| 6 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠣᠷ | ᠴᠠᠭᠠᠵᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠥᠬᠡᠬᠤᠲᠠ ᠳᠤ ᠬᠤᠷᠠᠯᠳᠤᠭᠤᠯᠵᠤ᠂ 2019 | ᠣᠨ ᠠᠴᠠ ᠨᠠᠭᠠᠰᠢᠬᠢ ᠪᠦᠬᠦ ᠣᠷᠣᠨ ᠤ ᠬᠤᠣᠷ ᠴᠠᠭᠠᠵᠠᠯᠠᠬᠤ ᠠᠵᠢᠯ ᠤᠨ ᠪᠠᠶᠢᠳᠠᠯ ᠢ ᠮᠡᠳᠡᠭᠳᠡᠪᠡ᠃ ᠥᠪᠡᠷᠲᠡᠭᠡᠨ | ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ | ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠭᠡᠰᠢᠭᠦᠨ᠂ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠳᠡᠳ᠋ ᠳᠠᠷᠤᠭ᠎ᠠ ᠵᠠᠩ ᠳ᠋ᠧ ᡁᠢ᠂ ᠥᠪᠡᠷᠲᠡᠭᠡᠨ | ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠭᠡᠰᠢᠭᠦᠨ᠂ ᠰᠢᠤᠳᠠᠨ ᠤ ᠬᠠᠮᠢᠶᠠᠷᠤᠯᠲᠠ ᠶᠢᠨ ᠳᠣᠪᠴᠢᠶᠠᠨ ᠤ | ᠳᠡᠳ᠋ ᠳᠠᠷᠤᠭ᠎ᠠ ᠳ᠋ᠦᠩ ᠭᠠᠩ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠤᠨ | ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ ᠶᠡᠷᠦᠩᠬᠡᠢ | ᠠᠩᠭᠢ ᠶᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠮ ᠡᠮᠨᠡᠯᠭᠡ ᠶᠢᠨ ᠲᠥᠷᠦ ᠶᠢᠨ ᠪᠣᠳᠤᠯᠭ᠎ᠠ ᠶᠢᠨ ᠭᠠᠵᠠᠷ ᠤᠨ ᠳᠠᠷᠤᠭ᠎ᠠ ᠠᠷᠰᠯᠠᠨ᠂ ᠥᠪᠡᠷᠲᠡᠭᠡᠨ ᠵᠠᠰᠠᠬᠤ | ᠣᠷᠣᠨ ᠤ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠳᠣᠪᠴᠢᠶᠠᠨ ᠤ ᠳᠡᠳ᠋ ᠳᠠᠷᠤᠭ᠎ᠠ ᠫᠠᠨ ᠲᠤᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | | | | | | ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠱᠠᠲᠤᠨ ᠤ ᠬᠤᠣᠷ ᠴᠠᠭᠠᠵᠠᠯᠠᠬᠤ ᠰᠠᠯᠠᠭ᠎ᠠ | ᠮᠥᠴᠢᠷ ᠤᠨ ᠬᠢᠨ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠰᠡᠷᠡᠮᠵᠢᠯᠡᠭᠦᠯᠬᠦ᠂ | ᠤᠬᠠᠭᠤᠯᠬᠤ︾ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ︽ᠬᠤᠣᠷ | ᠴᠠᠭᠠᠵᠠᠯᠠᠨ ᠬᠠᠤᠯᠢ ᠬᠡᠷᠡᠭᠵᠢᠭᠦᠯᠵᠦ᠂ ᠴᠣᠬᠢᠯᠲᠠ ᠥᠭᠭᠦᠨ ᠦᠷ᠎ᠡ ᠪᠥᠲᠦᠮᠵᠢ ᠶᠢ ᠳᠡᠭᠡᠭᠰᠢᠯᠡᠭᠦᠯᠬᠦ᠂ ᠬᠤᠣᠷ | ᠴᠠᠭᠠᠵᠠᠯᠠᠨ ᠤᠬᠠᠭᠤᠯᠤᠨ ᠬᠥᠮᠥᠵᠢᠭᠦᠯᠵᠦ ᠦᠷ᠎ᠡ ᠠᠰᠢᠭ ᠢ ᠳᠡᠭᠡᠭᠰᠢᠯᠡᠭᠦᠯᠬᠦ᠂ ᠬᠤᠣᠷ ᠲᠠᠲᠠᠬᠤ ᠬᠥᠮᠦᠰ ᠢ | ᠬᠠᠮᠢᠶᠠᠷᠤᠨ ᠡᠵᠡᠮᠳᠡᠬᠦ ᠨᠣᠷᠮ᠎ᠠ ᠶᠢ ᠳᠡᠭᠡᠭᠰᠢᠯᠡᠭᠦᠯᠬᠦ ᠪᠠ ᠬᠤᠣᠷᠲᠤ ᠡᠳ᠋ ᠤᠨ ᠭᠦᠢᠯᠭᠡᠭᠡᠨ ᠤ ᠲᠤᠭ᠎ᠠ ᠬᠡᠮᠵᠢᠶ᠎ᠡ ᠶᠢ | ᠪᠠᠭᠤᠷᠠᠭᠤᠯᠬᠤ᠂ ᠬᠤᠣᠷ ᠲᠠᠲᠠᠬᠤ ᠬᠥᠮᠦᠰ ᠤᠨ ᠡᠵᠡᠯᠡᠬᠦ ᠬᠠᠷᠢᠴᠠᠯ ᠢ ᠪᠠᠭᠠᠰᠬᠠᠬᠤ︾ ᠠᠵᠢᠯ ᠤᠨ ᠪᠠᠶᠢᠳᠠᠯ ᠢ | ᠪᠠᠲᠤᠯᠠᠵᠤ᠂ ᠰᠢᠨ᠎ᠡ ᠴᠠᠭ ᠦᠶ᠎ᠡ ᠶᠢᠨ ᠬᠤᠣᠷ ᠴᠠᠭᠠᠵᠠᠯᠠᠬᠤ ᠠᠷᠠᠳ ᠤᠨ ᠳᠠᠶᠢᠨ ᠢᠯᠡᠳᠲᠡ ᠦᠷ᠎ᠡ ᠪᠦᠲᠦᠮᠵᠢ | ᠣᠯᠵᠤ᠂ ᠪᠦᠬᠦ ᠣᠷᠣᠨ ᠤ ᠬᠤᠣᠷ ᠴᠠᠭᠠᠵᠠᠯᠠᠬᠤ ᠠᠵᠢᠯ ᠤᠨ ᠪᠠᠶᠢᠳᠠᠯ ᠢ ᠲᠣᠭᠲᠠᠭᠤᠨ ᠢᠶᠠᠷ ᠰᠠᠶᠢᠵᠢᠷᠠᠭᠤᠯᠪᠠ᠃ | | | | ᠬᠤᠣᠷᠲᠤ ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠣᠷ | ᠴᠠᠭᠠᠵᠠᠯᠠᠬᠤ ᠠᠵᠢᠯ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠡᠪᠴᠢᠶᠡᠨ ᠳᠤ ᠣᠷᠣᠭᠤᠯᠵᠤ᠂ | ᠠᠮᠤᠷ ᠲᠠᠶᠢᠪᠤᠭᠤᠨ ᠪᠠᠶᠢᠭᠤᠯᠤᠯᠲᠠ ᠪᠠ ᠪᠣᠯᠪᠠᠰᠤᠨ ᠢ ᠡᠭᠦᠳᠦᠨ ᠪᠠᠶᠢᠭᠤᠯᠬᠤ ᠰᠢᠯᠭᠠᠨ ᠦᠨᠡᠯᠡᠯᠲᠡ ᠳᠤ ᠵᠢᠭᠰᠠᠭᠠᠨ | ᠣᠷᠣᠭᠤᠯᠪᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠯ ᠪᠦᠷᠢ ᠬᠤᠣᠷ ᠴᠠᠭᠠᠵᠠᠯᠠᠬᠤ ᠲᠤᠰᠬᠠᠢ | ᠵᠠᠷᠤᠳᠠᠯ ᠢ ᠢᠵᠢ ᠪᠦᠷᠢᠳᠦᠭᠦᠯᠵᠦ᠂ ᠰᠠᠭᠤᠷᠢ ᠪᠡᠯᠡᠳᠬᠡᠮᠵᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠨᠣᠭᠯᠠᠯ ᠤᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠪᠡ︔ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠣᠷ ᠴᠠᠭᠠᠵᠠᠯᠠᠬᠤ ᠳᠦᠷᠢᠮ︾ ᠢ ᠨᠡᠶᠢᠲᠡᠯᠡᠨ ᠬᠡᠷᠡᠭᠵᠢᠭᠦᠯᠪᠡ︔ ᠬᠤᠣᠷ ᠴᠠᠭᠠᠵᠠᠯᠠᠬᠤ ᠵᠥᠪᠯᠡᠯ ᠤᠨ ᠪᠦᠷᠢᠯᠳᠦᠬᠦᠨ | ᠨᠢᠭᠡᠴᠢ ᠬᠦᠴᠦ ᠪᠠᠨ ᠬᠠᠮᠲᠤᠳᠬᠠᠨ ᠬᠤᠣᠷ ᠴᠠᠭᠠᠵᠠᠯᠠᠬᠤ ᠤᠬᠠᠭᠤᠯᠭ᠎ᠠ᠂ ᠬᠤᠣᠷ ᠲᠠᠲᠠᠬᠤ ᠶᠢ ᠵᠣᠭᠰᠤᠭᠠᠬᠤ᠂ | ᠬᠤᠣᠷ ᠲᠠᠷᠢᠬᠤ ᠶᠢ ᠴᠠᠭᠠᠵᠠᠯᠠᠬᠤ ᠵᠡᠷᠭᠡ ᠠᠵᠢᠯ ᠢ ᠠᠬᠢᠭᠤᠯᠪᠠ︔ ᠨᠡᠶᠢᠭᠡᠮ ᠤᠨ ᠬᠢᠨ ᠣᠷᠣᠯᠴᠠᠬᠤ ᠲᠠᠪᠴᠠᠩ ᠢ | ᠪᠠᠶᠢᠭᠤᠯᠵᠤ᠂ ᠬᠤᠣᠷ ᠴᠠᠭᠠᠵᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ ᠬᠤᠣᠷᠲᠤ ᠡᠳ᠋ ᠤᠨ | ᠠᠰᠠᠭᠤᠳᠠᠯ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠣᠭᠲᠠᠴᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ | ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠦᠢᠯᠡᠳᠦᠯ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠭᠤᠣᠯ | ᠬᠠᠷᠢᠭᠤᠴᠠᠯᠭ᠎ᠠ ᠶᠢ ᠡᠭᠦᠷᠭᠡᠯᠡᠵᠦ᠂ ︽ᠡᠬᠢ ᠰᠤᠷᠪᠤᠯᠵᠢ ᠶᠢ ᠴᠡᠪᠡᠷᠯᠡᠨ ᠤᠷᠤᠰᠬᠠᠯ ᠢ ᠲᠠᠰᠤᠯᠬᠤ︾ ᠠᠵᠢᠯᠯᠠᠭ᠎ᠠ ᠪᠠᠷ | ᠬᠥᠲᠥᠯᠦᠮᠵᠢ ᠪᠣᠯᠭᠠᠵᠤ᠂ ᠰᠢᠤᠳᠠᠨ᠂ ᠪᠣᠭᠤᠮᠲᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠵᠡᠷᠭᠡ | ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠣᠷ ᠴᠠᠭᠠᠵᠠᠯᠠᠬᠤ ᠳᠤ ᠴᠢᠩᠭ᠎ᠠ ᠴᠣᠬᠢᠯᠲᠠ | ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ 5 ᠵᠢᠯ ᠳᠤ ᠬᠤᠣᠷᠲᠤ ᠡᠳ᠋ ᠤᠨ ᠡᠷᠡᠭᠦᠦ ᠶᠢᠨ | ᠬᠡᠷᠡᠭ 2061 ᠶᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 3540 ᠶᠢ ᠪᠠᠷᠢᠪᠴᠢᠯᠠᠵᠤ᠂ ᠡᠯ᠎ᠡ ᠲᠥᠷᠥᠯ ᠤᠨ | ᠬᠤᠣᠷᠲᠤ ᠡᠳ᠋ ᠢ 102.3 ᠺᠢᠯᠣᠭ᠍ᠷᠠᠮ ᠣᠯᠵᠠᠯᠠᠪᠠ︔ ᠡᠯ᠎ᠡ ᠲᠥᠷᠦᠯ ᠤᠨ ᠢᠯᠡᠭᠡᠵᠦ ᠶᠠᠪᠤᠭᠤᠯᠤᠭᠰᠠᠨ ᠪᠠᠷᠠᠭᠠᠨ ᠤ | ᠭᠦᠢᠯᠭᠡᠭᠡᠨ ᠤ ᠬᠤᠣᠷ ᠫᠠᠨᠽᠠᠯᠠᠬᠤ ᠵᠠᠮ ᠢ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ 12 ᠠᠶᠢᠮᠠᠭ | ᠬᠤᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠤᠣᠷ ᠴᠠᠭᠠᠵᠠᠯᠠᠬᠤ ᠠᠵᠢᠯ ᠤᠨ ᠥᠷᠲᠡᠭᠡ ᠶᠢ | ᠪᠠᠶᠢᠭᠤᠯᠤᠨ᠂ ᠢᠯᠡᠭᠡᠵᠦ ᠶᠠᠪᠤᠭᠤᠯᠬᠤ ᠠᠷᠭ᠎ᠠ ᠵᠠᠮ ᠪᠠ ᠬᠤᠣᠷᠲᠤ ᠡᠳ᠋ ᠳᠤ ᠬᠤᠯᠪᠣᠭᠳᠠᠭᠰᠠᠨ ᠰᠦᠪᠡᠭᠴᠢ ᠶᠢ | ᠢᠯᠡᠷᠡᠭᠦᠯᠬᠦ ᠴᠢᠳᠠᠪᠤᠷᠢ᠂ ᠬᠤᠣᠷᠲᠤ ᠡᠳ᠋ ᠢ ᠫᠠᠨᠽᠠᠯᠠᠨ ᠲᠡᠭᠡᠭᠡᠪᠦᠷᠢᠯᠡᠬᠦ ᠶᠢ ᠪᠠᠶᠢᠴᠠᠭᠠᠵᠤ ᠪᠠᠷᠢᠪᠴᠢᠯᠠᠵᠤ ᠬᠠᠰᠢᠵᠤ | ᠳᠠᠰᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠢᠯᠡᠷᠡᠭᠦᠯᠦᠭᠰᠡᠨ ᠬᠤᠣᠷᠲᠤ ᠡᠳ᠋ ᠤᠨ ᠬᠡᠷᠡᠭ ᠤᠨ | ᠲᠤᠭ᠎ᠠ ᠨᠢ ᠪᠦᠬᠦ ᠬᠡᠷᠡᠭ ᠤᠨ ᠶᠡᠷᠦᠩᠬᠡᠢ ᠲᠤᠭ᠎ᠠ ᠶᠢᠨ 18.5% ᠶᠢ ᠡᠵᠡᠯᠡᠪᠡ᠃ | ᠪᠦᠬᠦ ᠠᠷᠠᠳ ᠤᠨ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠶᠡᠭᠡ ᠪᠠᠷ | ᠥᠷᠭᠡᠳᠬᠡᠪᠡ᠃ ᠵᠠᠯᠠᠭᠤᠴᠤᠳ ᠪᠠᠭᠠᠴᠤᠳ ᠢᠶᠠᠷ ᠭᠤᠣᠯᠳᠠᠯᠭ᠎ᠠ ᠪᠣᠯᠭᠠᠵᠤ᠂ ᠪᠦᠬᠦ ᠣᠷᠣᠨ ᠤ 2800 ᠭᠠᠷᠤᠢ | ᠰᠤᠷᠭᠠᠭᠤᠯᠢ ᠳᠤ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ | 130 ᠭᠠᠷᠤᠢ ᠲᠦᠮᠡᠨ ᠰᠤᠷᠤᠭᠴᠢ ᠶᠢ ᠵᠣᠬᠢᠶᠠᠨ ᠪᠠᠶᠢᠭᠤᠯᠵᠤ᠂ ︽ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ | ᠰᠡᠷᠭᠡᠶᠢᠯᠡᠬᠦ ᠬᠥᠮᠦᠵᠢᠯ ᠤᠨ ᠲᠠᠪᠴᠠᠩ︾ ᠢᠶᠠᠷ ᠳᠠᠮᠵᠢᠭᠤᠯᠤᠨ ᠬᠤᠣᠷ ᠴᠠᠭᠠᠵᠠᠯᠠᠬᠤ ᠮᠡᠳᠡᠯᠭᠡ ᠶᠢ ᠰᠤᠷᠤᠯᠴᠠᠭᠤᠯᠵᠤ᠂ | ᠰᠤᠷᠤᠯᠴᠠᠯᠭ᠎ᠠ ᠳᠤ ᠣᠷᠣᠯᠴᠠᠭᠰᠠᠨ ᠨᠣᠷᠮ᠎ᠠ 90% ᠠᠴᠠ ᠳᠡᠭᠡᠭᠰᠢ ᠪᠣᠯᠪᠠ︔ ᠡᠯ᠎ᠡ ᠲᠥᠷᠥᠯ ᠤᠨ ᠬᠤᠣᠷ | ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ 128᠂ ︽ᠪᠦᠬᠦ ᠤᠯᠤᠰ ᠤᠨ ᠬᠤᠣᠷ ᠴᠠᠭᠠᠵᠠᠯᠠᠬᠤ | ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ︾ 1 ᠶᠢ ᠪᠠᠶᠢᠭᠤᠯᠪᠠ︔ ᠡᠭᠦᠨ ᠤ ᠬᠠᠮᠲᠤ ︽ᠲᠠᠪᠤ ᠶᠢ ᠨᠢᠭᠡ | ᠴᠣᠭᠴᠠᠵᠢᠭᠤᠯᠬᠤ︾ ᠬᠤᠣᠷ ᠴᠠᠭᠠᠵᠠᠯᠠᠬᠤ ᠰᠢᠨ᠎ᠡ ᠵᠠᠭᠤᠴᠢᠯᠠᠭᠤᠷ ᠤᠨ ᠰᠦᠯᠵᠢᠶᠡᠨ ᠳᠠᠬᠢ ᠲᠠᠪᠴᠠᠩ ᠳᠤ | ᠲᠦᠰᠢᠭᠯᠡᠨ ᠬᠤᠣᠷ ᠴᠠᠭᠠᠵᠠᠯᠠᠬᠤ ᠮᠡᠳᠡᠭᠡ ᠵᠠᠩᠭᠢ ᠶᠢ ᠨᠡᠪᠲᠡᠷᠡᠭᠦᠯᠵᠦ᠂ ᠬᠤᠣᠷ ᠴᠠᠭᠠᠵᠠᠯᠠᠬᠤ ᠮᠡᠳᠡᠯᠭᠡ ᠶᠢᠨ | ᠲᠠᠶᠢᠯᠤᠮᠵᠢ ᠬᠢᠪᠡ︔ ᠬᠤᠣᠷ ᠴᠠᠭᠠᠵᠠᠯᠠᠬᠤ ᠶᠢ ᠲᠣᠭᠤᠷᠢᠵᠤ ᠤᠬᠠᠭᠤᠯᠤᠨ ᠲᠠᠶᠢᠯᠪᠤᠷᠢᠯᠠᠬᠤ᠂ ᠬᠤᠣᠷ ᠴᠠᠭᠠᠵᠠᠯᠠᠬᠤ | ᠬᠠᠤᠯᠢ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠰᠦᠯᠵᠢᠶᠡᠨ ᠭᠠᠳᠠᠨᠠᠬᠢ ᠲᠣᠮᠣ ᠬᠡᠯᠪᠡᠷᠢᠲᠦ | ᠤᠬᠠᠭᠤᠯᠭ᠎ᠠ ᠶᠢᠨ ᠠᠵᠢᠯᠯᠠᠭ᠎ᠠ ᠶᠢ 400 ᠭᠠᠷᠤᠢ ᠲᠠᠯᠠᠪᠤᠷ ︵ᠤᠳᠠᠭ᠎ᠠ︶ ᠥᠷᠨᠢᠭᠦᠯᠵᠦ᠂ ᠠᠷᠠᠳ ᠣᠯᠠᠨ ᠤ | ᠬᠤᠣᠷᠲᠤ ᠡᠳ᠋ ᠢ ᠲᠠᠨᠢᠵᠤ ᠬᠤᠣᠷᠲᠤ ᠡᠳ᠋ ᠢ ᠰᠡᠷᠭᠡᠶᠢᠯᠡᠬᠦ ᠤᠬᠠᠮᠰᠠᠷ ᠢ ᠢᠯᠡᠳᠲᠡ ᠴᠢᠩᠭᠠᠳᠬᠠᠪᠠ᠃ | ᠬᠤᠣᠷ ᠲᠠᠲᠠᠭᠴᠢᠳ ᠢ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ ᠰᠠᠭᠤᠷᠢ ᠶᠢ ᠬᠦᠴᠦᠲᠡᠢ | ᠪᠠᠲᠤᠳᠬᠠᠪᠠ᠃ ︽ᠬᠤᠣᠷ ᠲᠠᠲᠠᠭᠴᠢᠳ ᠢ ᠬᠦᠯᠢᠶᠡᠨ ᠠᠪᠴᠤ ᠡᠮᠨᠡᠨ ᠵᠠᠰᠠᠬᠤ︾ ᠠᠵᠢᠯᠯᠠᠭ᠎ᠠ ᠠᠴᠠ ᠭᠠᠷᠳᠠᠵᠤ ᠂ | ᠨᠢᠭᠤᠭᠳᠠᠮᠠᠯ ᠬᠤᠣᠷ ᠲᠠᠲᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠵᠢᠭᠰᠠᠭᠠᠨ ᠪᠠᠶᠢᠴᠠᠭᠠᠵᠤ᠂ ᠪᠦᠬᠦ ᠣᠷᠣᠨ ᠤ | ᠣᠳᠣ ᠪᠠᠶᠢᠭ᠎ᠠ ᠬᠤᠣᠷ ᠲᠠᠲᠠᠭᠴᠢᠳ 2019 ᠣᠨ ᠤ 2.9 ᠲᠦᠮᠡᠨ ᠬᠥᠮᠦᠨ ᠠᠴᠠ ᠬᠠᠰᠤᠭᠳᠠᠨ᠂ 9875 | ᠬᠥᠮᠦᠨ ᠪᠣᠯᠪᠠ︔ ︽ᠬᠤᠣᠷ ᠲᠠᠲᠠᠬᠤ ᠶᠢ ᠴᠠᠭᠠᠵᠠᠯᠠᠬᠤ ᠰᠠᠭᠤᠷᠢ ᠵᠢᠯ︾ ᠤᠨ ᠪᠠᠶᠢᠭᠤᠯᠤᠯᠲᠠ ᠶᠢ ᠠᠬᠢᠭᠤᠯᠵᠤ᠂ | ᠡᠮ ᠢᠶᠠᠷ ᠡᠮᠨᠡᠨ ᠵᠠᠰᠠᠬᠤ ᠶᠢ ᠪᠠᠷᠢᠮᠲᠠᠯᠠᠬᠤ ᠪᠠ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ᠂ | ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ ᠶᠢ ᠵᠠᠪᠰᠠᠷ ᠦᠭᠡᠢ ᠵᠣᠯᠭᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠤᠣᠷ ᠴᠠᠭᠠᠵᠠᠯᠠᠬᠤ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠨᠡᠶᠢᠭᠡᠮ ᠤᠨ | ᠠᠵᠢᠯ ᠤᠨ ᠡᠩᠨᠡᠭᠡ ᠶᠢ ᠬᠥᠭᠵᠢᠭᠦᠯᠵᠦ᠂ ᠬᠤᠣᠷ ᠴᠠᠭᠠᠵᠠᠯᠠᠬᠤ ᠲᠤᠰᠬᠠᠢ ᠵᠠᠩᠭᠢᠯᠠᠭ᠎ᠠ ᠶᠢᠨ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ︔ ︽ᠠᠮᠤᠷ ᠲᠦᠪᠰᠢᠨ ᠪᠠ ᠬᠠᠶᠢᠷ᠎ᠠ ᠬᠠᠯᠠᠮᠵᠢ︾ ᠭᠡᠬᠦ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢ ᠵᠣᠬᠢᠶᠠᠨ ᠪᠠᠶᠢᠭᠤᠯᠤᠨ ᠬᠤᠣᠷ ᠲᠠᠲᠠᠬᠤ ᠶᠢ | ᠵᠣᠭᠰᠣᠭᠠᠵᠤ ᠡᠷᠡᠭᠦᠯᠵᠢᠭᠦᠯᠬᠦ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠥᠷᠨᠢᠭᠦᠯᠵᠦ᠂ ᠬᠤᠣᠷ ᠲᠠᠲᠠᠭᠴᠢᠳ ᠵᠢᠴᠢ ᠲᠡᠳᠡᠨ ᠤ ᠭᠡᠷ ᠪᠦᠯᠢ ᠶᠢᠨ ᠪᠦᠷᠢᠯᠳᠦᠬᠦᠨ ᠢ 9028 ᠬᠥᠮᠦᠨ ᠤᠳᠠᠭ᠎ᠠ | ᠬᠠᠪᠰᠤᠷᠤᠨ ᠳᠡᠳᠬᠦᠪᠡ᠃ | ᠬᠤᠣᠷᠲᠤ ᠡᠳ᠋ ᠳᠤ ᠬᠤᠯᠪᠣᠭᠳᠠᠭᠰᠠᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠡᠵᠡᠮᠳᠡᠬᠦ | ᠬᠠᠯᠬᠠᠪᠴᠢ ᠶᠢ ᠦᠷᠭᠦᠯᠵᠢᠯᠡᠨ ᠪᠠᠲᠤᠳᠬᠠᠪᠠ᠃ ᠥᠪᠥᠷ ᠮᠣᠩᠭᠤᠯ ᠤᠨ ᠨᠤᠲᠤᠭ ᠳᠡᠪᠢᠰᠬᠡᠷ ᠤᠨ ᠣᠨᠴᠠᠯᠢᠭ ᠲᠠᠢ | ᠤᠶᠠᠯᠳᠤᠭᠤᠯᠤᠨ᠂ ᠬᠤᠣᠷᠲᠤ ᠡᠳ᠋ ᠤᠨ ᠪᠠᠶᠢᠳᠠᠯ ᠢ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ | ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠭᠰᠠᠨ ᠲᠤᠭ᠎ᠠ ᠪᠠᠷᠢᠮᠲᠠ ᠨᠢ ᠬᠡᠪ ᠤᠨ ᠪᠤᠰᠤ ᠭᠠᠵᠠᠷ | ᠣᠷᠣᠨ ᠢ ᠡᠬᠢ ᠡᠭᠦᠰᠦᠯ ᠠᠴᠠ ᠨᠢ ᠪᠠᠶᠢᠴᠠᠭᠠᠬᠤ᠂ ᠴᠣᠬᠢᠯᠲᠠ ᠥᠭᠬᠦ᠂ ᠵᠠᠰᠠᠬᠤ ᠠᠵᠢᠯ ᠤᠨ ᠪᠢᠲᠡᠭᠦᠦ ᠴᠠᠭᠠᠷᠢᠭ ᠢ | ᠪᠣᠢ ᠪᠣᠯᠭᠠᠪᠠ︔ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠬᠠᠮᠵᠢᠨ ᠬᠠᠮᠲᠤᠷᠠᠯᠴᠠᠵᠤ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ | ᠪᠣᠳᠠᠰ ᠤᠨ ᠠᠵᠢᠯ ᠲᠥᠷᠥᠯ᠂ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ | ᠪᠦᠬᠦ ᠣᠷᠣᠨ ᠤ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠬᠠᠮᠢᠶᠠᠷᠤᠨ ᠡᠵᠡᠮᠳᠡᠬᠦ ᠨᠣᠷᠮ᠎ᠠ ᠶᠢ | 100% ᠬᠦᠷᠭᠡᠪᠡ︔ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠦᠭᠡᠢ ᠨᠢᠰᠬᠡᠯ ᠢᠶᠠᠷ ᠠᠭᠠᠷ ᠠᠴᠠ | ᠰᠡᠭᠦᠳᠡᠷᠯᠡᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠬᠤᠣᠷ ᠲᠠᠷᠢᠬᠤ ᠶᠢ | ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠲᠠᠪᠤᠨ ᠵᠢᠯ ᠳᠤ ᠬᠤᠣᠷᠲᠤ ᠡᠳ᠋ ᠤᠨ | ᠤᠤᠯ ᠤᠷᠭᠤᠮᠠᠯ ᠢ ᠶᠡᠭᠡ ᠬᠡᠪᠴᠢᠶ᠎ᠡ ᠪᠠᠷ ᠲᠠᠷᠢᠬᠤ ᠠᠰᠠᠭᠤᠳᠠᠯ ᠢ ᠢᠯᠡᠷᠡᠭᠦᠯᠦᠭᠰᠡᠨ ᠦᠭᠡᠢ᠃ | | | | | | ᠰᠤᠷᠪᠤᠯᠵᠢᠯᠠᠭᠴᠢ᠄ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠳᠤ ᠬᠤᠣᠷᠲᠤ ᠡᠳ᠋ ᠢ | ᠰᠡᠷᠭᠡᠶᠢᠯᠡᠬᠦ ᠬᠥᠮᠦᠵᠢᠯ ᠬᠢᠬᠦ ᠠᠵᠢᠯ ᠤᠨ ᠶᠠᠪᠤᠴᠠ ᠳᠤ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | | | | | | ᠵᠠᠩ ᠵᠢᠶᠦ᠋ᠨ ᠰᠢ᠄ ᠪᠢᠳᠡ ᠰᠤᠷᠭᠠᠭᠤᠯᠢ ᠳᠤ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠤᠳᠤᠷᠢᠳᠬᠤ | ᠪᠠᠶᠢᠭᠤᠯᠤᠮᠵᠢ ᠪᠣᠯᠤᠨ ᠬᠠᠷᠢᠭᠤᠴᠠᠬᠤ ᠳᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠮᠦᠨ | ᠪᠦᠬᠦᠨ ᠬᠤᠣᠷ ᠴᠠᠭᠠᠵᠠᠯᠠᠬᠤ ᠳᠤ ᠣᠷᠣᠯᠴᠠᠬᠤ︾ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠪᠠ᠃ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠶᠢ | ᠶᠡᠭᠡ ᠪᠠᠷ ᠠᠬᠢᠭᠤᠯᠵᠤ᠂ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠪᠦᠲᠦᠮᠵᠢᠲᠡᠢ ᠠᠷᠭ᠎ᠠ ᠵᠠᠮ ᠪᠠ ᠠᠷᠭ᠎ᠠ | ᠪᠠᠷᠢᠯ ᠢ ᠰᠦᠪᠡᠭᠴᠢᠯᠡᠪᠡ᠃ ᠬᠤᠣᠷᠲᠤ ᠡᠳ᠋ ᠢ ᠰᠡᠷᠭᠡᠶᠢᠯᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ︽ᠵᠠᠯᠠᠭᠤ ᠨᠠᠰᠤ | ᠬᠤᠷᠠᠨ ᠴᠤᠭᠯᠠᠷᠠᠵᠤ ᠬᠤᠣᠷᠲᠤ ᠡᠳ᠋ ᠦᠭᠡᠢ ᠤᠮᠠᠷᠠᠲᠤ ᠬᠢᠯᠢ ᠶᠢ ᠴᠣᠭᠴᠠᠯᠠᠶ᠎ᠠ︾ ᠭᠡᠬᠦ ᠰᠢᠷᠢᠰ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ 1 ᠶᠡᠭᠡ ᠳᠡᠭᠡᠳᠦ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ | ᠴᠠᠭᠠᠵᠠᠯᠠᠬᠤ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ 8 ᠶᠡᠭᠡ ᠳᠡᠭᠡᠳᠦ ᠰᠤᠷᠭᠠᠭᠤᠯᠢ | ᠤᠮᠠᠷᠠᠲᠤ ᠬᠢᠯᠢ ᠶᠢᠨ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠶᠢ | ᠪᠠᠶᠢᠭᠤᠯᠤᠨ᠂ ᠴᠢᠬᠤᠯᠠ ᠵᠠᠩᠭᠢᠯᠠᠭ᠎ᠠ ᠶᠢᠨ ᠦᠶ᠎ᠡ ᠳᠤ ᠰᠤᠷᠭᠠᠭᠤᠯᠢ ᠶᠢᠨ ᠬᠦᠷᠢᠶᠡᠨ ᠳᠤ ᠬᠤᠣᠷ ᠴᠠᠭᠠᠵᠠᠯᠠᠬᠤ ᠭᠤᠣᠯ | ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠪᠡ᠃ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠠᠵᠢᠯ ᠤᠨ ᠬᠠᠮ ᠬᠦᠴᠦᠨ ᠢ | ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ | ᠪᠠᠭᠰᠢ᠂ ᠬᠠᠤᠯᠢ ᠪᠠᠷ ᠵᠠᠰᠠᠬᠤ ᠳᠡᠳ᠋ ᠵᠠᠬᠢᠷᠤᠯ ᠪᠠ ᠰᠤᠷᠭᠠᠭᠤᠯᠢ ᠶᠢᠨ ᠭᠠᠳᠠᠨᠠᠬᠢ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠪᠠᠭᠲᠠᠭᠠᠭᠰᠠᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠪᠠᠭᠰᠢ ᠶᠢᠨ | ᠬᠦᠴᠦᠨ ᠢ ᠢᠳᠡᠪᠬᠢᠲᠡᠢ ᠪᠠᠶᠢᠭᠤᠯᠵᠤ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠥᠷᠨᠢᠭᠦᠯᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | ᠰᠤᠷᠪᠤᠯᠵᠢᠯᠠᠭᠴᠢ ᠄ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠵᠣᠭᠰᠣᠭᠠᠬᠤ | ᠪᠠᠶᠢᠭᠤᠯᠭ᠎ᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠡᠭᠦᠷᠭᠡ ᠴᠢᠳᠠᠮᠵᠢᠲᠤ ᠦᠢᠯᠡᠳᠦᠯ ᠢᠶᠠᠨ ᠶᠠᠭᠠᠬᠢᠵᠤ | ᠪᠠᠳᠠᠷᠠᠭᠤᠯᠤᠭᠰᠠᠨ ᠪᠤᠢ︖ | | | | | | ᠫᠠᠨ ᠲᠤᠤ᠄ ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠬᠠᠤᠯᠢ ᠴᠠᠭᠠᠵᠠ ᠶᠢᠨ ᠶᠠᠮᠤᠨ ᠤ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ | ᠳᠣᠪᠴᠢᠶᠠᠨ ᠤ ᠠᠯᠪᠠᠳᠠᠨ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠪᠠᠷ ᠭᠤᠣᠯ ᠴᠣᠭᠴᠠ ᠪᠣᠯᠭᠠᠵᠤ᠂ | ᠬᠤᠣᠷ ᠲᠠᠲᠠᠬᠤ ᠶᠢ ᠵᠣᠭᠰᠣᠭᠠᠨ ᠡᠷᠡᠭᠦᠯᠵᠢᠭᠦᠯᠬᠦ ᠪᠠ ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ᠂ | ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠬᠤᠶᠠᠷ ᠵᠢᠭᠦᠷ ᠪᠣᠯᠭᠠᠭᠰᠠᠨ ︽ᠨᠢᠭᠡ ᠴᠣᠭᠴᠠ ᠬᠤᠶᠠᠷ ᠵᠢᠭᠦᠷ︾ ᠤᠨ | ᠠᠵᠢᠯ ᠤᠨ ᠪᠠᠶᠢᠷᠢᠰᠢᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠳᠤ ᠪᠠᠨ ᠨᠠᠷᠢᠨ | ᠬᠢᠨᠠᠮᠠᠭᠠᠢ ᠬᠥᠮᠦᠵᠢᠭᠦᠯᠵᠦ ᠴᠡᠭᠡᠷᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠤᠣᠷ ᠲᠠᠲᠠᠬᠤ ᠶᠢ ᠵᠣᠭᠰᠣᠭᠠᠬᠤ | ᠠᠵᠢᠯ ᠢ ᠨᠡᠶᠢᠭᠡᠮᠴᠢᠯᠡᠬᠦ ᠶᠢ ᠢᠳᠡᠪᠬᠢᠲᠡᠢ ᠰᠦᠪᠡᠭᠴᠢᠯᠡᠨ᠂ ᠬᠤᠣᠷ ᠴᠠᠭᠠᠵᠠᠯᠠᠬᠤ ᠪᠠ ᠨᠡᠶᠢᠭᠡᠮ ᠤᠨ ᠶᠡᠷᠦᠩᠬᠡᠶᠢᠯᠡᠨ | ᠵᠠᠰᠠᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠬᠠᠪᠠ᠃ | ᠬᠥᠮᠦᠨ ᠢᠶᠠᠷ ᠦᠨᠳᠦᠰᠦ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ | ᠳᠣᠲᠣᠭᠠᠳᠤ ᠳᠤ ᠪᠠᠨ ᠰᠡᠷᠭᠡᠶᠢᠯᠡᠨ ᠵᠠᠰᠠᠬᠤ ᠰᠢᠨ᠎ᠡ ᠵᠠᠭᠪᠤᠷ ᠢ ᠰᠦᠪᠡᠭᠴᠢᠯᠡᠵᠦ᠂ ᠣᠷᠣᠨ ᠪᠦᠰᠡ ᠳᠤ ᠬᠤᠪᠢᠶᠠᠷᠢᠯᠠᠨ | ᠪᠠᠶᠢᠷᠢᠯᠠᠭᠤᠯᠬᠤ᠂ ᠲᠤᠰᠬᠠᠢ ᠮᠡᠷᠭᠡᠵᠢᠯ ᠤᠨ ᠬᠤᠷᠢᠭᠯᠠᠨ ᠵᠠᠰᠠᠬᠤ᠂ ᠡᠮᠴᠢᠯᠡᠭᠡ ᠰᠤᠷᠭᠠᠨ ᠬᠥᠮᠦᠵᠢᠯ ᠢ ᠵᠡᠷᠭᠡ ᠪᠠᠷ | ᠴᠢᠬᠤᠯᠠᠴᠢᠯᠠᠬᠤ᠂ ᠪᠦᠲᠦᠮᠵᠢᠲᠡᠢ ᠵᠣᠯᠭᠠᠭᠤᠯᠬᠤ ᠠᠵᠢᠯ ᠤᠨ ᠳᠣᠭᠲᠠᠯᠴᠠᠭ᠎ᠠ ᠶᠢ ᠪᠠᠶᠢᠭᠤᠯᠪᠠ᠃ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠨᠡᠶᠢᠭᠡᠮ ᠤᠨ ᠬᠢᠨ ᠢ ᠴᠡᠭᠡᠷᠯᠡᠭᠦᠯᠵᠦ | ᠨᠡᠶᠢᠭᠡᠮ ᠤᠨ ᠬᠢᠨ ᠢ ᠡᠷᠡᠭᠦᠯᠵᠢᠭᠦᠯᠬᠦ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠵᠠᠯᠠᠭᠤᠴᠤᠳ | ᠪᠠᠭᠠᠴᠤᠳ ᠤᠨ ᠬᠤᠣᠷ ᠴᠠᠭᠠᠵᠠᠯᠠᠬᠤ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢ ᠲᠠᠰᠤᠷᠠᠯᠲᠠ ᠦᠭᠡᠢ | ᠪᠠᠶᠠᠯᠢᠭᠵᠢᠭᠤᠯᠬᠤ ᠶᠢᠨ ᠬᠠᠮᠲᠤ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ | ᠲᠣᠭᠤᠷᠢᠭ ᠲᠤ 91 ᠬᠤᠣᠷ ᠲᠠᠲᠠᠬᠤ ᠶᠢ ᠵᠣᠭᠰᠤᠭᠠᠵᠤ ᠡᠷᠡᠭᠦᠯᠵᠢᠭᠦᠯᠬᠦ ᠶᠢ ᠵᠢᠯᠣᠭᠤᠳᠬᠤ ᠥᠷᠲᠡᠭᠡ ᠶᠢ | ᠪᠠᠶᠢᠭᠤᠯᠵᠤ᠂ ᠣᠳᠣᠬᠠᠨ ᠳᠤ ᠨᠢᠭᠡᠨᠲᠡ ᠨᠡᠶᠢᠭᠡᠮ ᠲᠣᠭᠤᠷᠢᠭ ᠤᠨ ᠬᠢᠨ 2753 ᠬᠥᠮᠦᠨ ᠢ ᠬᠠᠪᠰᠤᠷᠤᠨ | ᠡᠷᠡᠭᠦᠯᠵᠢᠭᠦᠯᠵᠦ᠂ ᠠᠵᠢᠯ ᠣᠯᠭᠤᠯᠲᠠ ᠶᠢᠨ ᠲᠡᠳᠬᠦᠮᠵᠢ᠂ ᠬᠤᠣᠷ ᠲᠠᠲᠠᠬᠤ ᠶᠢ ᠵᠣᠭᠰᠣᠭᠠᠬᠤ ᠡᠮᠴᠢᠯᠡᠭᠡ᠂ | ᠨᠡᠶᠢᠭᠡᠮ ᠤᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠰᠠᠭᠤᠳᠠᠯ 411 ᠶᠢ | ᠬᠠᠪᠰᠤᠷᠤᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 62 ᠤᠳᠠᠭ᠎ᠠ | ᠥᠷᠨᠢᠭᠦᠯᠵᠦ᠂ 1300 ᠰᠢᠬᠠᠮ ᠬᠥᠮᠦᠨ ᠳᠤ ᠠᠰᠢᠭ ᠭᠦᠷᠲᠡᠭᠡᠵᠡᠢ᠃ ᠢᠳᠡᠪᠬᠢᠲᠡᠢ ᠰᠦᠪᠡᠭᠴᠢᠯᠡᠵᠦ᠂ ᠨᠠᠷᠢᠯᠢᠭ | ᠣᠨᠣᠴᠠᠲᠠᠢ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠤᠣᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠨᠢᠭᠡ ᠥᠷᠲᠡᠭᠡ ᠮᠠᠶ᠋ᠢᠭ︾ ᠤᠨ ᠵᠢᠯᠣᠭᠤᠳᠬᠤ ᠦᠢᠯᠡᠴᠢᠯᠡᠭᠡᠨ ᠤ | ᠬᠤᠣᠷ ᠲᠠᠲᠠᠬᠤ ᠶᠢ ᠵᠣᠭᠰᠣᠭᠠᠨ ᠡᠷᠡᠭᠦᠯᠵᠢᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠣᠷ ᠳᠠᠲᠠᠭᠴᠢᠳ ᠤᠨ | ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠬᠦ᠂ ᠨᠠᠰᠤᠨ ᠳᠤ ᠦᠯᠦ ᠬᠦᠷᠬᠦ ᠬᠤᠣᠷ ᠲᠠᠲᠠᠭᠴᠢᠳ ᠤᠨ ᠰᠤᠷᠤᠯᠭ᠎ᠠ ᠪᠠᠨ | ᠵᠣᠭᠰᠤᠬᠤ ᠨᠣᠷᠮ᠎ᠠ ᠶᠢ ᠪᠠᠭᠤᠷᠠᠭᠤᠯᠬᠤ᠂ ᠬᠤᠣᠷ ᠲᠠᠲᠠᠭᠴᠢᠳ ᠤᠨ ᠳᠠᠬᠢᠨ ᠬᠤᠣᠷ ᠲᠠᠲᠠᠬᠤ ᠨᠣᠷᠮ᠎ᠠ ᠶᠢ | ᠪᠠᠭᠤᠷᠠᠭᠤᠯᠬᠤ ᠵᠡᠷᠭᠡ ᠠᠵᠢᠯ ᠤᠨ ᠬᠠᠷᠠᠯᠲᠠ ᠶᠢ ᠪᠡᠶᠡᠯᠡᠭᠦᠯᠪᠡ᠃ | | | ᠰᠤᠷᠪᠤᠯᠵᠢᠯᠠᠭᠴᠢ ᠄ ᠮᠠᠨ ᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ ᠮᠢᠨᠴᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠬᠡᠷᠡᠭᠯᠡᠬᠦ | ᠬᠢᠨᠠᠯᠲᠠ ᠬᠠᠮᠢᠶᠠᠷᠤᠯᠲᠠ ᠶᠢ ᠶᠠᠭᠠᠬᠢᠵᠤ ᠪᠦᠲᠦᠮᠵᠢᠲᠡᠢ ᠥᠷᠨᠢᠭᠦᠯᠦᠭᠰᠡᠨ ᠪᠤᠢ︖ | | | | | | ᠠᠷᠰᠯᠠᠨ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠣᠯᠳᠠᠭᠤ | ᠳᠣᠣᠷᠠᠬᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠪᠡ᠄ ᠮᠢᠨᠴᠦᠭᠦᠷᠡᠭᠦᠯᠬᠦ ᠡᠮ ᠤᠨ ᠵᠦᠢᠯ ᠪᠠ ᠨᠢᠭᠡᠳᠦᠭᠡᠷ | ᠲᠥᠷᠥᠯ ᠤᠨ ᠮᠡᠳᠡᠷᠡᠯ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠳᠦᠷᠢᠮ ᠢ ᠦᠨᠳᠦᠰᠦᠯᠡᠨ᠂ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ | ︽ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ | ᠪᠠᠶᠢᠳᠠᠯ ᠢ ᠡᠮᠨᠡᠯᠭᠡ ᠶᠢᠨ ᠬᠤᠷᠢᠶᠠᠨ ᠤ ᠳᠡᠰ ᠢ ᠬᠢᠨᠠᠨ ᠲᠣᠭᠲᠠᠭᠠᠬᠤ᠂ ᠡᠮ ᠢ ᠵᠦᠢ ᠵᠣᠬᠢᠰᠲᠠᠢ ᠬᠡᠷᠡᠭᠯᠡᠬᠦ ᠶᠢ ᠰᠢᠯᠭᠠᠨ | ᠬᠢᠨᠠᠬᠤ᠂ ᠡᠮᠴᠢᠯᠡᠭᠡᠨ ᠳᠤ ᠬᠡᠷᠡᠭᠯᠡᠬᠦ ᠡᠮ ᠤᠨ ᠵᠦᠢᠯ ᠤᠨ ᠴᠢᠨᠠᠷ ᠴᠢᠨᠰᠠᠭ᠎ᠠ ᠶᠢ ᠡᠵᠡᠮᠳᠡᠬᠦ ᠵᠡᠷᠭᠡ ᠠᠵᠢᠯ ᠢ ᠰᠢᠯᠭᠠᠨ | ᠬᠢᠨᠠᠬᠤ ᠪᠠ ᠦᠨᠡᠯᠡᠬᠦ ᠶᠠᠪᠤᠴᠠ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠶᠢ ᠰᠢᠪᠠᠳᠠᠭᠤᠯᠵᠤ ︽ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ | ᠵᠦᠢᠯ︾ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠪᠠ᠃ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ | ᠠᠵᠢᠯᠲᠠᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠤᠨ ᠰᠤᠷᠤᠯᠴᠠᠯᠭ᠎ᠠ | ᠪᠣᠯᠪᠠᠰᠤᠷᠠᠯ ᠢ ᠴᠢᠩᠭᠠᠳᠬᠠᠵᠤ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠡᠮᠴᠢ ᠳᠤ ︽ᠮᠢᠨᠴᠦᠷᠡᠭᠦᠯᠬᠦ ᠡᠮ ᠪᠠ | ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠡᠮ ᠤᠨ ᠵᠣᠷ ᠤᠨ ᠡᠷᠬᠡ ᠣᠯᠭᠤᠬᠤ ᠶᠢ | ᠵᠢᠷᠤᠮᠵᠢᠭᠤᠯᠤᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ︽ᠮᠢᠨᠴᠦᠷᠡᠭᠦᠯᠬᠦ ᠡᠮ | ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠠᠮᠤᠷ ᠲᠦᠪᠰᠢᠨ ᠤ | ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠦᠷᠭᠦᠯᠵᠢᠯᠡᠨ | ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠤᠰᠬᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ︽ᠮᠢᠨᠴᠦᠷᠡᠭᠦᠯᠬᠦ | ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠤᠷᠲᠤ | ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠬᠠᠮᠲᠤ ᠳᠤ ᠪᠠᠨ ᠪᠠᠶᠢᠭᠤᠯᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ | | ᠰᠤᠷᠪᠤᠯᠵᠢᠯᠠᠭᠴᠢ᠄ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠮᠢᠨᠴᠦᠭᠦᠷᠡᠭᠦᠯᠬᠦ᠂ | ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠦᠷ᠎ᠡ ᠪᠦᠲᠦᠮᠵᠢ ᠣᠯᠤᠭᠰᠠᠨ | ᠪᠤᠢ︖ | | | | | | ᠵᠠᠩ ᠳ᠋ᠧ ᡁᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠬᠠᠤᠯᠢ | ᠪᠤᠰᠤ ᠪᠠᠷ ᠬᠡᠷᠡᠭᠯᠡᠬᠦ ᠶᠢ ᠴᠢᠩᠭ᠎ᠠ ᠰᠡᠷᠭᠡᠶᠢᠯᠡᠪᠡ᠃ ᠨᠢᠭᠡ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠵᠢᠯ ᠪᠦᠷᠢ ᠪᠦᠬᠦ ᠣᠷᠣᠨ ᠳᠤ ᠮᠢᠨᠴᠦᠭᠦᠷᠡᠭᠦᠯᠬᠦ᠂ | ᠮᠡᠳᠡᠷᠡᠯ ᠤᠨ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ ᠵᠠᠩᠭᠢᠯᠠᠭ᠎ᠠ ᠶᠢᠨ ᠲᠤᠰᠬᠠᠢ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮ ᠤᠨ ᠵᠦᠢᠯ ᠤᠨ ᠢᠷᠡᠯᠲᠡ ᠶᠢ ᠪᠠᠶᠢᠴᠠᠭᠠᠵᠤ ᠪᠣᠯᠬᠤ᠂ | ᠬᠠᠮᠢᠭᠠᠰᠢ ᠭᠠᠷᠭᠠᠭᠰᠠᠨ ᠢ ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠨᠡᠶᠢᠭᠡᠮ | ᠨᠡᠶᠢᠲᠡ ᠪᠠᠷ ᠢᠶᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ︽6.26︾ ᠬᠤᠣᠷ ᠴᠠᠭᠠᠵᠠᠯᠠᠬᠤ ᠡᠳᠦᠷ᠂ | ︽ᠠᠮᠤᠷ ᠲᠦᠪᠰᠢᠨ ᠡᠮ ᠬᠡᠷᠡᠭᠯᠡᠬᠦ ᠰᠠᠷ᠎ᠠ︾ ᠵᠡᠷᠭᠡ ᠠᠵᠢᠯᠯᠠᠭ᠎ᠠ ᠳᠤ ᠲᠦᠰᠢᠭᠯᠡᠨ᠂ ᠠᠮᠤᠷ ᠲᠦᠪᠰᠢᠨ ᠡᠮ ᠬᠡᠷᠡᠭᠯᠡᠬᠦ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠪᠡ᠃ ᠭᠤᠷᠪᠠ ᠳᠤ᠂ | ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠭᠤᠭᠴᠤᠭᠠᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ | ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠵᠢᠴᠢ ᠤᠬᠠᠭᠤᠯᠭ᠎ᠠ ᠬᠥᠮᠦᠵᠢᠯ ᠢ | ᠲᠦᠭᠡᠮᠡᠯᠵᠢᠭᠦᠯᠬᠦ ᠶᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠵᠢᠴᠢ ᠭᠡᠷ ᠤᠨ ᠠᠬᠠᠮᠠᠳ ᠢ ᠬᠥᠲᠥᠯᠥᠨ | ᠵᠢᠯᠣᠭᠤᠳᠴᠤ ᠮᠡᠳᠡᠷᠡᠯ ᠤᠨ ᠲᠥᠷᠥᠯ ᠤᠨ ᠡᠮ ᠤᠨ ᠵᠦᠢᠯ ᠢ ᠵᠥᠪ ᠢᠶᠠᠷ ᠲᠠᠨᠢᠭᠤᠯᠵᠤ᠂ ᠡᠮ ᠤᠨ ᠵᠦᠢᠯ ᠢ | ᠳᠤᠷ᠎ᠠ ᠪᠠᠷ ᠢᠶᠠᠨ ᠬᠡᠷᠡᠭᠯᠡᠬᠦ ᠠᠴᠠ ᠤᠬᠠᠮᠰᠠᠷ ᠠᠴᠠ ᠪᠠᠨ ᠵᠠᠶᠢᠯᠠᠰᠬᠢᠵᠦ᠂ ᠡᠮ ᠤᠨ ᠵᠦᠢᠯ ᠳᠤ ᠰᠢᠨᠤᠯ ᠲᠠᠢ ᠪᠣᠯᠬᠤ ᠶᠢ | ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠦᠯᠦ ᠬᠦᠷᠦᠭᠰᠡᠳ ᠤᠨ ᠲᠦᠭᠰᠢᠭᠦᠷᠢ ᠶᠢᠨ ᠤᠬᠠᠮᠰᠠᠷ ᠪᠠ ᠠᠮᠤᠷ | ᠲᠦᠪᠰᠢᠨ ᠡᠮ ᠬᠡᠷᠡᠭᠯᠡᠬᠦ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | | | ᠰᠤᠷᠪᠤᠯᠵᠢᠯᠠᠭᠴᠢ ᠄ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠣᠷ ᠴᠠᠭᠠᠵᠠᠯᠠᠬᠤ ᠲᠠᠯ᠎ᠠ ᠪᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | | | | | | ᠳ᠋ᠦᠩ ᠭᠠᠩ᠄ ᠪᠢᠳᠡ ᠳᠣᠲᠣᠭᠠᠳᠤ ᠶᠢ ᠬᠠᠮᠠᠭᠠᠯᠠᠬᠤ ᠶᠢᠨ ᠬᠤᠣᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠢᠯᠡᠭᠡᠨ | ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠪᠡ᠃ ᠨᠢᠭᠡ ᠳᠤ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ ᠶᠡᠷᠦᠩᠬᠡᠢ | ᠠᠩᠭᠢ ᠯᠤᠭ᠎ᠠ ᠬᠠᠮᠲᠤᠷᠠᠨ ᠲᠦᠷᠭᠡᠨ ᠬᠦᠷᠭᠡᠯᠲᠡ ᠶᠢᠨ ᠬᠦᠷᠢᠶᠡᠯᠡᠩ ᠲᠣᠭᠤᠷᠢᠭ ᠤᠨ ᠬᠤᠣᠷ ᠴᠠᠭᠠᠵᠠᠯᠠᠬᠤ ᠠᠵᠢᠯ ᠤᠨ | ᠥᠷᠲᠡᠭᠡ ᠶᠢ ᠪᠣᠳᠠᠲᠠᠶᠢᠵᠢᠭᠤᠯᠬᠤ ᠠᠵᠢᠯᠯᠠᠭ᠎ᠠ ᠶᠢ ᠠᠬᠢᠭᠤᠯᠵᠤ᠂ ᠰᠠᠯᠠᠭ᠎ᠠ ᠮᠥᠴᠢᠷ ᠤᠨ ᠬᠢᠨ ᠲᠣᠭᠲᠠᠮᠠᠯ | ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠪᠠ ᠵᠠᠰᠠᠭ ᠠᠵᠤ ᠠᠬᠤᠶᠢᠯᠠᠯ ᠦᠢᠯᠡᠳᠦᠯᠴᠡᠬᠦ ᠲᠣᠭᠲᠠᠴᠠ ᠶᠢ | ᠪᠠᠶᠢᠭᠤᠯᠪᠠ᠃ ᠬᠤᠶᠠᠷ ᠲᠤ᠂ ᠢᠯᠡᠭᠡᠨ ᠶᠠᠪᠤᠭᠤᠯᠬᠤ ᠠᠷᠭ᠎ᠠ ᠵᠠᠮ ᠤᠨ ᠠᠮᠤᠷ ᠲᠦᠪᠰᠢᠨ ᠢ ᠬᠤᠯᠪᠤᠭᠠᠯᠠᠨ ᠬᠢᠨᠠᠨ | ᠬᠠᠮᠢᠶᠠᠷᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠦᠨ ᠢ | ᠠᠯᠬᠤᠮ ᠠᠯᠬᠤᠮ ᠢᠶᠠᠷ ᠪᠠᠶᠢᠭᠤᠯᠤᠨ ᠴᠢᠩᠭᠠᠳᠬᠠᠵᠤ᠂ ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠲᠤ | ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠬᠤᠯᠪᠤᠭᠠᠯᠠᠨ ᠪᠠᠶᠢᠴᠠᠭᠠᠵᠤ ᠪᠠᠷᠢᠪᠴᠢᠯᠠᠬᠤ ᠠᠵᠢᠯ ᠢ ᠭᠦᠨᠵᠡᠭᠡᠶᠢᠷᠡᠭᠦᠯᠦᠨ᠂ | ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ | ᠲᠠᠰᠤᠷᠠᠯᠲᠠ ᠦᠭᠡᠢ ᠠᠬᠢᠭᠤᠯᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠵᠢᠯ | ᠡᠷᠬᠢᠯᠡᠭᠰᠡᠳ ᠤᠨ ᠬᠤᠣᠷ ᠴᠠᠭᠠᠵᠠᠯᠠᠬᠤ ᠤᠬᠠᠮᠰᠠᠷ ᠪᠠ ᠪᠠᠶᠢᠴᠠᠭᠠᠵᠤ ᠢᠯᠭᠠᠨ ᠲᠠᠨᠢᠬᠤ ᠴᠢᠳᠠᠪᠤᠷᠢ ᠶᠢ ᠣᠯᠠᠨ ᠠᠷᠭ᠎ᠠ | ᠵᠠᠮ ᠢᠶᠠᠷ ᠳᠡᠭᠡᠭᠰᠢᠯᠡᠭᠦᠯᠪᠡ᠃ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠣᠷ ᠴᠠᠭᠠᠵᠠᠯᠠᠬᠤ | ᠠᠵᠢᠯ ᠤᠨ ᠥᠷᠲᠡᠭᠡ ᠶᠢ ᠪᠣᠳᠠᠲᠠᠶᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠳᠣᠲᠣᠭᠠᠳᠤ ᠶᠢ | ᠬᠠᠮᠠᠭᠠᠯᠠᠬᠤ ᠶᠢᠨ ᠬᠤᠣᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠨᠡᠪᠲᠡᠷᠡᠯᠴᠡᠭᠡ ᠶᠢ | ᠴᠢᠩᠭᠠᠳᠬᠠᠨ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠪᠠᠶᠢᠳᠠᠯ ᠢ ᠮᠡᠳᠡᠭᠳᠡᠬᠦ᠂ ᠰᠦᠪᠡᠭᠴᠢ ᠶᠢ | ᠳᠠᠮᠵᠢᠭᠤᠯᠬᠤ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠮᠵᠢᠯᠴᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠢᠷᠢ ᠲᠦᠪᠰᠢᠨ ᠪᠠ ᠬᠠᠮᠵᠢᠯᠴᠠᠨ ᠲᠠᠮᠡᠴᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠬᠤᠣᠷᠲᠤ ᠡᠳ᠋ ᠢ ᠢᠯᠡᠭᠡᠨ ᠶᠠᠪᠤᠭᠤᠯᠬᠤ ᠠᠷᠭ᠎ᠠ ᠵᠠᠮ ᠢ ᠠᠰᠢᠭᠯᠠᠨ ᠤᠯᠠᠮᠵᠢᠯᠠᠨ ᠲᠠᠷᠬᠠᠭᠠᠬᠤ ᠶᠢ | ᠴᠢᠩᠭ᠎ᠠ ᠰᠡᠷᠭᠡᠶᠢᠯᠡᠪᠡ᠃ | | | |