠ ᠰᠠᠯᠤᠭᠰᠠᠨ ᠵᠡᠷᠭᠡ ᠲᠠᠯ᠎ᠠ ᠶᠢᠨ ᠠᠰᠠᠭᠤᠳᠠᠯ ᠬᠦᠨᠳᠦ ᠨᠣᠴᠢᠲᠠᠢ 6 ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠷᠯᠢᠭᠳᠠᠵᠤ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠤᠨ ᠦᠢᠯᠡ ᠪᠠᠶᠢᠳᠠᠯ ᠨᠡᠯᠢᠶᠡᠳ ᠬᠥᠩᠭᠡᠨ 1 ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠢ ᠠᠬᠤᠢ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃      ᠳᠠᠷᠠᠭ᠎ᠠ ᠠᠯᠬᠤᠮ ᠳᠤ᠂ ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠡᠷᠴᠢᠮ  ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠦᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ             ᠬᠠᠮᠢᠶᠠᠷᠤᠯᠲᠠ ᠪᠣᠯᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠢ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠰᠤᠷᠤᠭᠴᠢ᠂ ᠭᠡᠷ ᠤᠨ ᠠᠬᠠᠮᠠᠳ ᠤᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠨ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃  

1.png

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号